ᠬᠥᠯᠥᠨ ᠪᠤᠶᠢᠷ ᠬᠤᠲᠠ ᠶᠢᠨ 2023 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠤᠨ 97.44% ᠨᠢ ᠳᠠᠭᠤᠰᠪᠠ
ᠨᠡᠶᠢᠲᠡᠯᠡᠭᠰᠡᠨ ᠴᠠᠭ᠄
2023/10/8
      ᠡᠨᠡ ᠵᠢᠯ ᠤᠨ 1 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠯᠦᠭᠡ ᠬᠠᠮᠲᠤᠷᠠᠨ ᠡᠯ᠎ᠡ ᠬᠤᠰᠢᠭᠤ ᠪᠠ ᠬᠤᠲᠠ ᠶᠢᠨ ᠲᠣᠭᠤᠷᠢᠭ ᠢ ᠵᠣᠬᠢᠶᠠᠨ ᠪᠠᠶᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠶᠢᠳᠠᠯ ᠢ ᠬᠠᠨᠳᠤᠯᠭ᠎ᠠ ᠲᠠᠢ ᠪᠠᠷ ᠪᠠᠶᠢᠴᠠᠭᠠᠨ ᠣᠶᠢᠯᠠᠭᠠᠪᠠ ᠃ ᠬᠤᠰᠢᠭᠤ ᠪᠠ ᠬᠤᠲᠠ ᠶᠢᠨ ᠲᠣᠭᠤᠷᠢᠭ ᠤᠨ ᠨᠤᠲᠠᠯᠠᠭᠰᠠᠨ ᠢᠶᠠᠷ ᠂ ᠪᠥᠬᠦ ᠬᠤᠲᠠ ᠶᠢᠨ 2023 ᠣᠨ ᠳᠤ ᠮᠠᠯᠵᠢᠬᠤ ᠲᠠᠷᠢᠶᠠᠯᠠᠬᠤ ᠣᠷᠣᠨ ᠳᠤ ᠨᠤᠷᠠᠬᠤ ᠠᠶᠤᠯᠲᠠᠢ ᠭᠡᠷ ᠪᠠᠶᠢᠰᠢᠩ ᠢᠶᠠᠨ ᠰᠢᠨᠡᠳᠬᠡᠨ ᠵᠠᠰᠠᠬᠤ ᠬᠡᠷᠡᠭᠴᠡᠭᠡ ᠲᠠᠢ ᠡᠷᠦᠬᠡ 39 ᠪᠠᠶᠢᠨ᠎ᠠ᠃ 2 ᠳ᠋ᠤᠭᠠᠷ ᠰᠠᠷ᠎ᠠ ᠶᠢᠨ ᠰᠡᠭᠦᠯᠴᠢ ᠪᠠᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠯᠦᠭᠡ ᠬᠠᠮᠲᠤᠷᠠᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠬᠡᠷᠡᠭᠴᠡᠭᠡ ᠶᠢ ᠳᠡᠭᠡᠭᠰᠢ ᠮᠡᠳᠡᠭᠦᠯᠵᠦ᠂ ᠲᠥᠷᠥ ᠶᠢᠨ ᠪᠣᠳᠣᠯᠭ᠎ᠠ ᠳᠤ ᠨᠡᠶᠢᠴᠡᠬᠦ ᠬᠥᠳᠡᠯᠦᠩᠭᠦᠢ ᠪᠠᠷ ᠨᠡᠮᠡᠭᠳᠡᠭᠰᠡᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠵᠡᠷᠭᠡ ᠭᠤᠣᠯᠳᠠᠯᠭ᠎ᠠ ᠲᠠᠢ ᠡᠲᠡᠭᠡᠳ ᠢ ᠴᠠᠭ ᠲᠤᠬᠠᠢ ᠳᠤ ᠨᠢ 2023 ᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠳᠡᠮᠵᠢᠬᠦ ᠬᠡᠪᠴᠢᠶᠡᠨ ᠳᠤ ᠣᠷᠣᠭᠤᠯᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽2023 ᠣᠨ ᠤ ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠪᠠ᠃      ᠣᠲᠣ ᠪᠣᠯᠲᠠᠯ᠎ᠠ᠂ ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ 39 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠪᠦᠬᠦᠨ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 100% ᠳᠤ ᠬᠦᠷᠴᠦ᠂ 38 ᠡᠷᠦᠬᠡ ᠶᠢᠨ ᠠᠵᠢᠯ ᠢ ᠳᠠᠭᠤᠰᠬᠠᠵᠤ᠂ ᠠᠵᠢᠯ ᠳᠠᠭᠤᠰᠬᠠᠭᠰᠠᠨ ᠨᠣᠷᠮ᠎ᠠ ᠨᠢ 97.44% ᠳᠤ ᠬᠥᠷᠪᠡ ᠃ 2023 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠥᠬᠦᠪᠦᠷᠢ ᠪᠡᠯᠡ ᠮᠥᠩᠭᠦ ᠶᠢ 23.4 ᠲᠦᠮᠡᠨ ᠲᠥᠭᠦᠷᠢᠭ ᠂ ᠬᠤᠲᠠ ᠶᠢᠨ ᠲᠣᠰ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠨᠥᠬᠦᠪᠦᠷᠢ ᠪᠡᠯᠡ ᠮᠥᠩᠭᠦ ᠶᠢ 6 ᠲᠦᠮᠡᠨ ᠲᠥᠭᠦᠷᠢᠭ ᠪᠠᠭᠤᠯᠭᠠᠪᠠ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号