2023 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠶᠡᠭᠡ ᠬᠤᠷᠠᠯ ᠡᠬᠢᠯᠡᠪᠡ ᠪᠠᠢ ᠴᠢᠩ ᠶᠤᠸᠠᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/10/27
     10 ᠳ᠋ᠤᠭᠠᠷ ᠰᠠᠷ᠎ᠠ ᠶᠢᠨ 26 ᠤ ᠡᠳᠦᠷ᠂ ︽ᠪᠣᠬᠢᠷᠲᠤᠯ ᠦᠭᠡᠢ ᠬᠥᠭᠵᠢᠯᠲᠡ  ᠨᠡᠭᠦᠷᠡᠰᠦᠲᠥ᠋ᠷᠥᠭᠴᠢ ᠦᠭᠡᠢ ᠢᠷᠡᠭᠡᠳᠦᠢ︾ ᠪᠠᠷ ᠰᠡᠳᠦᠪᠯᠡᠭᠰᠡᠨ 2023 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠶᠡᠭᠡ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠣᠷᠣᠯᠴᠠᠪᠠ ᠃     ᠲᠤᠰ ᠤᠳᠠᠭᠠᠨ ᠤ ᠶᠡᠭᠡ ᠬᠤᠷᠠᠯ ᠨᠢ ᠣᠷᠳᠣᠰ ᠬᠤᠳᠠ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠳ ᠢ ᠲᠥᠪᠯᠡᠷᠡᠭᠦᠯᠦᠨ ᠦᠵᠡᠭᠦᠯᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠳᠠᠭᠠᠭᠤᠯᠤᠭᠴᠢ᠂ ᠮᠡᠷᠭᠡᠵᠢᠯᠲᠡᠨ ᠡᠷᠳᠡᠮᠲᠡᠨ ᠂ ᠪᠠᠶᠢᠭᠤᠯᠤᠮᠵᠢ ᠪᠣᠯᠣᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠯᠥᠭᠡᠯᠡᠭᠴᠢᠳ ᠢ ᠤᠷᠢᠵᠤ ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠰᠢᠨ᠎ᠡ ᠵᠠᠭᠪᠤᠷ ᠪᠣᠯᠣᠨ ᠤᠳᠤ ᠦᠶ᠎ᠡ ᠶᠢᠨ ᠡᠨᠧᠷᠭᠢ ᠵᠢᠴᠢ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠶᠠᠷᠢᠯᠴᠠᠵᠠᠭᠠᠪᠠ ᠃ ᠡᠬᠢᠯᠡᠯᠲᠡ ᠶᠢᠨ ᠶᠣᠰᠣᠯᠠᠯ ᠳᠡᠭᠡᠷ᠎ᠡ ᠂ ᠬᠥᠬᠡᠬᠤᠲᠠ ᠂ ᠪᠤᠭᠤᠲᠤ ᠂ ᠣᠷᠳᠣᠰ ᠪᠣᠯᠣᠨ ᠤᠯᠠᠭᠠᠨᠴᠠᠪ ᠵᠡᠷᠭᠡ ᠭᠠᠵᠠᠷ ᠤᠨ ᠥᠪᠥᠷ ᠮᠣᠩᠭᠤᠯ ᠤᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠪᠣᠯᠣᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠵᠠᠯᠭᠠᠨ ᠦᠵᠡᠭᠦᠯᠵᠡᠢ ︔ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠮᠵᠢᠶᠠᠲᠤ ᠪᠠᠶᠢᠭᠤᠯᠤᠮᠵᠢ ᠵᠢᠴᠢ ᠠᠵᠤ ᠠᠬᠤᠶᠢᠯᠠᠯ ᠤᠳ ᠨᠡᠭᠦᠷᠡᠰᠦᠲᠥ᠋ᠷᠥᠭᠴᠢ ᠦᠭᠡᠢ ᠤᠯᠠᠨ ᠤᠯᠤᠰ ᠤᠨ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠵᠢᠴᠢ ᠪᠣᠬᠢᠷᠲᠤᠯ ᠦᠭᠡᠢ ᠠᠷᠠᠯᠵᠢᠶᠠᠨ ᠤ ᠣᠷᠳᠣᠰ ᠲᠠᠬᠢ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号