ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2023 ᠣᠨ ᠤ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ 676 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2023/10/19
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠤᠯᠠᠭᠠᠨᠴᠠᠪ ᠬᠤᠲᠠ ᠶᠢᠨ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ 676 ᠲᠦᠮᠡ ᠪᠠᠭᠤᠯᠭᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠯᠪᠣᠭᠳᠠᠯ ᠪᠦᠬᠦᠢ ᠬᠤᠰᠢᠭᠤ ᠰᠢᠶᠠᠨ ᠪᠣᠯᠣᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠰᠠᠯᠭᠠᠨ ᠥᠭᠭᠦᠭᠰᠡᠨ ᠪᠥᠭᠡᠳ ᠲᠤᠰᠬᠠᠢ ᠬᠥᠮᠥᠷᠭᠡ ᠶᠢᠨ ᠵᠣᠭᠤᠰ ᠢ ᠭᠦᠢᠴᠡᠳ ᠲᠤᠭ᠎ᠠ ᠪᠠᠷ ᠰᠢᠯᠵᠢᠭᠦᠯᠦᠨ ᠥᠭᠭᠦᠭᠰᠡᠨ ᠪᠠᠶᠢᠨ᠎ᠠ᠃ ᠲᠣᠰ ᠲᠥᠷᠥᠯ ᠤᠨ ᠪᠡᠯᠡ ᠮᠥᠩᠭᠦ ᠶᠢ ᠭᠤᠣᠯᠳᠠᠭᠤ ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠤᠭᠤᠬᠤ ᠤᠰᠤᠨ ᠤ ᠬᠦᠴᠢᠷᠳᠡᠯ ᠢ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠤᠰᠤ ᠶᠢ ᠬᠠᠳᠠᠭᠠᠯᠠᠬᠤ᠂ ᠴᠡᠪᠡᠷᠰᠢᠭᠦᠯᠬᠦ ᠪᠠ ᠬᠠᠩᠭᠠᠬᠤ ᠲᠥᠬᠦᠭᠡᠷᠦᠮᠵᠢ ᠶᠢ ᠬᠤᠳᠠᠯᠳᠤᠨ ᠠᠪᠬᠤ᠂ ᠲᠦᠷᠢᠶᠡᠰᠦᠯᠡᠬᠦ ᠵᠢᠴᠢ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠪᠠ ᠡᠭᠦᠰᠦᠮᠡᠯ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ᠂ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠠᠵᠢᠯ ᠳᠤ ᠬᠡᠷᠡᠭᠯᠡᠨ᠎ᠡ᠃      ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠦᠮᠡᠨ ᠢᠶᠠᠷ ᠭᠤᠣᠯᠯᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠬᠦᠴᠦᠯᠡᠨ ᠦᠢᠯᠡᠳᠦᠯᠭᠡᠵᠢᠭᠦᠯᠵᠦ᠂ ᠲᠤᠬᠠᠢ ᠶᠢᠨ ᠭᠠᠵᠠᠷ ᠲᠤ ᠨᠢ ᠬᠢᠨᠠᠨ ᠵᠢᠯᠤᠭᠤᠳᠬᠤ ᠵᠡᠷᠭᠡ ᠠᠷᠭ᠎ᠠ ᠪᠠᠷ ᠳᠠᠮᠵᠢᠭᠤᠯᠤᠨ ᠲᠥᠪ ᠤᠨ ᠡᠳ᠋ ᠤᠨ ᠵᠠᠰᠠᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号