ᠪᠤᠭᠤᠲᠤ ᠬᠤᠲᠠ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠪᠥᠬᠦ ᠬᠦᠴᠦᠨ ᠢᠶᠠᠷ ᠪᠠᠲᠤᠯᠠᠵᠤ ᠪᠣᠢ
ᠨᠡᠶᠢᠲᠡᠯᠡᠭᠰᠡᠨ ᠴᠠᠭ᠄
2023/10/9
      ᠨᠠᠮ ᠤᠨ ᠬᠤᠷᠢᠳᠤᠭᠠᠷ ᠶᠡᠭᠡ ᠬᠤᠷᠠᠯ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠶᠡᠷᠦᠩᠬᠡᠢ ᠱᠦᠵᠢ ᠰᠢ ᠶᠢᠨ ᠫᠢᠩ᠄ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠠᠪᠤᠳᠠᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠨ ᠴᠢᠬᠤᠯᠠ ᠶᠡᠭᠡ ᠮᠥᠷᠲᠡᠭᠡᠨ ᠪᠠᠴᠢᠮ ᠲᠤᠯᠭᠠᠮ ᠡᠭᠦᠷᠭᠡ ᠪᠣᠯᠭᠠᠨ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ  ᠃      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠤᠭᠤᠲᠤ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠤᠨ ᠂ ᠬᠤᠳᠠ ᠶᠢᠨ ᠲᠤᠰ ᠱᠠᠲᠤᠨ ᠤ ᠵᠣᠯᠭᠠᠭᠤᠯᠬᠤ ᠪᠡᠯᠡ ᠮᠥᠩᠭᠦ ᠶᠢ 607.5 ᠲᠦᠮᠡᠨ ᠲᠥᠭᠦᠷᠢᠭ ᠲᠣᠬᠢᠷᠠᠭᠤᠯᠵᠤ ᠂ ᠭᠠᠴᠠᠭ᠎ᠠ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠳᠤ ᠬᠡᠷᠡᠭᠯᠡᠭᠦᠯᠪᠡ ᠃ 2023 ᠣᠨ ᠳᠤ᠂ ᠪᠤᠭᠤᠲᠤ ᠬᠤᠲᠠ ᠨᠡᠶᠢᠲᠡ 27 ᠭᠠᠴᠠᠭ᠎ᠠ ᠲᠣᠰᠬᠤᠨ ᠢ ᠲᠡᠳᠬᠦᠵᠦ ᠂ ᠡᠭᠦᠨ ᠳᠤ᠄ ᠲᠥᠪ ᠠᠴᠠ 15 ᠭᠠᠴᠠᠭ᠎ᠠ ᠲᠣᠰᠬᠤᠨ ᠢ ᠲᠡᠳᠬᠦᠵᠦ ᠂ ᠲᠣᠰᠬᠤᠨ ᠪᠦᠷᠢ ᠳᠤ 12.5 ᠲᠦᠮᠡᠨ ᠲᠥᠭᠦᠷᠢᠭ ᠢᠵᠢ ᠲᠦᠬᠦᠷᠵᠢᠭᠦᠯᠪᠡ ︔ ᠥᠪᠡᠷᠲᠡᠭᠡᠨ ᠵᠠᠰᠠᠬᠤ ᠣᠷᠣᠨ ᠠᠴᠠ 12 ᠭᠠᠴᠠᠭ᠎ᠠ ᠲᠣᠰᠬᠤᠨ ᠢ ᠲᠡᠳᠬᠦᠵᠦ ᠂ ᠲᠣᠰᠬᠤᠨ ᠪᠦᠷᠢ ᠳᠤ 35 ᠲᠦᠮᠡᠨ ᠲᠥᠭᠦᠷᠢᠭ ᠢᠵᠢ ᠲᠦᠬᠦᠷᠵᠢᠭᠦᠯᠪᠡ ᠃      ᠲᠣᠰ ᠤᠳᠠᠭᠠᠨ ᠪᠡᠯᠡ ᠮᠥᠩᠭᠦ ᠪᠠᠭᠤᠯᠭᠠᠭᠰᠠᠨ ᠨᠢ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠪᠡᠷ ᠢ ᠪᠠᠨ ᠪᠠᠲᠤᠯᠠᠬᠤ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠤᠯᠠᠮ ᠴᠢᠩᠭᠠᠳᠬᠠᠬᠤ ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠭᠤᠯᠬᠤ ᠬᠦᠴᠦᠨ᠂ ᠳᠠᠶᠢᠴᠢᠨ ᠬᠦᠴᠦᠨ ᠢᠶᠠᠨ ᠳᠡᠭᠡᠭᠰᠢᠯᠡᠭᠦᠯᠬᠦ ᠂ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠪᠠ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠦᠢᠯᠡᠳᠦᠯ ᠪᠠᠳᠠᠷᠠᠭᠤᠯᠬᠤ ᠪᠣᠯᠣᠨ᠎ᠠ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号