10 ᠳ᠋ᠤᠭᠠᠷ ᠰᠠᠷ᠎ᠠ ᠶᠢᠨ 26 ᠤ ᠡᠳᠦᠷ᠂ ︽ᠪᠣᠬᠢᠷᠲᠤᠯ ᠦᠭᠡᠢ ᠬᠥᠭᠵᠢᠯᠲᠡ ᠨᠡᠭᠦᠷᠡᠰᠦᠲᠥ᠋ᠷᠥᠭᠴᠢ ᠦᠭᠡᠢ | ᠢᠷᠡᠭᠡᠳᠦᠢ︾ ᠪᠠᠷ ᠰᠡᠳᠦᠪᠯᠡᠭᠰᠡᠨ 2023 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ | ᠶᠡᠭᠡ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠣᠷᠣᠯᠴᠠᠪᠠ ᠃ | ᠲᠤᠰ ᠤᠳᠠᠭᠠᠨ ᠤ ᠶᠡᠭᠡ ᠬᠤᠷᠠᠯ ᠨᠢ ᠣᠷᠳᠣᠰ ᠬᠤᠳᠠ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠳ ᠢ ᠲᠥᠪᠯᠡᠷᠡᠭᠦᠯᠦᠨ ᠦᠵᠡᠭᠦᠯᠵᠦ ᠂ ᠤᠯᠤᠰ ᠤᠨ ᠳᠣᠲᠣᠭᠠᠳᠤ | ᠭᠠᠳᠠᠭᠠᠳᠤ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠳᠠᠭᠠᠭᠤᠯᠤᠭᠴᠢ᠂ ᠮᠡᠷᠭᠡᠵᠢᠯᠲᠡᠨ ᠡᠷᠳᠡᠮᠲᠡᠨ ᠂ | ᠪᠠᠶᠢᠭᠤᠯᠤᠮᠵᠢ ᠪᠣᠯᠣᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠯᠥᠭᠡᠯᠡᠭᠴᠢᠳ ᠢ ᠤᠷᠢᠵᠤ ᠂ | ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠰᠢᠨ᠎ᠡ ᠵᠠᠭᠪᠤᠷ ᠪᠣᠯᠣᠨ ᠤᠳᠤ ᠦᠶ᠎ᠡ ᠶᠢᠨ ᠡᠨᠧᠷᠭᠢ ᠵᠢᠴᠢ ᠠᠵᠤ | ᠦᠢᠯᠡᠳᠪᠦᠷᠢ ᠶᠢᠨ ᠲᠣᠭᠲᠠᠯᠴᠠᠭ᠎ᠠ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠶᠠᠷᠢᠯᠴᠠᠵᠠᠭᠠᠪᠠ ᠃ | ᠡᠬᠢᠯᠡᠯᠲᠡ ᠶᠢᠨ ᠶᠣᠰᠣᠯᠠᠯ ᠳᠡᠭᠡᠷ᠎ᠡ ᠂ ᠬᠥᠬᠡᠬᠤᠲᠠ ᠂ ᠪᠤᠭᠤᠲᠤ ᠂ ᠣᠷᠳᠣᠰ ᠪᠣᠯᠣᠨ ᠤᠯᠠᠭᠠᠨᠴᠠᠪ ᠵᠡᠷᠭᠡ ᠭᠠᠵᠠᠷ ᠤᠨ | ᠥᠪᠥᠷ ᠮᠣᠩᠭᠤᠯ ᠤᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠪᠣᠯᠣᠨ ᠰᠢᠨ᠎ᠡ ᠡᠨᠧᠷᠭᠢ ᠶᠢᠨ ᠠᠵᠤ | ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠵᠠᠯᠭᠠᠨ ᠦᠵᠡᠭᠦᠯᠵᠡᠢ ︔ | ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠮᠵᠢᠶᠠᠲᠤ ᠪᠠᠶᠢᠭᠤᠯᠤᠮᠵᠢ ᠵᠢᠴᠢ ᠠᠵᠤ | ᠠᠬᠤᠶᠢᠯᠠᠯ ᠤᠳ ᠨᠡᠭᠦᠷᠡᠰᠦᠲᠥ᠋ᠷᠥᠭᠴᠢ ᠦᠭᠡᠢ ᠤᠯᠠᠨ ᠤᠯᠤᠰ ᠤᠨ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠵᠢᠴᠢ | ᠪᠣᠬᠢᠷᠲᠤᠯ ᠦᠭᠡᠢ ᠠᠷᠠᠯᠵᠢᠶᠠᠨ ᠤ ᠣᠷᠳᠣᠰ ᠲᠠᠬᠢ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ ᠃ | | |