ᠬᠢᠩᠭᠠᠨ ᠠᠶᠢᠮᠠᠭ ᠲᠠᠬᠢ ᠶᠤᠸᠠᠨ ᠯᠦᠩ ᠫᠢᠩ ᠠᠺᠠᠳᠧᠮᠢᠴᠢ ᠶᠢᠨ ᠠᠵᠢᠯ ᠤᠨ ᠥᠷᠲᠡᠭᠡ ᠬᠤᠵᠢᠷᠯᠢᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠮ ᠢ ᠭᠠᠷᠭᠠᠪᠠ  ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ 5 ᠵᠢᠯ ᠳᠠᠷᠠᠭᠠᠯᠠᠨ ᠮᠢᠩᠭᠠᠨ ᠵᠢᠩ ᠢ ᠳᠠᠪᠠᠪᠠ︕
ᠨᠡᠶᠢᠲᠡᠯᠡᠭᠰᠡᠨ ᠴᠠᠭ᠄
2023/10/7
      ︽ ᠬᠤᠣᠰ ᠪᠠᠶᠠᠷ ︾ ᠤᠨ ᠠᠮᠠᠷᠠᠯᠲᠠ ᠠᠴᠠ ᠡᠮᠦᠨᠡᠬᠡᠨ ᠂ ᠬᠢᠩᠭᠠᠨ ᠠᠶᠢᠮᠠᠭ ᠲᠠᠬᠢ ᠶᠤᠸᠠᠨ ᠯᠦᠩ ᠫᠢᠩ ᠠᠺᠠᠳᠧᠮᠢᠴᠢ ᠶᠢᠨ ᠠᠵᠢᠯ ᠤᠨ ᠦᠷᠲᠡᠭᠡ ᠪᠠᠶᠢᠭᠤᠯᠤᠭᠳᠠᠭᠰᠠᠨ ᠲᠠᠪᠤᠨ ᠵᠢᠯ ᠤᠨ ᠤᠢ ᠵᠢᠴᠢ 2023 ᠣᠨ ᠤ ᠴᠢᠨᠠᠷ ᠰᠠᠶᠢᠲᠠᠢ ᠤᠰᠤᠨ ᠲᠤᠲᠤᠷᠭ᠎ᠠ ᠶᠢᠨ ᠤᠨᠠᠯᠲᠠ ᠶᠢ ᠬᠡᠮᠵᠢᠬᠦ ᠦᠵᠡᠭᠦᠯᠭᠡ ᠳᠡᠭᠡᠷ᠎ᠡ ᠂ ᠬᠤᠨᠠᠨ ᠤ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠶᠤᠸᠠᠨ ᠳ᠋ᠢᠩ ᠶᠠᠩ ︽ᠮᠦ ᠪᠦᠷᠢ ᠶᠢᠨ ᠤᠨᠠᠯᠲᠠ 552.1 ᠺᠢᠯᠣᠭ᠍ᠷᠠᠮ︕ ᠮᠦ ᠪᠦᠷᠢ ᠶᠢᠨ ᠤᠨᠠᠯᠲᠠ ᠰᠠᠶᠢᠨ ᠠᠮᠵᠢᠯᠲᠠ ᠣᠯᠵᠠᠢ︾ ᠭᠡᠵᠦ ᠰᠡᠳᠬᠢᠯ ᠳᠣᠭᠳᠣᠯᠤᠨ ᠵᠠᠷᠯᠠᠪᠠ ᠃      9 ᠳ᠋ᠦ᠋ᠭᠡᠷ ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠤᠰᠤᠨ ᠲᠤᠲᠤᠷᠭ᠎ᠠ ᠶᠢᠨ ᠰᠤᠳᠤᠯᠭᠠᠨ ᠤ ᠭᠠᠵᠠᠷ᠂ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠢᠩᠰᠢᠶᠠ ᠶᠢᠨ ᠲᠠᠷᠢᠶᠠᠯᠠᠩ ᠪᠠ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠲᠦᠩᠯᠢᠶᠣᠣ ᠬᠤᠲᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠵᠡᠷᠭᠡ ᠶᠢᠨ 7 ᠮᠡᠷᠭᠡᠵᠢᠯᠲᠡᠨ ᠤᠨᠠᠯᠲᠠ ᠶᠢ ᠬᠡᠮᠵᠢᠬᠦ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠦ᠂ ᠤᠯᠠᠭᠠᠨᠬᠤᠲᠠ ᠪᠣᠯᠣᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠲᠤᠲᠤᠷᠭ᠎ᠠ ᠶᠢᠨ ᠰᠠᠭᠤᠷᠢᠨ ᠭᠠᠵᠠᠷ ᠠᠴᠠ 3 ᠬᠡᠰᠡᠭ ᠲᠤᠲᠤᠷᠭᠠᠨ ᠤ ᠲᠠᠷᠢᠶ᠎ᠠ ᠶᠢ ᠰᠣᠩᠭᠤᠨ ᠬᠠᠳᠤᠵᠤ ᠤᠨᠠᠯᠲᠠ ᠶᠢ ᠬᠡᠮᠵᠢᠪᠡ᠃ ᠲᠥᠰᠥᠭᠡᠯᠡᠭᠰᠡᠨ ᠢᠶᠠᠷ ᠂ ᠠᠩᠬᠢᠯᠤᠮ᠎ᠠ ᠬᠡᠯᠪᠡᠷᠢ ᠶᠢᠨ ᠴᠢᠨᠠᠷ ᠰᠠᠶᠢᠲᠠᠢ ᠤᠰᠤᠨ ᠲᠤᠲᠤᠷᠭ᠎ᠠ ᠶᠢᠨ ᠡᠭᠦᠯᠳᠡᠷ ︽X56 ︾ ᠶᠢᠨ ᠮᠦ ᠪᠦᠷᠢ ᠶᠢᠨ ᠳᠤᠮᠳᠠᠴᠢ ᠤᠨᠠᠯᠲᠠ 594.6 ᠺᠢᠯᠣᠭ᠍ᠷᠠᠮ ᠂ ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠶᠢᠨ ᠡᠭᠦᠯᠳᠡᠷ ᠤᠨ ︽ᠰᠢᠩ ᠵᠢᠩ 17︾ ᠶᠢᠨ ᠮᠦ ᠪᠦᠷᠢ ᠶᠢᠨ ᠳᠤᠮᠳᠠᠴᠢ ᠤᠨᠠᠯᠲᠠ 552.1 ᠺᠢᠯᠣᠭ᠍ᠷᠠᠮ ᠪᠠᠶᠢᠵᠤ᠂ ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠨᠢ 5 ᠵᠢᠯ ᠳᠠᠷᠠᠭᠠᠯᠠᠨ 500 ᠺᠢᠯᠣᠭ᠍ᠷᠠᠮ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠮᠠᠷᠠᠲᠤ ᠬᠢᠯᠢ ᠶᠢᠨ ᠬᠤᠵᠢᠷᠯᠢᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠮ ᠭᠠᠷᠭᠠᠵᠠᠢ᠃      ᠬᠢᠩᠭᠠᠨ ᠠᠶᠢᠮᠠᠭ ᠤᠮᠠᠷᠠᠲᠤ ᠥᠷᠭᠡᠷᠢᠭ ᠤᠨ 46° ᠤᠨ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ ᠠᠮᠢ ᠠᠬᠤᠢ ᠶᠢᠨ ᠬᠦᠷᠢᠶᠡᠨ ᠳᠤ ᠣᠷᠣᠰᠢᠵᠤ᠂ ᠳᠡᠯᠡᠬᠡᠢ ᠪᠠᠷ ᠢᠶᠠᠨ ᠮᠡᠳᠡᠷᠡᠭᠰᠡᠨ ᠬᠦᠢᠲᠡᠨ ᠭᠠᠵᠠᠷ ᠤᠨ ᠤᠰᠤᠨ ᠲᠤᠲᠤᠷᠭ᠎ᠠ ᠶᠢᠨ ᠰᠠᠶᠢᠨ ᠣᠷᠣᠨ ᠪᠣᠯᠣᠨ᠎ᠠ᠃ 2018 ᠣᠨ ᠳᠤ ᠂ ᠠᠺᠠᠳᠧᠮᠢᠴᠢ ᠶᠤᠸᠠᠨ ᠯᠦᠩ ᠫᠢᠩ ᠬᠢᠩᠭᠠᠨ ᠠᠶᠢᠮᠠᠭ ᠲᠤ ᠠᠺᠠᠳᠧᠮᠢᠴᠢ ᠮᠡᠷᠭᠡᠵᠢᠯᠲᠡᠨ ᠤ ᠠᠵᠢᠯ ᠤᠨ ᠦᠷᠳᠡᠭᠡ ᠪᠠᠶᠢᠭᠤᠯᠵᠠᠢ ᠃ ᠲᠠᠪᠤᠨ ᠵᠢᠯ ᠤᠨ ᠲᠤᠷᠰᠢ ᠂ ᠶᠤᠸᠠᠨ ᠯᠦᠩ ᠫᠢᠩ ᠠᠺᠠᠳᠧᠮᠢᠴᠢ ᠶᠢᠨ ᠪᠦᠯᠬᠦᠮ ︽ ᠭᠤᠷᠪᠠᠨ ᠵᠢᠯ ᠤᠨ ᠳᠣᠲᠣᠷ᠎ᠠ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠮᠦ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠬᠦ ︾ ᠬᠠᠷᠠᠯᠲᠠ ᠶᠢᠨ ᠮᠡᠷᠭᠡᠵᠢᠯ ᠤᠨ ᠵᠠᠭᠪᠤᠷ ᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠤᠨᠠᠯᠲᠠ ᠶᠢᠨ ᠰᠢᠨ᠎ᠡ ᠲᠡᠮᠳᠡᠭᠯᠡᠯ ᠢ ᠡᠭᠦᠳᠴᠡᠢ ᠃ ᠤᠯᠤᠰ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠬᠢᠩᠭᠠᠨ ᠠᠶᠢᠮᠠᠭ ᠲᠠᠬᠢ ᠬᠤᠪᠢᠶᠠᠷᠢ ᠲᠥᠪ ᠂ ᠤᠯᠤᠰ ᠤᠨ ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠢᠩᠭᠠᠨ ᠠᠶᠢᠮᠠᠭ ᠲᠠᠬᠢ ᠬᠤᠪᠢᠶᠠᠷᠢ ᠲᠥᠪ ᠂ ᠤᠯᠤᠰ ᠤᠨ ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠢᠩᠭᠠᠨ ᠠᠶᠢᠮᠠᠭ ᠲᠠᠬᠢ ᠲᠤᠷᠰᠢᠯᠲᠠ ᠶᠢᠨ ᠰᠠᠭᠤᠷᠢᠨ ᠵᠡᠷᠭᠡ ᠤᠯᠤᠰ ᠤᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠫᠠᠶᠢᠰᠠ ᠡᠯᠭᠦᠨ ᠪᠠᠶᠢᠭᠤᠯᠪᠠ ︔ ᠰᠢᠯᠢᠳᠡᠭ ᠤᠰᠤᠨ ᠲᠤᠲᠤᠷᠭ᠎ᠠ ᠶᠢᠨ ᠰᠢᠨ᠎ᠡ ᠤᠳᠤᠮ ᠢ 13 ᠂ ᠰᠢᠨ᠎ᠡ ᠡᠭᠦᠯᠳᠡᠷ ᠢ 3 ᠶᠢ ᠰᠣᠩᠭᠤᠨ ᠪᠣᠶᠢᠵᠢᠭᠤᠯᠵᠤ ᠂ ᠰᠢᠯᠢᠳᠡᠭ ᠤᠰᠤᠨ ᠲᠤᠲᠤᠷᠭ᠎ᠠ ᠶᠢᠨ ᠰᠢᠨ᠎ᠡ ᠤᠳᠤᠮ ᠂ ᠰᠢᠨ᠎ᠡ ᠡᠭᠦᠯᠳᠡᠷ ᠢ ᠳᠡᠯᠭᠡᠷᠡᠭᠦᠯᠬᠦ ᠲᠠᠯᠠᠪᠠᠢ ᠶᠢ 10 ᠲᠦᠮᠡᠨ ᠮᠦ ᠳᠤ ᠬᠦᠷᠦᠭᠦᠯᠪᠡ ︔ ᠶᠤᠸᠠᠨ ᠮᠧᠩ ᠲᠥᠯᠥᠪᠯᠡᠭᠡ ᠶᠢᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ ᠬᠢᠩᠭᠠᠨ ᠠᠶᠢᠮᠠᠭ ᠤᠨ ᠲᠤᠲᠤᠷᠭ᠎ᠠ ᠶᠢᠨ ᠠᠯᠳᠠᠷ ᠢ ᠤᠯᠠᠮ ᠳᠠᠭᠤᠷᠢᠰᠬᠠᠪᠠ ᠃      ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠸᠧᠢ ᠵᠢᠦ ᠴᠢᠶᠠᠩ ᠢᠯᠡᠷᠬᠡᠶᠢᠯᠡᠭᠰᠡᠨ ᠨᠢ ᠂ ᠬᠢᠩᠭᠠᠨ ᠠᠶᠢᠮᠠᠭ ︽ 14 · 5 ︾ ᠶᠢᠨ ᠬᠤᠭᠤᠴᠠᠭᠠᠨ ᠳᠤ ᠤᠰᠤᠨ ᠲᠤᠲᠤᠷᠭ᠎ᠠ ᠶᠢᠨ ᠰᠢᠯᠢᠳᠡᠭ ᠡᠭᠦᠯᠳᠡᠷ ᠢ ᠳᠠᠬᠢᠨ 3 – 5 ᠰᠣᠩᠭᠤᠨ ᠪᠣᠶᠢᠵᠢᠭᠤᠯᠵᠤ᠂ ᠨᠡᠶᠢᠲᠡ 70 ᠲᠦᠮᠡᠨ ᠮᠦ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠤᠨ ᠳᠠᠷᠢᠬᠤ ᠲᠠᠯᠠᠪᠠᠶ ᠶᠢ ᠳᠡᠯᠭᠡᠷᠡᠭᠦᠯᠦᠨ᠂ 10 ᠲᠦᠮᠡᠨ ᠮᠦ ᠡᠭᠦᠯᠳᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ ᠦᠢᠯᠡᠰ ᠤᠨ ᠬᠡᠪᠴᠢᠶᠡᠵᠢᠭᠰᠡᠨ ᠂ ᠲᠡᠮᠳᠡᠭᠵᠢᠭᠰᠡᠨ ᠂ ᠠᠭᠤᠰᠤᠯᠴᠠᠭᠰᠠᠨ ᠬᠥᠭᠵᠢᠯᠲᠡ ᠶᠢ ᠠᠬᠢᠭᠤᠯᠵᠤ᠂ ᠤᠰᠤᠨ ᠲᠤᠲᠤᠷᠭ᠎ᠠ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号