ᠨᠢᠭᠡ᠂ ᠲᠣᠭᠲᠠᠭᠠᠭᠰᠠᠨ ᠠᠬᠤᠶ ᠪᠠᠶᠢᠳᠠᠯ | ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠭᠤᠷᠪᠠᠨ ᠬᠢᠵᠠᠭᠠᠷᠯᠠᠬᠤ | ᠱᠤᠭᠤᠮ ᠢ ᠨᠢᠭᠡᠳᠦᠯᠲᠡᠶ ᠲᠥᠯᠥᠪᠯᠡᠨ ᠲᠣᠭᠲᠠᠭᠠᠵᠤ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠵᠢᠯᠣᠭᠤᠳᠬᠤ ᠰᠠᠨᠠᠯ︾ ᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ︽ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤᠯᠤᠰ ᠤᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︵ᠲᠤᠷᠰᠢᠨ ᠬᠡᠷᠡᠭᠵᠢᠭᠦᠯᠬᠦ︶︾ ︵ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠲᠠᠷᠬᠠᠭᠠᠭᠰᠠᠨ ﹇2022﹈ 142 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠠᠮᠢ | ᠠᠬᠤᠶ ᠶᠢᠨ ᠴᠢᠳᠠᠮᠵᠢ ᠶᠢ ᠪᠠᠲᠤᠯᠠᠨ ᠬᠠᠮᠠᠭᠠᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠴᠢᠩᠭ᠎ᠠ ᠰᠠᠬᠢᠵᠤ᠂ ᠥᠪᠡᠷᠲᠡᠭᠡᠨ ᠵᠠᠰᠠᠬᠤ ᠣᠷᠣᠨ ᠠᠴᠠ ︽ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︵︽ | ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠪᠠ᠃ 142 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ | ᠢᠯᠡ ᠪᠣᠯᠭᠠᠬᠤ ᠠᠷᠭ᠎ᠠ ᠮᠠᠶ᠋ᠢᠭ ᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠣᠯᠤᠨ᠎ᠠ᠂ ︽ᠬᠡᠷᠡᠭᠵᠢᠭᠦᠯᠬᠦ ᠰᠠᠨᠠᠯ︾ | ᠢ ᠲᠣᠰ ᠪᠢᠴᠢᠭ ᠮᠠᠲ᠋ᠧᠷᠢᠶᠠᠯ ᠢ ᠦᠨᠳᠦᠰᠦᠯᠡᠨ ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ᠬᠡᠷᠡᠭᠲᠡᠶ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠢ ᠨᠡᠶᠢᠲᠡ ᠲᠤᠯᠤᠭᠠᠨ ᠬᠡᠰᠡᠭ ᠭᠤᠤᠯ ᠠᠭᠤᠯᠭ᠎ᠠ ᠳᠤ ᠬᠤᠪᠢᠶᠠᠪᠠ᠂ ᠡᠭᠦᠨ ᠳᠤ | ᠶᠡᠷᠦᠩᠬᠡᠶ ᠱᠠᠭᠠᠷᠳᠠᠯᠭ᠎ᠠ᠂ ᠬᠢᠵᠠᠭᠠᠷ ᠲᠠᠢ ᠬᠥᠮᠦᠨ ᠤ ᠠᠵᠢᠯᠯᠠᠭ᠎ᠠ ᠶᠢᠨ ᠲᠥᠷᠥᠯ ᠵᠦᠢᠯ ᠢ ᠲᠣᠳᠣᠷᠬᠠᠶᠢᠯᠠᠵᠤ᠂ | ᠬᠢᠵᠠᠭᠠᠷ ᠲᠠᠢ ᠬᠥᠮᠦᠨ ᠤ ᠠᠵᠢᠯᠯᠠᠭ᠎ᠠ ᠶᠢᠨ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠵᠤ᠂ ᠤᠯᠤᠰ ᠤᠨ ᠴᠢᠬᠤᠯᠠ | ᠶᠡᠭᠡ ᠲᠥᠷᠥᠯ ᠵᠦᠢᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠵᠡᠯᠡᠨ ᠬᠡᠷᠡᠭᠯᠡᠬᠦ ᠳᠤ | ᠵᠠᠶᠢᠯᠠᠭᠤᠯᠵᠤ ᠪᠣᠯᠤᠰᠢ ᠥᠬᠡᠶ ᠨᠤᠲᠠᠯᠠᠯᠲᠠ ᠬᠢᠬᠦ ᠶᠢ ᠵᠢᠷᠤᠮᠵᠢᠭᠤᠯᠵᠤ᠂ ᠲᠦᠷ ᠴᠠᠭ ᠤᠨ ᠭᠠᠵᠠᠷ ᠬᠡᠷᠡᠭᠯᠡᠬᠦ | ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠲᠣᠬᠢᠷᠠᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | ᠨᠢᠭᠡ ᠳᠤ᠂ ᠶᠡᠷᠦᠩᠬᠡᠶ ᠱᠠᠭᠠᠷᠳᠠᠯᠭ᠎ᠠ᠃ ︽ᠬᠡᠷᠡᠭᠵᠢᠭᠦᠯᠬᠦ ᠰᠠᠨᠠᠯ︾ ᠳᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠪᠥᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ | ᠮᠥᠨ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠬᠦ ᠵᠢᠯᠣᠭᠤᠳᠬᠤ ᠦᠵᠡᠯ ᠰᠠᠨᠠᠭ᠎ᠠ ᠪᠣᠯᠤᠨ ᠶᠡᠷᠦᠩᠬᠡᠶ | ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠶᠠᠷ ᠲᠤ᠂ ᠬᠢᠵᠠᠭᠠᠷᠲᠤ ᠠᠵᠢᠯᠯᠠᠭ᠎ᠠ ᠶᠢᠨ ᠲᠥᠷᠥᠯ ᠵᠦᠢᠯ ᠢ ᠲᠣᠳᠣᠷᠬᠠᠶᠢᠯᠠᠪᠠ᠃ ︽ᠬᠡᠷᠡᠭᠵᠢᠭᠦᠯᠬᠦ | ᠰᠠᠨᠠᠯ︾ ᠳᠤ ᠤᠯᠤᠰ ᠠᠴᠠ ᠵᠥᠪᠰᠢᠶᠡᠷᠡᠭᠰᠡᠨ 10 ᠲᠥᠷᠥᠯ ᠤᠨ ᠬᠢᠵᠠᠭᠠᠷᠲᠠᠶ ᠠᠵᠢᠯᠯᠠᠭᠠᠨ ᠤ ᠳᠤᠮᠳᠠᠬᠢ | ᠬᠠᠮᠢᠶᠠᠷᠴᠤ ᠬᠠᠮᠠᠭᠠᠯᠠᠬᠤ ᠲᠣᠭᠤᠷᠢᠨ ᠬᠠᠮᠠᠭᠠᠯᠠᠬᠤ᠂ ᠬᠠᠮᠠᠭᠠᠯᠠᠵᠤ ᠬᠠᠤᠯᠢ ᠬᠡᠷᠡᠭᠵᠢᠭᠦᠯᠬᠦ ᠵᠡᠷᠭᠡ ᠴᠢᠬᠤᠯᠠ ᠪᠥᠬᠦᠶ | ᠲᠥᠬᠦᠭᠡᠷᠦᠮᠵᠢ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠵᠢᠴᠢ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠬᠠᠮᠢᠶ᠎ᠠ ᠪᠥᠬᠦᠶ ᠴᠢᠬᠤᠯᠠ ᠪᠥᠬᠦᠶ ᠣᠯᠠᠨ ᠨᠡᠶᠢᠲᠡ ᠶᠢᠨ | ᠲᠥᠬᠦᠭᠡᠷᠦᠮᠵᠢ ᠵᠡᠷᠭᠡ ᠪᠣᠳᠠᠲᠠᠶ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠨᠠᠷᠢᠯᠢᠬᠵᠢᠭᠤᠯᠵᠤ᠂ ︽ | ᠬᠡᠷᠡᠭᠵᠢᠭᠦᠯᠬᠦ ᠰᠠᠨᠠᠯ︾ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃ | ᠭᠤᠷᠪᠠ ᠳᠤ᠂ ᠬᠢᠵᠠᠭᠠᠷᠲᠤ ᠠᠵᠢᠯᠯᠠᠭ᠎ᠠ ᠶᠢᠨ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠪᠠ᠃ ︽ᠬᠡᠷᠡᠭᠵᠢᠭᠦᠯᠬᠦ | ᠰᠠᠨᠠᠯ︾ ᠳᠤ ᠬᠢᠵᠠᠭᠠᠷ ᠲᠠᠢ ᠬᠥᠮᠦᠨ ᠤ ᠠᠵᠢᠯᠯᠠᠭ᠎ᠠ ᠨᠢ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠲᠤ ᠬᠤᠯᠪᠣᠭᠳᠠᠬᠤ ᠪᠣᠳᠠᠲᠠᠶ ᠭᠦᠢᠴᠡᠳᠭᠡᠬᠦ ᠵᠢᠷᠤᠮ ᠪᠠ ᠬᠢᠨᠠᠨ ᠪᠠᠶᠢᠴᠠᠭᠠᠬᠤ ᠠᠭᠤᠯᠭ᠎ᠠ ᠵᠡᠷᠭᠡ ᠶᠢ | ᠲᠣᠳᠣᠷᠬᠠᠶᠢᠯᠠᠪᠠ᠃ ᠡᠭᠦᠨ ᠤ ᠬᠠᠮᠲᠤ᠂ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠲᠤ ᠬᠤᠯᠪᠣᠭᠳᠠᠬᠤ ᠦᠭᠡᠶ ᠬᠢᠵᠠᠭᠠᠷᠲᠤ ᠵᠣᠷᠢᠭᠤᠳᠠ ᠠᠵᠢᠯᠯᠠᠭ᠎ᠠ ᠳᠤ ᠴᠢᠭᠯᠡᠭᠦᠯᠦᠨ᠂ ᠪᠣᠳᠠᠲᠠᠶ ᠪᠦᠲᠦᠭᠡᠨ | ᠪᠠᠶᠢᠭᠤᠯᠬᠤ ᠠᠵᠢᠯᠯᠠᠭ᠎ᠠ ᠪᠠᠶᠢᠬᠤ ᠡᠰᠡᠬᠦ ᠬᠤᠶᠠᠷ ᠵᠦᠢᠯ ᠤᠨ ᠪᠠᠶᠢᠳᠠᠯ ᠢ ᠢᠯᠭᠠᠵᠤ᠂ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠲᠤᠰ ᠲᠤᠰ ᠲᠤᠨᠢ ᠳᠤᠷᠠᠳᠬᠤ ᠬᠡᠷᠡᠭᠲᠡᠶ᠃ ᠡᠭᠦᠨ ᠳᠤ᠂ ᠪᠣᠳᠠᠲᠠᠶ ᠪᠥᠲᠥᠭᠡᠨ ᠪᠠᠶᠢᠭᠤᠯᠬᠤ | ᠠᠵᠢᠯᠯᠠᠭ᠎ᠠ ᠲᠠᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ | ᠲᠣᠭᠲᠠᠭᠠᠭᠰᠠᠨ ᠰᠠᠨᠠᠯ ᠭᠠᠷᠭᠠᠵᠤ᠂ ᠪᠥᠲᠥᠭᠡᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠵᠢᠴᠢ ᠬᠠᠮᠢᠶ᠎ᠠ ᠪᠥᠬᠦᠶ | ᠭᠠᠷᠳᠠᠮ ᠢ ᠭᠦᠢᠴᠡᠳᠭᠡᠬᠦ ᠶᠢᠨ ᠦᠨᠳᠦᠰᠦᠯᠡᠯ ᠪᠣᠯᠭᠠᠬᠤ ᠪᠠᠷ ᠲᠣᠭᠲᠠᠭᠠᠨ᠎ᠠ᠃ ᠪᠣᠳᠠᠲᠠᠶ ᠪᠦᠲᠦᠭᠡᠨ ᠪᠠᠶᠢᠭᠤᠯᠬᠤ | ᠠᠵᠢᠯᠯᠠᠭ᠎ᠠ ᠦᠭᠡᠶ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠯᠲᠠ | ᠲᠠᠯᠪᠢᠵᠤ ᠬᠠᠮᠢᠶᠠᠷᠬᠤ ᠶᠢ ᠰᠠᠶᠢᠲᠤᠷ ᠬᠢᠬᠦ ᠶᠢ ᠲᠣᠳᠣᠷᠬᠠᠶᠢᠯᠠᠬᠤ ᠬᠡᠷᠡᠭᠲᠡᠶ᠃ | ᠳᠥᠷᠪᠡ ᠳᠤ᠂ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢ ᠵᠢᠷᠤᠮᠵᠢᠭᠤᠯᠬᠤ ᠨᠢ ᠵᠠᠶᠢᠯᠠᠰᠢ ᠥᠬᠡᠶ ᠶᠤᠮ᠃ ︽ᠬᠡᠷᠡᠭᠵᠢᠭᠦᠯᠬᠦ ᠰᠠᠨᠠᠯ︾ | ᠳᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢ ᠵᠥᠪᠰᠢᠶᠡᠷᠡᠬᠦ ᠤᠯᠤᠰ ᠤᠨ | ᠴᠢᠬᠤᠯᠠ ᠶᠡᠭᠡ ᠲᠥᠷᠥᠯ ᠵᠦᠢᠯ ᠤᠨ ᠬᠡᠪᠴᠢᠶ᠎ᠡ ᠶᠢ ᠲᠣᠳᠣᠷᠬᠠᠶᠢᠯᠠᠵᠤ᠂ ᠤᠯᠤᠰ ᠤᠨ ᠴᠢᠬᠤᠯᠠ ᠶᠡᠭᠡ ᠲᠥᠷᠥᠯ | ᠵᠦᠢᠯ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠵᠡᠯᠡᠨ ᠬᠡᠷᠡᠭᠯᠡᠬᠦ ᠳᠤ ᠵᠠᠶᠢᠯᠠᠭᠤᠯᠵᠤ ᠪᠣᠯᠤᠰᠢ | ᠥᠬᠡᠶ ᠨᠤᠲᠠᠯᠠᠯᠲᠠ ᠶᠢᠨ ᠰᠠᠨᠠᠯ ᠢ ᠭᠦᠢᠴᠡᠳᠭᠡᠬᠦ ᠲᠠᠰ ᠳᠠᠷᠠᠭᠠᠯᠠᠯ ᠤᠨ ᠲᠤᠬᠠᠶ ᠲᠣᠭᠲᠠᠭᠠᠯ ᠭᠠᠷᠭᠠᠭᠰᠠᠨ ᠪᠥᠭᠡᠳ | ᠪᠣᠳᠠᠲᠠᠶ ᠭᠦᠢᠴᠡᠳᠭᠡᠬᠦ ᠶᠠᠪᠤᠴᠠ ᠵᠢᠴᠢ ᠬᠢᠨᠠᠨ ᠪᠠᠶᠢᠴᠠᠭᠠᠬᠤ ᠠᠭᠤᠯᠭ᠎ᠠ ᠵᠡᠷᠭᠡ ᠱᠠᠭᠠᠷᠳᠠᠯᠭ᠎ᠠ ᠶᠢ ᠳᠤᠷᠠᠳᠪᠠ᠃ | ᠲᠠᠪᠤ ᠳᠤ᠂ ᠲᠦᠷ ᠴᠠᠭ ᠭᠠᠵᠠᠷ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ︽ᠬᠡᠷᠡᠭᠵᠢᠭᠦᠯᠬᠦ ᠰᠠᠨᠠᠯ︾ | ᠳᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ ᠵᠥᠪᠰᠢᠶᠡᠷᠡᠭᠰᠡᠨ ᠬᠢᠵᠠᠭᠠᠷᠲᠤ | ᠵᠣᠬᠢᠶᠠᠮᠠᠯ ᠠᠵᠢᠯᠯᠠᠭ᠎ᠠ ᠪᠠ ᠤᠯᠤᠰ ᠤᠨ ᠴᠢᠬᠤᠯᠠ ᠶᠡᠭᠡ ᠲᠥᠷᠥᠯ ᠵᠦᠢᠯ ᠨᠢ ᠲᠦᠷ ᠴᠠᠭ ᠭᠠᠵᠠᠷ ᠬᠡᠷᠡᠭᠯᠡᠬᠦ ᠳᠤ | ᠬᠤᠯᠪᠣᠭᠳᠠᠪᠠᠯ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠠᠴᠠ ᠠᠯᠢ ᠴᠢᠳᠠᠬᠤ ᠪᠠᠷ ᠵᠠᠶᠢᠯᠠᠰᠬᠢᠵᠦ᠂ | ᠦᠨᠡᠬᠡᠷ ᠵᠠᠶᠢᠯᠠᠬᠤ ᠶᠢᠨ ᠠᠷᠭ᠎ᠠ ᠥᠬᠡᠶ ᠪᠣᠯ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠦᠷ ᠴᠠᠭ ᠡᠵᠡᠯᠡᠨ | ᠬᠡᠷᠡᠭᠯᠡᠬᠦ ᠲᠣᠭᠲᠠᠭᠠᠯ ᠢᠶᠠᠷ ᠯᠠᠪᠯᠠᠯᠲᠠ ᠪᠣᠯᠭᠠᠨ ᠭᠦᠢᠴᠡᠳᠭᠡᠵᠦ᠂ ᠰᠡᠷᠭᠦᠭᠡᠬᠦ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶᠢᠯᠠᠪᠠ᠃ | ᠵᠢᠷᠭᠤᠭ᠎ᠠ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠣᠬᠢᠷᠠᠭᠤᠯᠤᠯᠲᠠ ᠶᠢ | ᠴᠢᠩᠳᠠᠯᠠᠨ᠎ᠠ᠃ ︽ᠬᠡᠷᠡᠭᠵᠢᠭᠦᠯᠬᠦ ᠰᠠᠨᠠᠯ︾ ᠳᠤ ᠤᠯᠤᠰ ᠤᠨ ᠲᠣᠭᠲᠠᠭᠠᠯ ᠶᠣᠰᠣᠭᠠᠷ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠵᠠᠭᠠᠭ ᠬᠢᠵᠠᠭᠠᠷ ᠲᠤ ᠲᠣᠬᠢᠷᠠᠭᠤᠯᠤᠯᠲᠠ ᠬᠢᠭᠰᠡᠨ ᠠᠴᠠ ᠪᠣᠯᠵᠣ᠂ ᠨᠢᠭᠡᠨᠲᠡ ᠬᠠᠤᠯᠢ | ᠶᠣᠰᠣᠭᠠᠷ ᠪᠠᠶᠢᠭᠤᠯᠤᠭᠰᠠᠨ ᠰᠢᠲᠠᠮᠠᠬᠠᠶ ᠬᠡᠶ ᠶᠢᠨ ᠠᠭᠤᠷᠬᠠᠶ ᠬᠠᠶᠢᠬᠤ ᠡᠷᠬᠡ ᠶᠢ ᠠᠭᠤᠷᠬᠠᠶ ᠮᠠᠯᠲᠠᠬᠤ ᠡᠷᠬᠡ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ︽ᠲᠠᠪᠤᠨ ᠵᠢᠯ ᠳᠤ ᠨᠢᠭᠡ ᠦᠨᠡᠯᠡᠯᠲᠡ | ᠬᠢᠬᠦ︾ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠡᠰᠡᠭ ᠲᠠᠯ᠎ᠠ ᠶᠢᠨ ᠲᠣᠬᠢᠷᠠᠭᠤᠯᠤᠯᠲᠠ ᠬᠢᠬᠦ | ᠵᠢᠴᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠤᠰᠤᠳ ᠪᠣᠳᠠᠲᠠᠶ ᠲᠠᠰ ᠳᠠᠷᠠᠭᠠᠯᠠᠯ ᠢ | ᠲᠣᠳᠣᠷᠬᠠᠶᠢᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ | ᠬᠠᠭᠤᠳᠠᠰᠦ ᠵᠢᠷᠤᠭ︾ ᠢ ᠵᠡᠷᠭᠡ ᠪᠠᠷ ᠰᠢᠨᠡᠳᠬᠡᠬᠦ ᠠᠵᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ | ᠲᠤᠯᠤᠭ᠎ᠠ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ︽ᠬᠡᠷᠡᠭᠵᠢᠭᠦᠯᠬᠦ ᠰᠠᠨᠠᠯ︾ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢᠶᠠᠷ ᠬᠠᠮᠢᠶ᠎ᠠ | ᠪᠥᠬᠦᠶ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠬᠠᠮᠠᠭᠠᠯᠠᠬᠤ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠡᠶᠡᠯᠡᠭᠦᠯᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠴᠢᠩᠭᠠᠳᠬᠠᠬᠤ ᠬᠡᠷᠡᠭᠲᠡᠶ ᠭᠡᠵᠦ | ᠲᠣᠭᠲᠠᠭᠠᠪᠠ᠃ ᠡᠭᠦᠨ ᠤ ᠬᠠᠮᠲᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠣᠲᠣᠷᠠᠬᠢ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠳᠣᠲᠣᠷ᠎ᠠ ᠡᠭᠦᠰᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠯᠪᠣᠭᠳᠠᠯ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠬᠦᠨᠳᠦ ᠪᠠᠷ ᠰᠢᠢᠳᠭᠡᠨ᠎ᠡ ᠭᠡᠵᠦ | ᠳᠤᠷᠠᠳᠪᠠ᠃ | ᠭᠤᠷᠪᠠ᠂ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ︽ᠬᠡᠷᠡᠭᠵᠢᠭᠦᠯᠬᠦ ᠰᠠᠨᠠᠯ︾ ᠤᠨ | ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠤᠬᠠᠭᠤᠯᠭ᠎ᠠ ᠪᠣᠯᠪᠠᠰᠤᠷᠠᠯ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ | ᠪᠣᠯᠭᠠᠨ᠂ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠳᠤ ᠰᠠᠭᠤᠷᠢ ᠲᠠᠯᠪᠢᠨ᠎ᠠ᠃ | |