ᠮᠠᠨᠵᠤᠤᠷ᠄ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠮᠡᠳᠡᠭᠡᠯᠡᠯ ᠤᠨ ᠬᠤᠪᠢᠶᠠᠯᠴᠠᠯ ᠳᠤ ︽ᠳ᠋ᠠᠶᠢᠲ᠋ᠠ ᠶᠢ ᠠᠰᠢᠭᠯᠠᠵᠤ ᠪᠠᠶᠢᠨ᠎ᠠ︾
ᠨᠡᠶᠢᠲᠡᠯᠡᠭᠰᠡᠨ ᠴᠠᠭ᠄
2023/10/24
      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠤᠯᠠᠮ ᠨᠠᠶᠢᠳᠠᠪᠤᠷᠢᠵᠢᠭᠤᠯᠵᠤ᠂ ︽ᠳ᠋ᠠᠶᠢᠲ᠋ᠠ ᠶᠢ ᠢᠯᠡᠭᠦᠦ ᠠᠰᠢᠭᠯᠠᠵᠤ ᠂ ᠬᠥᠮᠥᠰ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠦᠨ᠂ ᠥᠯᠥ ᠬᠥᠳᠡᠯᠬᠦ ᠬᠥᠷᠥᠩᠭᠡ ᠶᠢᠨ ᠡᠷᠬᠡ ᠶᠢ ᠮᠡᠳᠡᠭᠡᠯᠡᠯᠵᠢᠭᠦᠯᠦᠨ ᠬᠤᠪᠢᠶᠠᠯᠴᠠᠬᠤ ᠶᠢ ᠤᠯᠠᠮ ᠲᠦᠷᠭᠡᠳᠬᠡᠵᠦ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠮᠠᠨᠵᠤᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠭᠡᠳ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠮᠡᠳᠡᠭᠡᠯᠡᠯ ᠢ ᠬᠤᠪᠢᠶᠠᠯᠴᠠᠬᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃      ᠶᠣᠰᠣᠯᠠᠯ ᠳᠡᠭᠡᠷ᠎ᠡ᠂ ᠬᠤᠶᠠᠷ ᠰᠠᠯᠠᠭ᠎ᠠ ᠮᠥᠴᠢᠷ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳ᠋ᠠᠶᠢᠲ᠋ᠠ ᠶᠢᠨ ᠬᠥᠮᠥᠷᠭᠡ ᠶᠢᠨ ᠮᠡᠳᠡᠭᠡᠯᠡᠯ ᠢ ᠬᠤᠪᠢᠶᠠᠯᠴᠠᠬᠤ ᠬᠠᠮᠲᠤᠷᠠᠯᠴᠠᠭᠠᠨ ᠤ ᠬᠡᠯᠡᠯᠴᠡᠭᠡᠷ︾ ᠪᠣᠯᠣᠨ ︽ᠥᠯᠥ ᠬᠥᠳᠡᠯᠬᠦ ᠬᠥᠷᠥᠩᠭᠡ ᠶᠢᠨ ᠮᠡᠳᠡᠭᠡᠯᠡᠯ ᠤᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠬᠡᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠥᠯᠥ ᠬᠥᠳᠡᠯᠬᠦ ᠬᠥᠷᠥᠩᠭᠡ ᠶᠢᠨ ᠮᠡᠳᠡᠭᠡᠯᠡᠯ ᠢ ᠬᠤᠪᠢᠶᠠᠯᠴᠠᠨ ᠯᠠᠪᠯᠠᠬᠤ ᠶᠢ ᠲᠤᠬᠠᠢ ᠶᠢᠨ ᠲᠠᠯᠠᠪᠤᠷ ᠲᠤ ᠯᠠᠪᠯᠠᠬᠤ ᠠᠴᠠ ᠰᠦᠯᠵᠢᠶ᠎ᠡ ᠪᠠᠷ ᠯᠠᠪᠯᠠᠬᠤ ᠪᠣᠯᠭᠠᠵᠤ ᠂ ᠯᠠᠪᠯᠠᠬᠤ ᠴᠠᠭ ᠢ ᠪᠣᠭᠤᠨᠢᠰᠬᠠᠵᠤ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠪᠡ᠃      ᠥᠯᠥ ᠬᠥᠳᠡᠯᠬᠦ ᠬᠥᠷᠥᠩᠭᠡ ᠶᠢᠨ ᠦᠢᠯᠡᠴᠢᠯᠡᠭᠡᠨ ᠤ ᠲᠥᠪ ᠨᠢ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠳ᠋ᠠᠶᠢᠲ᠋ᠠ ᠪᠠᠨ ᠬᠤᠪᠢᠶᠠᠯᠴᠠᠵᠤ ᠂ ᠬᠠᠮᠵᠢᠯᠴᠠᠨ ᠯᠠᠪᠯᠠᠬᠤ ᠶᠢ ᠰᠦᠯᠵᠢᠶᠡᠨ ᠠᠴᠠ ᠭᠠᠳᠠᠨ᠎ᠠ ︽ᠨᠢᠭᠤᠷᠳᠠᠨ ᠠᠵᠢᠯᠯᠠᠵᠤ ︾ ᠪᠠᠶᠢᠭᠰᠠᠨ ᠠᠴᠠ ᠰᠦᠯᠵᠢᠶᠡᠨ ᠳᠡᠭᠡᠷ᠎ᠡ ᠠᠴᠠ ᠯᠠᠪᠯᠠᠬᠤ ᠪᠣᠯᠭᠠᠵᠤ᠂ ︽ᠣᠯᠠᠨ ᠲᠦᠮᠡᠨ ᠢ ᠨᠠᠭᠠᠰᠢ ᠴᠠᠭᠠᠰᠢ ᠭᠦᠶᠦᠯᠭᠡᠬᠦ ︾ ᠠᠴᠠ ︽ᠳ᠋ᠠᠶᠢᠲ᠋ᠠ ᠶᠢ ᠠᠰᠢᠭᠯᠠᠬᠤ ︾ ᠪᠣᠯᠣᠭᠰᠠᠨ ᠰᠢᠨ᠎ᠡ ᠠᠷᠭ᠎ᠠ ᠬᠡᠮᠵᠢᠶ᠎ᠡ ᠮᠥᠨ᠃      ᠣᠳᠣᠬᠠᠨ ᠪᠣᠯᠲᠠᠯ᠎ᠠ᠂ ᠮᠠᠨᠵᠤᠤᠷ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠦᠢᠯᠡᠴᠢᠯᠡᠭᠡᠨ ᠤ ᠲᠥᠪ ᠬᠢᠭᠡᠳ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠥᠪ ᠂ ᠮᠠᠨᠵᠤᠤᠷ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠵᠢᠴᠢ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠴᠥᠮ ᠳ᠋ᠠᠶᠢᠲ᠋ᠠ ᠶᠢ ᠬᠤᠪᠢᠶᠠᠯᠴᠠᠬᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠡᠬᠢ ᠪᠠᠶᠠᠯᠢᠭ ᠢ ᠠᠷᠪᠢᠯᠠᠵᠤ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠦᠭᠰᠡᠨ ᠪᠥᠭᠡᠳ ᠬᠤᠳᠠᠯᠳᠤᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠲᠦᠭᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号