︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/11/7
           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ                       ᠥᠪᠥᠷ ᠵᠠᠰᠠᠭ ᠲᠠᠷᠬᠠᠭᠠᠭᠰᠠᠨ ﹇ 2023 ﹈ 12 ᠳ᠋ᠤᠭᠠᠷ ᠲᠣᠭᠠᠲᠤ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄     ᠡᠳᠦᠭᠡ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃     2023 ᠣᠨ ᠤ 5 ᠳ᠋ᠤᠭᠠᠷ ᠰᠠᠷ᠎ᠠ ᠶᠢᠨ 16 ᠤ ᠡᠳᠦᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ     ᠨᠢᠭᠡᠳᠦᠭᠡᠷ ᠪᠦᠯᠦᠭ  ᠶᠡᠷᠦᠩᠬᠡᠢ ᠳᠦᠷᠢᠮ     ᠨᠢᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ︾ ᠢᠶᠠᠷ ᠯᠠᠪᠯᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠳᠦᠷᠢᠮ ᠢ ᠲᠣᠭᠲᠠᠭᠠᠪᠠ᠃     ᠬᠤᠶᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠤᠨ ᠵᠠᠰᠠᠭ ᠤᠨ ᠣᠷᠳᠣᠨ᠂ ᠰᠢᠨ᠎ᠡ ᠡᠭᠦᠳᠦᠯᠲᠡ ᠶᠢᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠠᠬᠢ ᠥᠪᠥᠷ ᠮᠣᠩᠭᠤᠯ ᠤᠨ ᠢᠶᠠᠨ ᠬᠠᠭᠤᠳᠠᠰᠤ ᠶᠢ ᠴᠢᠷᠮᠠᠶᠢᠨ ᠰᠠᠶᠢᠲᠤᠷ ᠪᠢᠴᠢᠭᠯᠡᠨ᠎ᠡ᠃     ᠭᠤᠷᠪᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯᠲᠠᠳ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠬᠠᠵᠤ᠂ ︽ᠳᠥᠷᠪᠡᠨ ᠦᠵᠡᠯ ᠤᠬᠠᠮᠰᠠᠷ︾ ᠢᠶᠠᠨ ᠴᠢᠩᠭᠠᠳᠬᠠᠨ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠤᠬᠠᠭᠠᠨ ᠢᠶᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠤᠭᠤᠯᠬᠤ ᠪᠠ ᠠᠵᠢᠯ ᠢᠶᠠᠨ ᠠᠬᠢᠭᠤᠯᠵᠤ᠂ ︽ᠬᠤᠶᠠᠷ ᠶᠡᠭᠡ ᠪᠠᠶᠢᠳᠠᠯ︾ ᠢ ᠬᠡᠬᠦᠳᠡᠭ ᠴᠡᠭᠡᠵᠢᠨ ᠳᠤ ᠪᠠᠨ ᠪᠠᠭᠲᠠᠭᠠᠵᠤ᠂ ︽ᠤᠯᠤᠰ ᠤᠨ ᠴᠢᠬᠤᠯᠠ ᠲᠣᠮᠣ ᠶᠠᠪᠤᠳᠠᠯ︾ ᠢ ᠪᠠᠲᠤ ᠴᠡᠭᠡᠵᠢᠯᠡᠨ᠂ ᠰᠠᠨᠠᠭᠠᠴᠢᠯᠠᠭ᠎ᠠ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠵᠤ ᠮᠡᠳᠡᠬᠦ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠪᠦᠬᠦ ᠬᠦᠷᠢᠶᠡᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃     ᠬᠤᠶᠠᠳᠤᠭᠠᠷ ᠪᠦᠯᠦᠭ  ᠪᠦᠷᠢᠯᠳᠦᠭᠦᠨ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ     ᠳᠥᠷᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠡᠯ᠎ᠡ ᠲᠢᠩᠬᠢᠮ ᠤᠨ ᠳᠠᠷᠤᠭ᠎ᠠ᠂ ᠡᠯ᠎ᠡ ᠵᠥᠪᠯᠡᠯ ᠤᠨ ᠡᠷᠬᠢᠯᠡᠭᠴᠢ ᠪᠠᠷ ᠪᠦᠷᠢᠯᠳᠦᠨ᠎ᠡ᠃     ᠲᠠᠪᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠲᠡᠷᠢᠭᠦᠯᠡᠭᠴᠢ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠲᠡᠷᠢᠭᠦᠯᠡᠭᠴᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠢ ᠤᠳᠤᠷᠢᠳᠤᠨ᠎ᠠ᠃ ᠳᠡᠳ᠋ ᠲᠡᠷᠢᠭᠦᠯᠡᠭᠴᠢ ᠨᠢ ᠲᠡᠷᠢᠭᠦᠯᠡᠭᠴᠢ ᠶᠢᠨ ᠠᠵᠢᠯ ᠢ ᠬᠠᠮᠵᠢᠵᠤ᠂ ᠠᠵᠢᠯ ᠤᠨ ᠬᠤᠪᠢᠶᠠᠷᠢᠯᠠᠯ ᠶᠣᠰᠣᠭᠠᠷ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠠᠵᠢᠯ ᠢᠶᠠᠨ ᠬᠠᠷᠢᠭᠤᠴᠠᠨ᠎ᠠ︔ ᠲᠡᠷᠢᠭᠦᠯᠡᠭᠴᠢ ᠶᠢᠨ ᠨᠠᠶᠢᠳᠠᠯᠭ᠎ᠠ ᠪᠠᠷ ᠪᠤᠰᠤᠳ ᠲᠠᠯ᠎ᠠ ᠶᠢᠨ ᠠᠵᠢᠯ ᠪᠤᠶᠤ ᠲᠤᠰᠬᠠᠢ ᠠᠵᠢᠯ ᠤᠨ ᠡᠭᠦᠷᠭᠡ ᠶᠢ ᠬᠠᠷᠢᠭᠤᠴᠠᠨ᠎ᠠ︔ ᠨᠢᠭᠡᠳᠦᠯᠲᠡᠢ  ᠲᠣᠬᠢᠷᠠᠭᠤᠯᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠭᠠᠳᠠᠭᠠᠳᠤ ᠶᠠᠪᠤᠳᠠᠯ ᠪᠠ ᠮᠤᠵᠢ ᠶᠢᠨ ᠬᠤᠭᠤᠷᠤᠨᠳᠤᠬᠢ ᠠᠵᠢᠯᠯᠠᠭ᠎ᠠ ᠶᠢ ᠶᠠᠪᠤᠭᠳᠠᠭᠤᠯᠤᠨ᠎ᠠ᠃     ᠲᠡᠷᠢᠭᠦᠯᠡᠭᠴᠢ ᠭᠠᠳᠠᠭᠰᠢ ᠭᠠᠷᠤᠭᠰᠠᠨ ᠬᠤᠭᠤᠴᠠᠭᠠᠨ ᠳᠤ᠂ ᠲᠡᠷᠢᠭᠦᠯᠡᠭᠴᠢ ᠶᠢᠨ ᠨᠠᠶᠢᠳᠠᠯᠭ᠎ᠠ ᠪᠠᠷ ᠪᠠᠶᠢᠩᠭᠤ ᠶᠢᠨ ᠳᠡᠳ᠋ ᠲᠡᠷᠢᠭᠦᠯᠡᠭᠴᠢ ᠠᠵᠢᠯ ᠡᠷᠬᠢᠯᠡᠨ᠎ᠡ᠃ ᠲᠡᠷᠢᠭᠦᠯᠡᠭᠴᠢ ᠪᠠ ᠪᠠᠶᠢᠩᠭᠤ ᠶᠢᠨ ᠳᠡᠳ᠋ ᠲᠡᠷᠢᠭᠦᠯᠡᠭᠴᠢ ᠵᠡᠷᠭᠡ ᠪᠠᠷ ᠭᠠᠳᠠᠭᠰᠢ ᠭᠠᠷᠤᠭᠰᠠᠨ ᠬᠤᠭᠤᠴᠠᠭᠠᠨ ᠳᠤ᠂ ᠲᠡᠷᠢᠭᠦᠯᠡᠭᠴᠢ ᠠᠴᠠ ᠪᠤᠰᠤᠳ ᠳᠡᠳ᠋ ᠲᠡᠷᠢᠭᠦᠯᠡᠭᠴᠢ ᠳᠤ ᠨᠠᠶᠢᠳᠠᠵᠤ ᠪᠠᠶᠢᠭᠠᠳ ᠠᠵᠢᠯ ᠡᠷᠬᠢᠯᠡᠭᠦᠯᠵᠦ ᠪᠣᠯᠣᠨ᠎ᠠ᠃     ᠳᠡᠳ᠋ ᠲᠡᠷᠢᠭᠦᠯᠡᠭᠴᠢ ᠶᠢᠨ ᠬᠤᠭᠤᠷᠣᠨᠳᠤ AB ᠠᠵᠢᠯᠯᠠᠬᠤ ᠪᠠᠶᠢᠷᠢ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ ᠬᠠᠷᠢᠯᠴᠠᠨ AB ᠠᠵᠢᠯᠯᠠᠬᠤ ᠪᠠᠶᠢᠷᠢ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠢᠨ ᠨᠢᠭᠡ ᠨᠢ ᠭᠠᠳᠠᠭᠰᠢ ᠭᠠᠷᠤᠭᠰᠠᠨ ᠬᠤᠭᠤᠴᠠᠭᠠᠨ ᠳᠤ᠂ ᠨᠥᠭᠦᠭᠡᠳᠡᠬᠢ ᠨᠢ ᠵᠠᠰᠠᠭ ᠤᠨ ᠶᠠᠪᠤᠳᠠᠯ ᠤᠨ ᠠᠵᠢᠯᠯᠠᠭᠠᠨ ᠤ ᠡᠭᠦᠷᠭᠡ ᠬᠠᠷᠢᠭᠤᠴᠠᠯᠭ᠎ᠠ ᠶᠢ ᠨᠢ ᠣᠷᠣᠯᠠᠨ ᠭᠦᠢᠴᠡᠳᠬᠡᠨ᠎ᠡ᠃     ᠨᠠᠷᠢᠨ ᠪᠢᠴᠢᠭ ᠤᠨ ᠳᠠᠷᠤᠭ᠎ᠠ ᠨᠢ ᠲᠡᠷᠢᠭᠦᠯᠡᠭᠴᠢ ᠶᠢᠨ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠳᠦᠷ ᠲᠣᠳᠤᠮ ᠤᠨ ᠠᠵᠢᠯ ᠢ ᠬᠠᠷᠢᠭᠤᠴᠠᠨ ᠰᠢᠢᠳᠪᠦᠷᠢᠯᠡᠵᠦ᠂ ᠳᠡᠳ᠋ ᠨᠠᠷᠢᠨ ᠪᠢᠴᠢᠭ ᠤᠨ ᠳᠠᠷᠤᠭ᠎ᠠ ᠨᠢ ᠨᠠᠷᠢᠨ ᠪᠢᠴᠢᠭ ᠤᠨ ᠳᠠᠷᠤᠭ᠎ᠠ ᠶᠢᠨ ᠠᠵᠢᠯ ᠳᠤ ᠬᠠᠮᠵᠢᠨ᠎ᠠ᠃     ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠡᠭᠦᠷᠭᠡ ᠴᠢᠳᠠᠪᠤᠷᠢ ᠶᠢ ᠭᠦᠢᠴᠡᠳᠬᠡᠵᠦ᠂ ᠲᠣᠭᠲᠠᠭᠤᠨ ᠪᠠᠶᠢᠯᠭᠠᠬᠤ ᠶᠢᠨ ᠳᠠᠠᠭᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠪᠦᠳᠦᠬᠡᠯᠳᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠤᠨ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠡᠭᠦᠳᠴᠦ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠬᠠᠮᠠᠭᠠᠯᠠᠨ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃     ᠳᠤᠯᠤᠭ᠎ᠠ᠂ ᠡᠯ᠎ᠡ ᠲᠢᠩᠬᠢᠮ᠂ ᠡᠯ᠎ᠡ ᠵᠥᠪᠯᠡᠯ ᠨᠢ ᠲᠢᠩᠬᠢᠮ ᠤᠨ ᠳᠠᠷᠤᠭ᠎ᠠ᠂ ᠡᠷᠬᠢᠯᠡᠭᠴᠢ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠡᠭᠦᠨ ᠢᠶᠠᠷ ᠲᠤᠰ ᠰᠠᠯᠠᠭ᠎ᠠ ᠮᠥᠴᠢᠷ ᠤᠨ ᠠᠵᠢᠯ ᠢ ᠤᠳᠤᠷᠢᠳᠤᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠳᠤᠮᠳᠠᠬᠢ ᠴᠢᠬᠤᠯᠠ ᠵᠦᠢᠯᠡᠰ ᠢ ᠲᠣᠭᠲᠠᠭᠠᠬᠤ ᠳᠤ᠂ ᠤᠷᠢᠳ ᠢᠶᠠᠷ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠵᠢᠭᠠᠪᠤᠷᠢ ᠠᠪᠴᠤ᠂ ᠴᠢᠬᠤᠯᠠ ᠶᠡᠭᠡ ᠵᠦᠢᠯᠡᠰ ᠢ ᠲᠡᠷᠢᠭᠦᠯᠡᠭᠴᠢ ᠳᠤ ᠮᠡᠳᠡᠭᠦᠯᠬᠦ ᠬᠡᠷᠡᠭᠲᠡᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ᠂  ᠰᠢᠢᠳᠪᠦᠷᠢ᠂ ᠵᠠᠷᠯᠢᠭ ᠢ ᠦᠨᠳᠦᠰᠦᠯᠡᠵᠦ᠂ ᠲᠤᠰ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠠᠵᠢᠯ ᠢᠶᠠᠨ ᠥᠷᠨᠢᠭᠦᠯᠦᠨ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠦᠬᠦ ᠲᠠᠯ᠎ᠠ ᠪᠠᠷ ᠭᠦᠢᠴᠡᠳᠬᠡᠵᠦ᠂ ᠲᠤᠰ ᠬᠦᠷᠢᠶ᠎ᠡ ᠴᠠᠷᠠᠭ᠎ᠠ ᠲᠤᠰ ᠠᠵᠢᠯ ᠲᠦᠷᠦᠯ ᠤᠨ ᠠᠵᠢᠯ ᠢᠶᠠᠨ ᠨᠢᠭᠡᠳᠦᠯᠲᠡᠢ ᠲᠥᠯᠥᠪᠯᠡᠵᠦ ᠰᠤᠳᠤᠯᠤᠨ ᠪᠠᠶᠢᠷᠢᠯᠠᠭᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃     ᠭᠤᠷᠪᠠᠳᠤᠭᠠᠷ ᠪᠦᠯᠦᠭ   ᠠᠵᠢᠯ ᠤᠨ ᠵᠠᠷᠴᠢᠮ     ᠨᠠᠢᠮᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠬᠦ ᠶᠢ ᠡᠷᠡᠰ ᠪᠡᠶᠡᠯᠡᠭᠦᠯᠵᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠮ ᠠᠴᠠ ᠤᠳᠤᠷᠢᠳᠬᠤ ᠪᠠᠶᠢᠭᠤᠯᠤᠯ ᠲᠣᠭᠲᠠᠴᠠ ᠶᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠵᠦᠢᠯᠡᠰ᠂ ᠴᠢᠬᠤᠯᠠ ᠪᠠᠶᠢᠳᠠᠯ ᠳᠤ ᠴᠠᠭ ᠲᠤᠬᠠᠢ ᠳᠤ  ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠬᠤ ᠪᠠ ᠮᠡᠳᠡᠭᠦᠯᠬᠦ ᠬᠡᠷᠡᠭᠲᠡᠢ᠃     ᠶᠢᠰᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠵᠠᠰᠠᠭ ᠤᠨ ᠣᠷᠳᠣᠨ ᠤ ᠠᠵᠢᠯ ᠤᠨ ᠡᠭᠦᠰᠦᠴᠡ ᠪᠠ ᠲᠤᠰᠤᠯᠲᠠ ᠪᠣᠯᠭᠠᠨ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ ᠪᠠ ᠰᠠᠶᠢᠲᠤᠷ ᠬᠥᠭᠵᠢᠭᠦᠯᠵᠦ᠂ ᠠᠷᠠᠳ ᠣᠯᠠᠨ ᠤ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠲᠠᠰᠤᠷᠠᠯᠲᠠ ᠦᠭᠡᠢ  ᠨᠡᠮᠡᠭᠳᠡᠭᠦᠯᠬᠦ ᠬᠡᠷᠡᠭᠲᠡᠢ᠃     ᠠᠷᠪᠠ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯᠴᠢ ᠪᠥᠭᠡᠳ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠠᠵᠢᠯ ᠢ ᠬᠠᠤᠯᠢᠵᠢᠯ ᠤᠨ ᠵᠠᠮ ᠢᠶᠠᠷ ᠪᠦᠬᠦ ᠲᠠᠯ᠎ᠠ ᠪᠠᠷ ᠵᠠᠮᠨᠠᠭᠤᠯᠵᠤ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠬᠠᠷᠢᠭᠤᠴᠠᠯᠭ᠎ᠠ ᠪᠠᠨ ᠳᠠᠭᠠᠭᠠᠨ ᠡᠭᠦᠷᠭᠡᠯᠡᠬᠦ ᠬᠡᠷᠡᠭᠲᠡᠢ᠃     ᠠᠷᠪᠠᠨ ᠨᠢᠭᠡ᠂ ᠰᠢᠨᠵᠢᠯᠡᠬᠦ ᠤᠬᠠᠭᠠᠨᠴᠢ ᠠᠷᠠᠳᠴᠢᠯᠠᠯ ᠢ ᠪᠠᠷᠢᠮᠲᠠᠯᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠴᠢᠩᠭᠠᠷᠠᠭᠤᠯᠵᠤ᠂ ᠠᠵᠢᠯ ᠤᠨ ᠲᠥᠰᠥᠭᠡᠯᠡᠬᠦ ᠰᠢᠨᠵᠢ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠬᠤ᠂ ᠰᠢᠨᠵᠢᠯᠡᠬᠦ ᠤᠬᠠᠭᠠᠨᠴᠢ ᠪᠠᠷ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠲᠥᠯᠦᠪᠵᠢᠭᠦᠯᠭᠡ᠂ ᠣᠯᠠᠨ ᠨᠡᠶᠢᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ᠂ ᠣᠯᠠᠨ ᠨᠡᠶᠢᠲᠡ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠳᠤ ᠬᠤᠯᠪᠣᠭᠳᠠᠪᠠᠯ᠂ ᠭᠦᠢᠴᠡᠳ ᠦᠨᠡᠯᠡᠨ ᠵᠢᠱᠢᠵᠦ ᠨᠤᠲᠠᠯᠠᠨ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠤᠨᠤᠰᠬᠤ ᠬᠤᠷᠠᠯ ᠪᠤᠶᠤ ᠪᠤᠰᠤᠳ ᠠᠷᠭ᠎ᠠ ᠬᠡᠯᠪᠡᠷᠢ ᠪᠠᠷ ᠲᠤᠰᠬᠠᠢ ᠮᠡᠷᠭᠡᠵᠢᠯᠲᠡ ᠪᠠ ᠨᠡᠶᠢᠭᠡᠮ ᠨᠡᠶᠢᠲᠡ ᠶᠢᠨ ᠰᠠᠨᠠᠯ ᠢ ᠰᠤᠨᠤᠰᠬᠤ ᠬᠡᠷᠡᠭᠲᠡᠢ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠮᠦᠷᠳᠡᠨ ᠳᠠᠭᠠᠬᠤ ᠪᠠ ᠬᠠᠷᠢᠭᠤ ᠲᠤᠰᠬᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠠᠷᠠᠭᠠᠴᠢ ᠶᠢᠨ ᠦᠨᠡᠯᠡᠨ ᠵᠢᠱᠢᠯᠲᠡ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃     ᠠᠷᠪᠠᠨ ᠬᠤᠶᠠᠷ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠦᠨᠡᠨ ᠢ ᠡᠷᠢᠵᠦ ᠪᠣᠳᠠᠲᠠᠢ ᠶᠢ ᠡᠷᠬᠢᠮᠯᠡᠬᠦ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠠᠴᠠ ᠡᠭᠦᠰᠴᠦ ᠠᠰᠠᠭᠤᠳᠠᠯ ᠢ ᠪᠣᠳᠣᠯᠬᠢᠯᠠᠨ᠂ ᠰᠢᠢᠳᠪᠦᠷᠢᠲᠦ ᠪᠣᠳᠣᠯᠭ᠎ᠠ    ᠲᠣᠭᠲᠠᠭᠠᠵᠤ᠂ ᠠᠵᠢᠯ ᠶᠠᠪᠤᠳᠠᠯ ᠬᠢᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠᠬᠢ ᠲᠣᠪᠣᠶᠢᠮ᠎ᠠ ᠠᠰᠠᠭᠤᠳᠠᠯ ᠪᠠ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠶᠢᠭ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠨ᠎ᠡ᠃ ᠲᠣᠭᠠᠵᠢᠯᠲᠦ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠮᠡᠷᠭᠡᠵᠢᠯ ᠤᠨ ᠠᠭᠤᠰᠤᠯᠴᠠᠯ᠂ ᠲᠤᠬᠠᠶᠢᠯᠠᠭᠰᠠᠨ ᠠᠵᠢᠯ ᠤᠨ ᠠᠭᠤᠰᠤᠯᠴᠠᠯ᠂ ᠲᠤᠭ᠎ᠠ ᠪᠠᠷᠢᠮᠲᠠ ᠶᠢᠨ ᠠᠭᠤᠰᠤᠯᠴᠠᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠤᠪᠤᠷᠠᠯ ᠢ ᠰᠢᠯᠢᠳᠡᠭᠵᠢᠭᠦᠯᠬᠦ᠂ ᠵᠠᠭᠪᠤᠷ ᠲᠤ ᠰᠢᠨ᠎ᠡ ᠶᠢ ᠡᠭᠦᠳᠬᠦ ᠶᠢ ᠠᠬᠢᠭᠤᠯᠤᠨ᠂ ᠵᠠᠰᠠᠭ ᠤᠨ ᠣᠷᠳᠣᠨ ᠤ ᠦᠷ᠎ᠡ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃     ᠠᠷᠪᠠᠨ ᠭᠤᠷᠪᠠ᠂ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ  ᠥᠪᠡᠷ ᠪᠡᠶ᠎ᠡ ᠳᠤ ᠪᠠᠨ ᠬᠤᠪᠢᠰᠬᠠᠯ ᠬᠢᠵᠦ᠂ ᠰᠤᠷᠲᠠᠯ ᠢ ᠲᠥᠪ ᠪᠣᠯᠭᠠᠵᠤ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠢᠯᠵᠠᠷᠠᠭᠦ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂    ᠢᠯᠵᠠᠷᠠᠬᠤ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ    ᠠᠬᠢᠭᠤᠯᠵᠤ᠂ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠴᠡᠪᠡᠷ ᠴᠢᠬᠡᠴᠢ ᠨᠥᠬᠦᠳ ᠤᠨ ᠬᠠᠷᠢᠴᠠᠭ᠎ᠠ᠂ ᠲᠥᠪ ᠵᠢᠷᠤᠮ ᠲᠠᠢ ᠳᠡᠭᠡᠳᠦ ᠳᠣᠣᠷᠠᠳᠤ ᠱᠠᠲᠤᠨ  ᠤ ᠬᠠᠷᠢᠴᠠᠭ᠎ᠠ᠂ ᠳᠣᠲᠣᠨᠣ ᠴᠢᠬᠡᠴᠢ ᠪᠥᠭᠡᠳ ᠨᠢᠭᠡᠳᠦᠯᠲᠡᠢ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠠᠬᠢᠭᠤᠯᠤᠨ ᠪᠣᠢ ᠪᠣᠯᠭᠠᠬᠤ ᠬᠡᠷᠡᠭᠲᠡᠢ᠃                  ᠳᠥᠷᠪᠡᠳᠦᠭᠡᠷ ᠪᠦᠯᠦᠭ   ᠬᠢᠨᠠᠯᠲᠠ ᠲᠠᠯᠪᠢᠬᠤ ᠳᠦᠷᠢᠮ     ᠠᠷᠪᠠᠨ ᠳᠥᠷᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠷᠢᠨ ᠬᠢᠨᠠᠮᠠᠭᠠᠢ ᠬᠠᠷᠢᠭᠤᠴᠠᠵᠤ ᠠᠵᠢᠯ ᠢᠶᠠᠨ ᠮᠡᠳᠡᠭᠦᠯᠵᠦ᠂ ᠯᠠᠪᠯᠠᠨ ᠠᠰᠠᠭᠤᠬᠤ ᠪᠠ ᠲᠤᠯᠭᠠᠨ ᠠᠰᠠᠭᠤᠬᠤ ᠶᠢ ᠬᠦᠯᠢᠶᠡᠬᠦ ᠬᠡᠷᠩᠲᠠᠢ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠯ ᠰᠠᠨᠠᠭᠤᠯᠭ᠎ᠠ ᠶᠢ ᠳᠠᠷᠤᠤ ᠬᠥᠩᠭᠡᠮᠰᠦᠭ ᠢᠶᠠᠷ ᠰᠤᠨᠤᠰᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠬᠢᠨᠠᠮᠠᠭᠠᠢ ᠭᠦᠢᠴᠡᠳᠬᠡᠵᠦ᠂ ᠲᠥᠯᠥᠭᠡᠯᠡᠭᠴᠢ ᠭᠡᠰᠢᠭᠦᠳ ᠯᠦᠭᠡ ᠨᠡᠪᠲᠡᠷᠡᠯᠴᠡᠬᠦ ᠪᠠᠨ ᠴᠢᠩᠭᠠᠳᠬᠠᠵᠤ᠂ ᠭᠦᠢᠴᠡᠳᠬᠡᠬᠦ ᠬᠠᠷᠢᠭᠤᠴᠠᠯᠭ᠎ᠠ ᠪᠠ ᠴᠠᠭ ᠤᠨ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠤᠨ᠂ ᠭᠦᠢᠴᠡᠳᠬᠡᠭᠰᠡᠨ ᠦᠷ᠎ᠡ ᠳ᠋ᠦᠩ ᠢᠶᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ      ᠬᠡᠷᠡᠭᠲᠡᠢ᠃     ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠠᠯᠪᠠᠨ ᠲᠤᠰᠢᠶᠠᠯᠲᠠᠨ ᠨᠢ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠬᠦᠯᠢᠶᠡᠨ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠢᠨᠠᠯᠲᠠ ᠲᠠᠯᠪᠢᠯᠲᠠ ᠳᠤ ᠢᠯᠡᠷᠡᠭᠦᠯᠦᠭᠰᠡᠨ ᠠᠰᠠᠭᠤᠳᠠᠯ ᠢ ᠬᠢᠨᠠᠮᠠᠭᠠᠢ ᠴᠡᠭᠴᠡᠯᠡᠵᠦ ᠰᠠᠶᠢᠵᠢᠷᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃     ᠠᠷᠪᠠᠨ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠰᠣᠨᠢᠨ ᠮᠡᠳᠡᠭᠡ ᠶᠢᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠴᠠᠭ ᠲᠤᠬᠠᠢ ᠳᠤ ᠨᠢ ᠵᠥᠪ ᠣᠨᠣᠪᠴᠢᠲᠠᠢ ᠢᠯᠡ ᠪᠣᠯᠭᠠᠵᠣ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠪᠠᠶᠢᠳᠠᠯ ᠢ ᠬᠢᠨᠠᠮᠠᠭᠠᠢ ᠪᠠᠶᠢᠴᠠᠭᠠᠵᠤ ᠬᠢᠨᠠᠨ ᠬᠠᠷᠭᠤᠭᠤᠯᠵᠤ ᠰᠢᠢᠳᠪᠦᠷᠢᠯᠡᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃     ᠠᠷᠪᠠᠨ ᠳᠤᠯᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠨᠢ ᠠᠷᠠᠳ ᠣᠯᠠᠨ ᠤ ᠰᠠᠨᠠᠭᠤᠯᠭ᠎ᠠ᠂ ᠰᠠᠨᠠᠯ ᠪᠠ ᠱᠠᠭᠠᠷᠳᠠᠯᠭ᠎ᠠ ᠶᠢ ᠬᠢᠨᠠᠮᠠᠭᠠᠢ ᠠᠩᠬᠠᠷᠤᠨ ᠰᠣᠨᠣᠰᠴᠤ᠂ ᠠᠷᠠᠳ ᠣᠯᠠᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠤᠳᠤᠷᠢᠳᠬᠤ ᠨᠥᠬᠦᠳ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠪᠡᠶ᠎ᠡ ᠪᠠᠷ ᠢᠶᠠᠨ ᠤᠩᠰᠢᠵᠤ ᠴᠣᠬᠤᠯᠠᠪᠤᠷᠢᠯᠠᠨ᠂ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠴᠢᠬᠤᠯᠠ ᠶᠡᠭᠡ ᠠᠰᠠᠭᠤᠳᠠᠯ ᠢ ᠰᠢᠮᠳᠠᠭᠤᠯᠤᠨ ᠰᠢᠢᠳᠪᠦᠷᠢᠯᠡᠬᠦ ᠬᠡᠷᠡᠭᠲᠡᠢ᠃                       ᠲᠠᠪᠤᠳᠤᠭᠠᠷ ᠪᠦᠯᠦᠭ   ᠬᠤᠷᠠᠯ ᠤᠨ ᠳᠦᠷᠢᠮ     ᠠᠷᠪᠠᠨ ᠨᠠᠢᠮᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠪᠦᠭᠦᠳᠡ ᠬᠤᠷᠠᠯ ᠪᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠳᠦᠷᠢᠮ ᠢ     ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠳᠠᠬᠢ ᠴᠢᠬᠤᠯᠠ ᠶᠡᠭᠡ ᠠᠰᠠᠭᠤᠳᠠᠯ ᠢ ᠡᠷᠬᠡᠪᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ ᠢᠶᠠᠷ ᠳᠡᠮᠵᠢᠨ ᠶᠠᠷᠢᠯᠴᠠᠵᠤ ᠲᠣᠭᠲᠠᠭᠠᠬᠤ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠵᠦ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠪᠠ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠤᠨ᠎ᠠ᠃     ᠠᠷᠪᠠ ᠶᠢᠰᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠡᠯ᠎ᠡ ᠲᠢᠩᠬᠢᠮ ᠤᠨ ᠳᠠᠷᠤᠭ᠎ᠠ᠂ ᠡᠯ᠎ᠡ ᠵᠥᠪᠯᠡᠯ ᠤᠨ ᠡᠷᠬᠢᠯᠡᠭᠴᠢ ᠪᠠᠷ ᠪᠦᠷᠢᠯᠳᠦᠵᠦ᠂ ᠲᠡᠷᠢᠭᠦᠯᠡᠭᠴᠢ ᠠᠴᠠ ᠬᠤᠷᠠᠯᠳᠤᠭᠤᠯᠬᠤ ᠪᠠ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ ᠤᠨ ᠭᠤᠣᠯ ᠡᠭᠦᠷᠭᠡ ᠪᠣᠯ᠄︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠤᠯᠠᠮᠵᠢᠯᠠᠨ ᠲᠤᠭᠤᠰᠢᠯᠠᠭᠤᠯᠤᠨ᠎ᠠ;︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠳᠠᠬᠢ ᠴᠢᠬᠤᠯᠠ ᠶᠡᠭᠡ ᠵᠦᠢᠯᠡᠰ ᠢ ᠰᠤᠳᠤᠯᠤᠨ ᠲᠣᠭᠲᠠᠭᠠᠨ᠎ᠠ;︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠢ ᠪᠠᠶᠢᠷᠢᠯᠠᠭᠤᠯᠤᠨ᠎ᠠ᠃     ᠵᠠᠰᠠᠭ ᠤᠨ ᠣᠷᠳᠣᠨ ᠤ ᠪᠦᠭᠦᠳᠡ ᠬᠤᠷᠠᠯ ᠨᠢ ᠬᠡᠷᠡᠭᠴᠡᠭᠡ ᠪᠠᠨ ᠦᠨᠳᠦᠰᠦᠯᠡᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠢ ᠬᠤᠷᠠᠯ ᠳᠤ ᠰᠤᠯᠠ ᠣᠷᠣᠯᠴᠠᠭᠤᠯᠬᠤ ᠪᠠᠷ ᠲᠣᠬᠢᠷᠠᠭᠤᠯᠵᠤ ᠪᠣᠯᠣᠨ᠎ᠠ᠃      ᠬᠤᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠠᠷ ᠪᠦᠷᠢᠯᠳᠦᠵᠦ᠂ ᠲᠡᠷᠢᠭᠦᠯᠡᠭᠴᠢ ᠠᠴᠠ ᠬᠤᠷᠠᠯᠳᠤᠭᠤᠯᠬᠤ ᠪᠠ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠭᠤᠣᠯ ᠡᠭᠦᠷᠭᠡ ᠪᠣᠯ᠄︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢ ᠲᠣᠭᠲᠠᠭᠠᠯ᠂ ᠴᠢᠬᠤᠯᠠ ᠬᠤᠷᠠᠯ ᠤᠨ ᠵᠣᠷᠢᠭ ᠰᠠᠨᠠᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ;︵ᠬᠤᠶᠠᠷ︶ ᠪᠦᠬᠦ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠯᠤᠰ ᠬᠡᠳᠦ ᠶᠢᠨ ᠲᠥᠯᠦᠪᠵᠢᠭᠦᠯᠭᠡ᠂ ᠣᠨ ᠤ ᠲᠥᠯᠥᠪᠯᠡᠭᠡ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠢ ᠶᠠᠷᠢᠯᠴᠠᠨ᠎ᠠ;︵ᠭᠤᠷᠪᠠ︶ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠬᠦ ᠪᠤᠶᠤ ᠵᠢᠭᠠᠪᠤᠷᠢ ᠠᠪᠬᠤ ᠴᠢᠬᠤᠯᠠᠲᠠᠢ ᠴᠢᠬᠤᠯᠠ ᠵᠦᠢᠯᠡᠰ ᠢ ᠶᠠᠷᠢᠯᠴᠠᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠳᠡᠪᠰᠢᠭᠦᠯᠦᠨ ᠬᠢᠨᠠᠨ ᠵᠥᠪᠯᠡᠭᠦᠯᠬᠦ᠂  ᠰᠢᠢᠳᠪᠦᠷᠢ ᠭᠠᠷᠭᠠᠬᠤ ᠴᠢᠬᠤᠯᠠᠲᠠᠢ ᠴᠢᠬᠤᠯᠠ ᠵᠦᠢᠯᠡᠰ ᠢ ᠶᠠᠷᠢᠯᠴᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ   ᠬᠤᠷᠢᠶᠠᠨ  ᠳᠤ ᠳᠡᠪᠰᠢᠭᠦᠯᠵᠦ ᠬᠢᠨᠠᠨ ᠵᠥᠪᠯᠡᠭᠦᠯᠬᠦ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠢ ᠶᠠᠷᠢᠯᠴᠠᠨ᠎ᠠ;︵ᠳᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠠ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠶᠠᠷᠢᠯᠴᠠᠨ ᠲᠣᠭᠲᠠᠭᠠᠨ᠎ᠠ;︵ᠲᠠᠪᠤ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ ᠳᠤ ᠶᠠᠷᠢᠯᠴᠠᠨ ᠰᠤᠳᠤᠯᠬᠤ ᠪᠠᠷ ᠳᠡᠪᠰᠢᠭᠦᠯᠦᠭᠰᠡᠨ ᠵᠦᠢᠯᠡᠰ ᠢ ᠶᠠᠷᠢᠯᠴᠠᠨ᠎ᠠ;︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠳᠦᠷ ᠲᠣᠳᠤᠮ ᠤᠨ ᠠᠵᠢᠯ ᠳᠠᠬᠢ ᠪᠦᠬᠦ ᠲᠠᠯ᠎ᠠ ᠶᠢᠨ ᠠᠵᠢᠯ ᠳᠤ ᠬᠤᠯᠪᠣᠭᠳᠠᠬᠤ ᠵᠢᠴᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠴᠢᠬᠤᠯᠠᠲᠠᠢ ᠴᠢᠬᠤᠯᠠ ᠵᠦᠢᠯᠡᠰ᠂ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ᠂ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠵᠡᠷᠭᠡ ᠳᠤ ᠬᠤᠯᠪᠣᠭᠳᠠᠬᠤ ᠴᠢᠬᠤᠯᠠ ᠵᠦᠢᠯᠡᠰ ᠢ ᠶᠠᠷᠢᠯᠴᠠᠨ ᠲᠣᠭᠲᠠᠭᠠᠨ᠎ᠠ;︵ᠳᠤᠯᠤᠭ᠎ᠠ︶ ᠠᠶᠢᠮᠠᠭ ᠬᠤᠲᠠ᠂ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠲᠠᠯ᠎ᠠ ᠶᠢᠨ ᠴᠢᠬᠤᠯᠠ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ;︵ᠨᠠᠢᠮᠠ︶ ᠪᠤᠰᠤᠳ ᠴᠢᠬᠤᠯᠠ ᠵᠦᠢᠯᠡᠰ ᠢ ᠨᠡᠪᠲᠡᠷᠡᠭᠦᠯᠦᠨ ᠮᠡᠳᠡᠭᠡᠯᠡᠬᠦ ᠪᠠ ᠶᠠᠷᠢᠯᠴᠠᠨ᠎ᠠ᠃     ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠩ ᠤᠨ ᠪᠠᠶᠢᠳᠠᠯ ᠳᠤ ᠰᠠᠷ᠎ᠠ ᠳᠤ 2-3 ᠤᠳᠠᠭ᠎ᠠ ᠬᠤᠷᠠᠯᠳᠤᠭᠤᠯᠵᠤ᠂ ᠴᠢᠬᠤᠯᠠᠲᠠᠢ ᠪᠣᠯ ᠴᠠᠭ ᠢᠮᠠᠭᠲᠠ ᠬᠤᠷᠠᠯᠳᠤᠭᠤᠯᠵᠤ ᠪᠣᠯᠣᠨ᠎ᠠ᠃ ᠬᠤᠷᠠᠯ ᠤᠨ ᠵᠥᠪᠯᠡᠬᠦ ᠰᠡᠳᠦᠪ ᠢ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠢ ᠬᠤᠷᠠᠯ ᠳᠤ ᠰᠤᠯᠠ  ᠣᠷᠣᠯᠴᠠᠭᠤᠯᠬᠤ ᠪᠠᠷ ᠲᠣᠬᠢᠷᠠᠭᠤᠯᠵᠤ ᠪᠣᠯᠣᠨ᠎ᠠ᠃     ᠬᠤᠷᠢᠨ ᠨᠢᠭᠡ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠨᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠠᠷ ᠪᠦᠷᠢᠯᠳᠦᠵᠦ᠂ ᠲᠡᠷᠢᠭᠦᠯᠡᠭᠴᠢ ᠠᠴᠠ ᠬᠤᠷᠠᠯᠳᠤᠭᠤᠯᠬᠤ ᠪᠠ ᠡᠷᠬᠢᠯᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ᠃ ᠬᠤᠷᠠᠯ ᠤᠨ ᠵᠥᠪᠯᠡᠬᠦ ᠰᠡᠳᠦᠪ ᠢ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠢ ᠬᠤᠷᠠᠯ ᠳᠤ ᠰᠤᠯᠠ  ᠣᠷᠣᠯᠴᠠᠭᠤᠯᠬᠤ ᠪᠠᠷ ᠲᠣᠬᠢᠷᠠᠭᠤᠯᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠤᠨ ᠭᠤᠣᠯ ᠡᠭᠦᠷᠭᠡ ᠪᠣᠯ᠄︵ᠨᠢᠭᠡ︶ ᠡᠳ᠋ ᠤᠨ ᠵᠠᠰᠠᠭ ᠤᠨ ᠪᠡᠯᠡ ᠮᠥᠩᠭᠦ ᠶᠢ ᠬᠤᠪᠢᠶᠠᠷᠢᠯᠠᠬᠤ ᠪᠠ ᠴᠢᠬᠤᠯᠠ ᠶᠡᠭᠡ ᠪᠡᠯᠡ ᠣᠷᠤᠭᠤᠯᠤᠯᠲᠠ ᠶᠢᠨ ᠲᠦᠷᠦᠯ ᠵᠦᠢᠯ ᠢ ᠲᠣᠬᠢᠷᠠᠭᠤᠯᠬᠤ ᠵᠡᠷᠭᠡ ᠵᠦᠢᠯᠡᠰ ᠢ ᠶᠠᠷᠢᠯᠴᠠᠨ  ᠰᠤᠳᠤᠯᠤᠨ᠎ᠠ︔︵ᠬᠤᠶᠠᠷ︶ ᠲᠡᠷᠢᠭᠦᠯᠡᠭᠴᠢ ᠪᠤᠶᠤ ᠳᠡᠳ᠋ ᠲᠡᠷᠢᠭᠦᠯᠡᠭᠴᠢ ᠶᠢᠨ ᠳᠤᠷᠠᠳᠤᠭᠰᠠᠨ ᠪᠤᠰᠤᠳ ᠴᠢᠬᠤᠯᠠ ᠵᠦᠢᠯᠡᠰ ᠢ ᠶᠠᠷᠢᠯᠴᠠᠨ ᠰᠤᠳᠤᠯᠤᠨ᠎ᠠ᠃     ᠬᠤᠷᠢᠨ ᠬᠤᠶᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠩ ᠤᠨ ᠪᠠᠶᠢᠳᠠᠯ ᠳᠤ ᠳᠡᠳ᠋ ᠲᠡᠷᠢᠭᠦᠯᠡᠭᠴᠢ ᠠᠴᠠ ᠬᠤᠷᠠᠯᠳᠤᠭᠤᠯᠬᠤ ᠪᠥᠭᠡᠳ ᠡᠷᠬᠢᠯᠡᠨ᠎ᠡ᠃ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠯᠪᠣᠭᠳᠠᠯ ᠪᠦᠬᠦᠢ ᠠᠶᠢᠮᠠᠭ ᠬᠤᠲᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠬᠡᠷᠡᠭᠴᠡᠭᠡ ᠪᠠᠨ ᠦᠨᠳᠦᠰᠦᠯᠡᠨ ᠬᠤᠷᠠᠯ ᠳᠤ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠤᠨ ᠭᠤᠣᠯ ᠡᠭᠦᠷᠭᠡ ᠪᠣᠯ᠄︵ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠲᠤᠰᠢᠶᠠᠵᠤ ᠶᠠᠷᠢᠯᠴᠠᠭᠤᠯᠤᠨ ᠲᠣᠭᠲᠠᠭᠠᠯᠭᠠᠬᠤ ᠪᠠᠷ ᠪᠠᠶᠢᠭ᠎ᠠ ᠵᠦᠢᠯᠡᠰ ᠢ ᠰᠤᠳᠤᠯᠤᠨ ᠲᠣᠭᠲᠠᠭᠠᠨ᠎ᠠ︔︵ᠬᠤᠶᠠᠷ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠰᠤᠳᠤᠯᠤᠨ ᠨᠠᠶᠢᠳᠠᠪᠤᠷᠢᠵᠢᠭᠤᠯᠤᠨ᠎ᠠ;︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠳᠠᠷᠤᠮᠠᠯᠯᠠᠨ ᠶᠠᠪᠤᠭᠤᠯᠬᠤ ᠪᠠᠷ ᠪᠠᠶᠢᠭ᠎ᠠ ᠴᠢᠬᠤᠯᠠ ᠪᠢᠴᠢᠭ ᠮᠠᠲ᠋ᠧᠷᠢᠶᠠᠯ ᠢ ᠶᠠᠷᠢᠯᠴᠠᠨ ᠰᠤᠳᠤᠯᠤᠨ᠎ᠠ;︵ᠳᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠪᠤᠶᠤ ᠵᠠᠰᠠᠭ ᠤᠨ ᠣᠷᠳᠣᠨ ᠤ ᠣᠯᠠᠨ ᠰᠠᠯᠠᠭ᠎ᠠ ᠮᠥᠴᠢᠷ ᠤᠨ ᠠᠵᠢᠯ ᠳᠤ ᠬᠤᠯᠪᠣᠭᠳᠠᠭᠰᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠬᠤᠯᠠᠲᠠᠢ ᠴᠢᠬᠤᠯᠠ ᠶᠡᠭᠡ ᠵᠦᠢᠯᠡᠰ ᠢ ᠰᠤᠳᠤᠯᠤᠨ ᠲᠣᠬᠢᠷᠠᠭᠤᠯᠤᠨ᠎ᠠ;︵ᠲᠠᠪᠤ︶ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠪᠢᠳᠠᠨ ᠬᠠᠮᠢᠶᠠᠷᠴᠤ ᠪᠦᠬᠦᠢ ᠠᠵᠢᠯ ᠳᠠᠬᠢ ᠪᠣᠳᠠᠲᠠᠢ ᠠᠰᠠᠭᠤᠳᠠᠯ ᠪᠠ ᠲᠤᠰᠬᠠᠢ ᠵᠦᠢᠯᠡᠰ ᠢ ᠶᠠᠷᠢᠯᠴᠠᠨ ᠰᠤᠳᠤᠯᠵᠤ᠂ ᠵᠣᠬᠢᠴᠠᠭᠤᠯᠤᠨ ᠰᠢᠢᠳᠪᠦᠷᠢᠯᠡᠨ᠎ᠡ᠃     ᠬᠤᠷᠢᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ ᠳᠤ   ᠳᠡᠪᠰᠢᠭᠦᠯᠵᠦ ᠶᠠᠷᠢᠯᠴᠠᠭᠤᠯᠬᠤ ᠵᠥᠪᠯᠡᠬᠦ ᠰᠡᠳᠦᠪ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠲᠡᠷᠢᠭᠦᠯᠡᠭᠴᠢ ᠠᠴᠠ ᠲᠣᠭᠲᠠᠭᠠᠨ᠎ᠠ; ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠠ ᠲᠡᠷᠢᠭᠦᠯᠡᠭᠴᠢ ᠤᠨ ᠠᠯᠪᠠᠨ ᠠᠵᠢᠯ ᠤᠨ ᠬᠤᠷᠠᠯ ᠳᠤ ᠳᠡᠪᠰᠢᠭᠦᠯᠵᠦ ᠶᠠᠷᠢᠯᠴᠠᠭᠤᠯᠬᠤ ᠰᠡᠳᠦᠪ ᠢ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠶᠢᠩᠭᠤ ᠶᠢᠨ ᠳᠡᠳ᠋ ᠲᠡᠷᠢᠭᠦᠯᠡᠭᠴᠢ ᠠᠴᠠ ᠵᠣᠬᠢᠴᠠᠭᠤᠯᠵᠤ ᠬᠢᠨᠠᠨ ᠬᠠᠷᠭᠤᠭᠤᠯᠤᠭᠰᠠᠨ ᠤ ᠳᠠᠷᠠᠭ᠎ᠠ ᠲᠡᠷᠢᠭᠦᠯᠡᠭᠴᠢ ᠳᠤ ᠮᠡᠳᠡᠭᠦᠯᠦᠨ ᠲᠣᠭᠲᠠᠭᠠᠨ᠎ᠠ; ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠳᠤ ᠳᠡᠪᠰᠢᠭᠦᠯᠵᠦ ᠶᠠᠷᠢᠯᠴᠠᠭᠤᠯᠤᠨ ᠰᠤᠳᠤᠯᠤᠭᠤᠯᠬᠤ ᠵᠥᠪᠯᠡᠬᠦ ᠰᠡᠳᠦᠪ ᠢ ᠡᠩ ᠤᠨ ᠪᠠᠶᠢᠳᠠᠯ ᠳᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ  ᠤᠨ ᠡᠷᠬᠢᠯᠡᠭᠴᠢ᠂ ᠳᠡᠳ᠋ ᠡᠷᠬᠢᠯᠡᠭᠴᠢ ᠠᠴᠠ ᠵᠣᠬᠢᠴᠠᠭᠤᠯᠵᠤ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠳᠤ ᠮᠡᠳᠡᠭᠦᠯᠦᠨ ᠲᠣᠭᠲᠠᠭᠠᠨ᠎ᠠ;     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠪᠠ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠠᠷᠢᠭᠤᠴᠠᠨ᠎ᠠ᠃ ᠬᠤᠷᠠᠯ ᠤᠨ ᠪᠢᠴᠢᠭ ᠮᠠᠲ᠋ᠧᠷᠢᠶᠠᠯ ᠢ ᠵᠥᠪᠯᠡᠬᠦ ᠰᠡᠳᠦᠪ ᠤᠨ ᠬᠠᠷᠢᠭᠤ ᠮᠡᠳᠡᠭᠦᠯᠬᠦ ᠰᠠᠯᠠᠭ᠎ᠠ ᠮᠥᠴᠢᠷ ᠠᠴᠠ ᠲᠦᠷᠦᠭᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠢᠨᠠᠨ ᠬᠠᠷᠭᠤᠭᠤᠯᠵᠤ ᠴᠢᠩᠭ᠎ᠠ ᠬᠠᠮᠢᠶᠠᠷᠤᠨ᠎ᠠ᠃ ᠬᠤᠷᠠᠯ ᠤᠨ ᠪᠢᠴᠢᠭ ᠮᠠᠲ᠋ᠧᠷᠢᠶᠠᠯ ᠨᠢ ᠵᠥᠪᠯᠡᠬᠦ ᠰᠡᠳᠦᠪ ᠤᠨ ᠪᠠᠶᠢᠳᠠᠯ ᠪᠠ ᠡᠯ᠎ᠡ ᠲᠠᠯ᠎ᠠ ᠶᠢᠨ ᠰᠠᠨᠠᠯ ᠢ ᠪᠦᠬᠦ ᠲᠠᠯ᠎ᠠ ᠪᠠᠷ ᠣᠨᠣᠪᠴᠢᠲᠠᠢ ᠲᠤᠰᠬᠠᠵᠤ᠂ ᠦᠭᠡ ᠬᠡᠯᠡᠯᠭᠡ ᠨᠢ ᠣᠨᠣᠪᠴᠢᠲᠠᠢ᠂ ᠵᠣᠬᠢᠶᠠᠮᠵᠢ ᠨᠠᠶᠢᠷᠠᠭᠤᠯᠭ᠎ᠠ ᠨᠢ ᠲᠣᠪᠴᠢ  ᠠᠪᠰᠠᠷᠬᠠᠨ᠂ ᠯᠣᠭᠢᠭ ᠴᠢᠨᠠᠷ  ᠢᠶᠠᠷ ᠴᠢᠩᠭ᠎ᠠ ᠠᠪᠴᠠᠯᠳᠤᠩᠭᠤᠢ᠂ ᠵᠦᠢᠯ ᠵᠤᠷᠪᠤᠰ ᠨᠢ ᠵᠢᠷᠤᠮᠵᠢᠭᠤᠨ ᠪᠠᠶᠢᠬᠤ ᠬᠡᠷᠡᠭᠲᠡᠢ᠃     ᠬᠤᠷᠢᠨ ᠳᠥᠷᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠠ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠲᠤᠭᠤᠷᠪᠢᠵᠤ᠂ ᠳᠡᠰ ᠳᠠᠷᠠᠭᠠᠯᠠᠯ ᠶᠣᠰᠣᠭᠠᠷ ᠲᠡᠷᠢᠭᠦᠯᠡᠭᠴᠢ ᠳᠤ ᠮᠡᠳᠡᠭᠦᠯᠦᠨ ᠭᠠᠷ ᠤᠨ ᠦᠰᠦᠭ ᠵᠢᠷᠤᠵᠤ ᠶᠠᠪᠤᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠤᠨ ᠲᠣᠪᠴᠢ ᠶᠢ ᠲᠡᠷᠢᠭᠦᠯᠡᠭᠴᠢ ᠳᠤ ᠮᠡᠳᠡᠭᠦᠯᠦᠨ ᠦᠵᠡᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠷᠠᠯ ᠬᠤᠷᠠᠯᠳᠤᠭᠤᠯᠤᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠪᠠ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢᠶᠠᠷ ᠶᠠᠷᠢᠯᠴᠠᠵᠤ ᠪᠠᠲᠤᠯᠠᠭᠠᠳ ᠳᠠᠷᠤᠮᠠᠯᠯᠠᠨ ᠶᠠᠪᠤᠭᠤᠯᠬᠤ ᠪᠠᠷ ᠲᠣᠭᠲᠠᠭᠠᠭᠰᠠᠨ ᠪᠢᠴᠢᠭ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ ᠬᠤᠷᠠᠯ ᠳᠠᠭᠤᠰᠤᠭᠰᠠᠨ ᠤ ᠳᠠᠷᠠᠭ᠎ᠠ 7 ᠠᠵᠢᠯᠯᠠᠬᠤ ᠡᠳᠦᠷ ᠤᠨ ᠳᠣᠲᠣᠷ᠎ᠠ ᠳᠠᠷᠤᠮᠠᠯᠯᠠᠨ ᠶᠠᠪᠤᠭᠤᠯᠬᠤ ᠬᠡᠷᠡᠭᠲᠡᠢ; ᠶᠠᠷᠢᠯᠴᠠᠵᠤ ᠲᠣᠭᠲᠠᠭᠠᠭᠰᠠᠨ ᠵᠦᠢᠯᠡᠰ ᠢ ᠬᠠᠤᠯᠢ ᠶᠣᠰᠣᠭᠠᠷ ᠨᠢᠭᠤᠴᠠᠯᠠᠬᠤ ᠴᠢᠬᠤᠯᠠᠲᠠᠢ ᠠᠴᠠ ᠪᠤᠰᠤᠳ ᠢ ᠨᠢ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃     ᠬᠤᠷᠢᠨ ᠲᠠᠪᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠳᠤ ᠣᠷᠤᠯᠴᠠᠵᠤ᠂ ᠵᠠᠷᠴᠢᠮ ᠳᠡᠭᠡᠷ᠎ᠡ ᠪᠠᠨ ᠴᠢᠯᠦᠭᠡ ᠭᠤᠶᠤᠵᠤ ᠪᠣᠯᠬᠤ ᠦᠭᠡᠢ᠃ ᠣᠨᠴᠠᠭᠠᠢ ᠪᠠᠶᠢᠳᠠᠯ ᠲᠠᠢ ᠠᠴᠠ ᠪᠣᠯᠵᠤ ᠣᠷᠤᠯᠴᠠᠵᠤ ᠳᠡᠶᠢᠯᠬᠦ ᠦᠭᠡᠢ ᠪᠣᠯ᠂ ᠴᠢᠯᠦᠭᠡ ᠭᠤᠶᠤᠬᠤ ᠭᠠᠷᠳᠠᠮ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠤᠷᠠᠯ ᠤᠨ ᠡᠷᠬᠢᠯᠡᠭᠴᠢ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃     ᠬᠤᠷᠢᠨ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠤᠷᠠᠯᠳᠤᠭᠤᠯᠬᠤ ᠠᠵᠢᠯ ᠤᠨ ᠬᠤᠷᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠢᠨᠠᠨ   ᠵᠥᠪᠰᠢᠶᠡᠷᠡᠬᠦ ᠬᠡᠷᠡᠭᠲᠡᠢ᠃ ᠲᠣᠪᠴᠢ ᠠᠪᠰᠠᠷᠬᠠᠨ ᠪᠥᠭᠡᠳ ᠨᠢᠭᠡᠳᠦᠯᠲᠡᠢ᠂ ᠪᠣᠳᠠᠲᠠᠢ ᠶᠢ ᠡᠷᠬᠢᠮᠯᠡᠬᠦ ᠪᠥᠭᠡᠳ ᠥᠨᠳᠥᠷ ᠪᠦᠲᠦᠮᠵᠢᠲᠡᠢ᠂ ᠰᠠᠶᠢᠲᠤᠷ ᠭᠠᠮᠨᠠᠨ ᠠᠷᠪᠢᠯᠠᠬᠤ ᠵᠠᠷᠴᠢᠮ ᠢ ᠪᠠᠷᠢᠮᠲᠠᠯᠠᠵᠤ᠂ ᠲᠤᠭ᠎ᠠ ᠬᠡᠮᠵᠢᠶ᠎ᠡ ᠶᠢ  ᠨᠢ ᠪᠠᠭᠠᠰᠬᠠᠨ᠂ ᠬᠡᠪᠴᠢᠶ᠎ᠡ ᠪᠠ ᠴᠠᠭ ᠬᠤᠭᠤᠴᠠᠭ᠎ᠠ ᠶᠢ ᠨᠢ ᠬᠢᠵᠠᠭᠠᠷᠯᠠᠵᠤ᠂ ᠬᠤᠷᠠᠯ ᠳᠤ ᠣᠷᠤᠯᠴᠠᠬᠤ ᠬᠥᠮᠥᠨ ᠤ ᠬᠡᠪᠴᠢᠶ᠎ᠡ ᠶᠢ ᠵᠣᠬᠢᠰᠲᠠᠢ ᠲᠣᠭᠲᠠᠭᠠᠨ᠂ ᠬᠤᠷᠠᠯ ᠳᠤ ᠳᠠᠭᠠᠵᠦ ᠰᠠᠭᠤᠬᠤ ᠬᠥᠮᠥᠨ ᠢ ᠴᠥᠭᠡᠳᠬᠡᠨ᠎ᠡ᠃ ᠵᠠᠰᠠᠭ ᠤᠨ ᠣᠷᠳᠣᠨ ᠤ ᠠᠵᠢᠯ ᠤᠨ ᠬᠤᠷᠠᠯ ᠳᠤ ᠣᠨ ᠤ ᠲᠥᠯᠥᠪᠯᠡᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠯᠥᠪᠯᠡᠭᠡ ᠠᠴᠠ ᠭᠠᠳᠠᠨᠠᠬᠢ ᠬᠤᠷᠠᠯ ᠢ ᠵᠠᠷᠴᠢᠮ ᠳᠡᠭᠡᠷ᠎ᠡ ᠪᠠᠨ ᠬᠤᠷᠠᠯᠳᠤᠭᠤᠯᠬᠤ ᠦᠭᠡᠢ᠂ ᠣᠨᠴᠠᠭᠠᠢ ᠪᠠᠶᠢᠳᠠᠯ ᠠᠴᠠ ᠪᠣᠯᠵᠤ ᠦᠨᠡᠨ ᠬᠦ ᠬᠤᠷᠠᠯᠳᠤᠭᠤᠯᠬᠤ ᠴᠢᠬᠤᠯᠠᠲᠠᠢ ᠪᠣᠯ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠠᠷ ᠬᠢᠨᠠᠨ ᠬᠠᠷᠭᠤᠭᠤᠯᠤᠭᠤᠯᠤᠭᠰᠠᠨ ᠤ ᠳᠠᠷᠠᠭ᠎ᠠ ᠲᠡᠷᠢᠭᠦᠯᠡᠭᠴᠢ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠪᠦᠬᠦ ᠣᠷᠣᠨ ᠤ ᠴᠢᠨᠠᠷᠲᠠᠢ ᠲᠤᠬᠠᠶᠢᠯᠠᠭᠰᠠᠨ ᠠᠵᠢᠯ ᠤᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠤᠷᠠᠯᠳᠤᠭᠤᠯᠬᠤ    ᠦᠭᠡᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠠ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠬᠤ ᠦᠭᠡᠢ᠃ ᠰᠢᠯᠭᠠᠨ ᠪᠠᠶᠢᠴᠠᠭᠠᠵᠤ ᠲᠤᠷᠰᠢᠯᠭ᠎ᠠ ᠰᠤᠷᠤᠯᠴᠠᠬᠤ᠂ ᠰᠠᠭᠤᠳᠠᠯ ᠤᠨ ᠬᠤᠷᠠᠯ ᠬᠢᠵᠦ ᠰᠠᠨᠠᠯ ᠢᠶᠠᠨ ᠰᠣᠯᠢᠯᠴᠠᠬᠤ᠂ ᠲᠥᠪᠯᠡᠷᠡᠭᠦᠯᠦᠨ ᠶᠠᠷᠢᠯᠴᠠᠬᠤ ᠵᠡᠷᠭᠡ ᠠᠭᠤᠯᠭ᠎ᠠ ᠦᠯᠦ ᠲᠣᠬᠢᠷᠠᠭᠤᠯᠤᠭᠰᠠᠨ ᠬᠤᠷᠠᠯ ᠢ ᠴᠥᠮ ᠲᠧᠯᠸᠢᠰ ᠤᠲᠠᠰᠤᠲᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠤᠨ᠎ᠠ᠃ ᠡᠩ ᠤᠨ ᠪᠠᠶᠢᠳᠠᠯ ᠳᠤ ᠱᠠᠲᠤ ᠠᠯᠤᠰᠯᠠᠨ ᠬᠤᠷᠠᠯ ᠬᠤᠷᠠᠯᠳᠤᠭᠤᠯᠬᠤ ᠦᠭᠡᠢ᠂  ᠠᠯᠢᠪᠠ ᠠᠶᠢᠮᠠᠭ ᠬᠤᠲᠠ ᠠᠴᠠ ᠳᠣᠷᠣᠭᠰᠢᠬᠢ ᠱᠠᠲᠤᠨ ᠳᠤ ᠬᠦᠷᠲᠡᠯ᠎ᠡ ᠬᠤᠷᠠᠯᠳᠤᠭᠤᠯᠬᠤ ᠬᠤᠷᠠᠯ ᠪᠦᠬᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ ᠡᠯ᠎ᠡ ᠲᠦᠷᠦᠯ ᠤᠨ ᠬᠤᠷᠠᠯ ᠳᠤ ᠴᠥᠮ ᠭᠦᠢᠴᠡᠳ ᠪᠡᠯᠡᠳᠬᠡᠯ ᠬᠢᠵᠦ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠨ᠂ ᠦᠷ᠎ᠡ ᠪᠦᠲᠦᠮᠵᠢ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃     ᠣᠯᠠᠨ ᠤᠯᠤᠰ ᠤᠨ ᠬᠤᠷᠠᠯ᠂ ᠶᠠᠷᠢᠶᠠᠨ ᠤ ᠲᠠᠪᠴᠠᠩ᠂ ᠪᠠᠶᠠᠷ ᠤᠨ ᠶᠣᠰᠣᠯᠠᠯ᠂ ᠪᠠᠶᠠᠷ ᠤᠨ ᠡᠳᠦᠷ ᠤᠨ ᠬᠤᠷᠠᠯ ᠵᠡᠷᠭᠡ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠪᠠ ᠵᠢᠷᠤᠮᠵᠢᠭᠤᠯᠤᠨ᠎ᠠ᠃ ᠡᠯ᠎ᠡ ᠲᠦᠷᠦᠯ ᠤᠨ ᠬᠤᠷᠠᠯ ᠤᠨ ᠠᠵᠢᠯᠯᠠᠭ᠎ᠠ ᠶᠢᠨ ᠵᠠᠷᠤᠳᠠᠯ ᠢ ᠲᠥᠰᠥᠪ ᠤᠨ ᠬᠠᠮᠢᠶᠠᠷᠤᠯᠲᠠ ᠳᠤ ᠣᠷᠤᠭᠤᠯᠬᠤ ᠬᠡᠷᠡᠭᠲᠡᠢ᠃     ᠬᠤᠷᠢᠨ ᠳᠤᠯᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠰᠤᠷᠤᠯᠴᠠᠯᠭ᠎ᠠ ᠶᠢᠨ ᠳᠦᠷᠢᠮ ᠢ ᠪᠠᠶᠢᠭᠤᠯᠵᠤ᠂ ᠡᠩ ᠤᠨ ᠪᠠᠶᠢᠳᠠᠯ ᠳᠤ ᠰᠠᠷ᠎ᠠ ᠳᠤ 1ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠲᠣᠬᠢᠷᠠᠭᠤᠯᠤᠨ᠂ ᠰᠤᠷᠤᠯᠴᠠᠯᠭ᠎ᠠ ᠶᠢᠨ ᠠᠵᠢᠯᠯᠠᠭ᠎ᠠ ᠶᠢ ᠲᠡᠷᠢᠭᠦᠯᠡᠭᠴᠢ ᠠᠴᠠ ᠡᠷᠬᠢᠯᠡᠵᠦ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠣᠷᠤᠯᠴᠠᠵᠤ᠂ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠪᠠᠶᠢᠳᠠᠯ ᠢ ᠦᠨᠳᠦᠰᠦᠯᠡᠨ ᠰᠤᠯᠠ ᠣᠷᠣᠯᠴᠠᠨ᠎ᠠ᠃ ᠰᠤᠷᠤᠯᠴᠠᠯᠭ᠎ᠠ ᠶᠢᠨ ᠭᠤᠣᠯ ᠰᠡᠳᠦᠪ ᠢ ᠲᠡᠷᠢᠭᠦᠯᠡᠭᠴᠢ ᠠᠴᠠ ᠲᠣᠭᠲᠠᠭᠠᠵᠤ᠂ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠢᠭᠠᠪᠤᠷᠢ ᠱᠠᠭᠠᠷᠳᠠᠯᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠮᠡᠳᠡᠯᠭᠡ ᠡᠷᠳᠡᠮ ᠢᠶᠠᠨ ᠨᠡᠮᠡᠭᠳᠡᠭᠦᠯᠬᠦ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ; ᠰᠤᠷᠤᠯᠴᠠᠯᠭ᠎ᠠ ᠶᠢ ᠤᠳᠤᠷᠢᠳᠬᠤ ᠨᠥᠬᠦᠳ ᠦᠪᠡᠰᠦᠪᠡᠨ ᠰᠤᠷᠤᠯᠴᠠᠵᠤ ᠰᠠᠨᠠᠯ ᠢᠶᠠᠨ ᠰᠣᠯᠢᠯᠴᠠᠬᠤ᠂ ᠬᠠᠮᠲᠤ ᠪᠠᠷ ᠰᠤᠳᠤᠯᠤᠨ ᠶᠠᠷᠢᠯᠴᠠᠬᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠲᠣᠬᠢᠷᠠᠭᠤᠯᠤᠨ ᠬᠠᠷᠢᠭᠤ ᠮᠡᠳᠡᠭᠦᠯᠬᠦ ᠪᠤᠶᠤ ᠲᠤᠰᠬᠠᠢ ᠮᠡᠷᠭᠡᠵᠢᠯᠲᠡᠨ ᠢ ᠤᠷᠢᠵᠤ ᠲᠠᠶᠢᠯᠤᠮᠵᠢ ᠬᠢᠯᠭᠡᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠥᠷᠨᠢᠭᠦᠯᠦᠨ᠎ᠡ᠃ ᠵᠠᠰᠠᠭ ᠤᠨ ᠣᠷᠳᠣᠨ ᠤ ᠪᠦᠷᠢᠯᠳᠦᠭᠦᠨ ᠨᠦᠭᠦᠳ ᠰᠤᠷᠤᠯᠴᠠᠯᠭ᠎ᠠ ᠶᠢ  ᠴᠢᠩᠭᠠᠳᠬᠠᠬᠤ ᠬᠡᠪ ᠳᠠᠭᠤᠷᠢᠶᠠᠯ ᠪᠣᠯᠵᠤ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠨᠢ ᠰᠤᠷᠤᠯᠴᠠᠬᠤ ᠮᠠᠶ᠋ᠢᠭ ᠤᠨ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ᠃                  ᠵᠢᠷᠭᠤᠳᠤᠭᠠᠷ ᠪᠦᠯᠦᠭ  ᠠᠯᠪᠠᠨ ᠪᠢᠴᠢᠭ ᠰᠢᠢᠳᠪᠦᠷᠢᠯᠡᠬᠦ     ᠬᠤᠷᠢᠨ ᠨᠠᠢᠮᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠠᠯᠪᠠᠨ ᠪᠢᠴᠢᠭ ᠮᠡᠳᠡᠭᠦᠯᠦᠨ ᠬᠦᠷᠭᠡᠬᠦ ᠳᠤ ᠪᠠᠨ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠢ ᠰᠢᠢᠳᠪᠦᠷᠢᠯᠡᠬᠦ ᠠᠵᠢᠯ ᠤᠨ ᠳᠦᠷᠢᠮ︾ ᠤᠨ ᠲᠣᠭᠲᠠᠭᠠᠯ ᠳᠤ ᠨᠡᠶᠢᠴᠡᠭᠦᠯᠵᠦ᠂ ᠠᠯᠪᠠᠨ ᠪᠢᠴᠢᠭ ᠶᠠᠪᠤᠭᠤᠯᠬᠤ ᠳᠦᠷᠢᠮ ᠪᠠ ᠵᠢᠷᠤᠮ ᠢ ᠴᠢᠩᠭ᠎ᠠ ᠵᠢᠷᠤᠮᠯᠠᠬᠤ ᠬᠡᠷᠡᠭᠲᠡᠢ᠃ ᠠᠯᠪᠠᠨ ᠪᠢᠴᠢᠭ ᠶᠠᠪᠤᠭᠤᠯᠬᠤ ᠳᠤ ᠵᠠᠪᠠᠯ ᠶᠠᠪᠤᠭᠤᠯᠬᠤ ᠴᠢᠬᠤᠯᠠᠲᠠᠢ ᠪᠠᠶᠢᠬᠤ ᠬᠡᠷᠡᠭᠲᠡᠢ ᠮᠥᠷᠲᠡᠭᠡᠨ ᠪᠣᠳᠠᠲᠤ ᠦᠢᠯᠡᠳᠦᠯ ᠢ ᠡᠷᠬᠢᠮᠯᠡᠬᠦ ᠬᠡᠷᠡᠭᠲᠡᠢ; ᠵᠥᠪᠰᠢᠶᠡᠷᠡᠭᠦᠯᠦᠭᠰᠡᠨ ᠦᠭᠡᠢ ᠪᠠᠷ ᠱᠠᠲᠤ ᠠᠯᠤᠰᠯᠠᠨ ᠠᠯᠪᠠᠨ ᠪᠢᠴᠢᠭ ᠶᠠᠪᠤᠭᠤᠯᠵᠤ ᠪᠣᠯᠬᠤ ᠦᠭᠡᠢ᠂ ᠣᠯᠠᠨ ᠲᠡᠶᠢᠰᠢ ᠪᠠᠨ ᠠᠯᠪᠠᠨ ᠪᠢᠴᠢᠭ ᠮᠡᠳᠡᠭᠦᠯᠵᠦ ᠪᠣᠯᠬᠤ ᠦᠭᠡᠢ; ᠵᠢᠭᠠᠪᠤᠷᠢ ᠠᠪᠬᠤ ᠳᠤ ᠨᠢᠭᠡ ᠠᠯᠪᠠᠨ ᠪᠢᠴᠢᠭ ᠢᠶᠠᠷ ᠨᠢᠭᠡ ᠯᠡ ᠠᠵᠢᠯ ᠶᠠᠪᠤᠳᠠᠯ ᠤᠨ ᠵᠢᠭᠠᠪᠤᠷᠢ ᠠᠪᠴᠤ᠂ ᠮᠡᠳᠡᠭᠦᠯᠦᠯᠲᠡ ᠳᠤ ᠵᠢᠭᠠᠪᠤᠷᠢ ᠠᠪᠬᠤ ᠵᠦᠢᠯᠡᠰ ᠬᠤᠯᠢᠯᠳᠤᠭᠤᠯᠤᠨ ᠳᠠᠭᠠᠭᠤᠯᠵᠤ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤᠰᠢᠶᠠᠨ ᠭᠦᠢᠴᠡᠳᠬᠡᠯᠭᠡᠭᠰᠡᠨ ᠵᠦᠢᠯᠡᠰ ᠪᠠ ᠡᠷᠬᠡᠪᠰᠢ ᠰᠢᠭᠤᠳ ᠮᠡᠳᠡᠭᠦᠯᠦᠨ ᠬᠦᠷᠭᠡᠬᠦ ᠬᠡᠷᠡᠭᠲᠡᠢ ᠲᠠᠰᠤ ᠨᠢᠭᠤᠴᠠ ᠶᠢᠨ ᠳᠡᠰ ᠤᠨ ᠵᠦᠢᠯᠡᠰ ᠠᠴᠠ ᠭᠠᠳᠠᠨ᠎ᠠ᠂ ᠡᠩ ᠤᠨ ᠪᠠᠶᠢᠳᠠᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠬᠤᠪᠢ ᠬᠥᠮᠥᠨ ᠳᠤ ᠨᠢ ᠰᠢᠭᠤᠳ ᠠᠯᠪᠠᠨ ᠪᠢᠴᠢᠭ ᠢ ᠮᠡᠳᠡᠭᠦᠯᠦᠨ ᠬᠦᠷᠭᠡᠵᠦ ᠪᠣᠯᠬᠤ ᠦᠭᠡᠢ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠪᠤᠶᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠡᠷ᠎ᠡ ᠪᠠᠷ ᠪᠢᠴᠢᠭ ᠮᠠᠲ᠋ᠧᠷᠢᠶᠠᠯ ᠬᠠᠮᠲᠤᠷᠠᠨ   ᠶᠠᠪᠤᠭᠤᠯᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠤᠨ ᠨᠣᠣᠷᠠᠭ ᠲᠤ᠂ ᠠᠭᠤᠯᠭ᠎ᠠ  ᠨᠢ ᠭᠤᠣᠯᠳᠠᠭᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠮᠥᠷᠲᠡᠭᠡᠨ ᠲᠦᠷᠦᠭᠦᠯᠡᠨ ᠲᠤᠭᠤᠷᠪᠢᠭᠰᠠᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠤᠷᠢᠳ ᠢᠶᠠᠷ ᠮᠡᠳᠡᠭᠦᠯᠦᠨ ᠬᠦᠷᠭᠡᠵᠦ ᠬᠠᠮᠢᠶ᠎ᠠ ᠪᠦᠬᠦᠢ ᠬᠢᠨᠠᠨ ᠬᠠᠷᠭᠤᠭᠤᠯᠬᠤ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠃     ᠬᠤᠷᠢ ᠶᠢᠰᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ  ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ  ᠡᠬᠡ ᠲᠥᠰᠥᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠣᠷᠣᠯᠠᠨ ᠲᠤᠭᠤᠷᠪᠢᠬᠤ ᠨᠣᠣᠷᠠᠭ᠂ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠨ ᠲᠣᠭᠲᠠᠭᠠᠯᠭᠠᠬᠤ ᠴᠢᠬᠤᠯᠠ ᠶᠡᠭᠡ ᠵᠦᠢᠯᠡᠰ ᠤᠨ ᠠᠯᠪᠠᠨ ᠪᠢᠴᠢᠭ ᠢ ᠲᠤᠭᠤᠷᠪᠢᠬᠤ ᠳᠤ᠂ ᠡᠷᠬᠡᠪᠰᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠯᠠᠨ ᠰᠠᠬᠢᠵᠤ᠂ ᠪᠠᠶᠢᠴᠠᠭᠠᠨ ᠰᠤᠳᠤᠯᠬᠤ ᠠᠵᠢᠯ ᠢ ᠭᠦᠨᠵᠡᠭᠡᠢ ᠥᠷᠨᠢᠭᠦᠯᠦᠨ᠂ ᠬᠠᠤᠯᠢ ᠶᠣᠰᠣᠴᠢ ᠴᠢᠨᠠᠷ᠂ ᠴᠢᠬᠤᠯᠠ ᠪᠦᠬᠦᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠪᠣᠯᠣᠮᠵᠢᠲᠤ ᠴᠢᠨᠠᠷ ᠪᠠ ᠬᠤᠷᠸ᠎ᠠ ᠲᠥᠷᠥ ᠶᠢᠨ ᠪᠣᠳᠣᠯᠭ᠎ᠠ ᠶᠢᠨ ᠴᠢᠭᠯᠡᠯ ᠤᠨ ᠨᠢᠭᠡᠳᠦᠯᠲᠦ ᠴᠢᠨᠠᠷ ᠢ ᠨᠢ ᠦᠨᠡᠯᠡᠨ ᠵᠢᠱᠢᠵᠦ ᠨᠤᠲᠠᠯᠠᠬᠤ ᠬᠡᠷᠡᠭᠲᠡᠢ; ᠣᠷᠣᠨ ᠨᠤᠲᠤᠭ ᠪᠤᠶᠤ ᠰᠠᠯᠠᠭ᠎ᠠ ᠮᠥᠴᠢᠷ ᠲᠤ ᠬᠤᠯᠪᠣᠭᠳᠠᠪᠠᠯ᠂ ᠤᠷᠢᠳ ᠢᠶᠠᠷ ᠰᠠᠨᠠᠯ ᠬᠤᠷᠢᠶᠠᠬᠤ ᠬᠡᠷᠡᠭᠲᠡᠢ; ᠴᠢᠬᠤᠯᠠ ᠶᠡᠭᠡ ᠣᠯᠠᠨ ᠨᠡᠶᠢᠲᠡ ᠶᠢᠨ  ᠠᠰᠢᠭ ᠲᠤᠰᠠ ᠪᠠ ᠣᠯᠠᠨ ᠨᠡᠶᠢᠲᠡ ᠶᠢᠨ ᠡᠷᠬᠡ ᠠᠰᠢᠭ᠂ ᠨᠡᠶᠢᠭᠡᠮ ᠤᠨ ᠠᠮᠤᠷ ᠲᠣᠭᠲᠠᠭᠤᠨ ᠤ ᠪᠠᠶᠢᠳᠠᠯ ᠢ ᠠᠮᠠᠷᠬᠠᠨ ᠡᠭᠦᠰᠬᠡᠬᠦ ᠠᠰᠠᠭᠤᠳᠠᠯ ᠳᠤ  ᠬᠤᠯᠪᠣᠭᠳᠠᠭᠰᠠᠨ ᠪᠠᠶᠢᠪᠠᠯ᠂ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠡᠯ᠎ᠡ ᠲᠠᠯ᠎ᠠ ᠶᠢᠨ ᠰᠠᠨᠠᠯ ᠢ ᠰᠣᠨᠣᠰᠴᠤ᠂ ᠨᠡᠶᠢᠭᠡᠮ ᠤᠨ ᠲᠣᠭᠲᠠᠭᠤᠨ ᠤ ᠲᠠᠯ᠎ᠠ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠢ ᠬᠠᠤᠯᠢ ᠶᠣᠰᠣᠭᠠᠷ ᠨᠢᠭᠤᠴᠠᠯᠠᠬᠤ ᠴᠢᠬᠤᠯᠠᠲᠠᠢ ᠠᠴᠠ ᠪᠤᠰᠤᠳ ᠢ ᠨᠢ ᠢᠯᠡ ᠪᠠᠷ ᠰᠠᠨᠠᠯ  ᠬᠤᠷᠢᠶᠠᠵᠤ᠂ ᠮᠠᠷᠭᠤᠭᠠᠨ ᠨᠡᠯᠢᠶᠡᠳ ᠶᠡᠭᠡ ᠪᠠᠶᠢᠭ᠎ᠠ ᠴᠢᠬᠤᠯᠠ ᠵᠦᠢᠯᠡᠰ ᠲᠤ ᠭᠦᠢᠴᠡᠳ ᠦᠨᠡᠯᠡᠨ ᠵᠢᠱᠢᠬᠦ ᠪᠠ ᠬᠢᠴᠢᠶᠡᠩᠭᠦᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠲᠡᠢ᠃     ᠭᠤᠴᠢ᠂ ᠡᠯ᠎ᠡ ᠰᠠᠯᠠᠭ᠎ᠠ ᠮᠥᠴᠢᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠵᠢᠭᠠᠪᠤᠷᠢ ᠠᠪᠬᠤ ᠴᠢᠨᠠᠷᠲᠠᠢ ᠠᠯᠪᠠᠨ ᠪᠢᠴᠢᠭ ᠲᠤ᠂ ᠪᠤᠰᠤᠳ ᠰᠠᠯᠠᠭ᠎ᠠ ᠮᠥᠴᠢᠷ ᠤᠨ ᠡᠷᠬᠡ ᠲᠤᠰᠢᠶᠠᠯ ᠳᠤ ᠬᠤᠯᠪᠣᠭᠳᠠᠬᠤ ᠪᠦᠬᠦᠨ ᠢ ᠴᠥᠮ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠭᠦᠢᠴᠡᠳ ᠵᠥᠪᠳᠡᠯᠴᠡᠵᠦ᠂ ᠭᠤᠣᠯᠯᠯᠠᠨ ᠡᠷᠬᠢᠯᠡᠭᠰᠡᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠯᠤᠭ᠎ᠠ ᠬᠠᠮᠲᠤ ᠪᠠᠷ ᠭᠠᠷ ᠤᠨ ᠦᠰᠦᠭ ᠵᠢᠷᠤᠬᠤ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠢᠨᠠᠨ ᠵᠥᠪᠰᠢᠶᠡᠷᠡᠭᠦᠯᠬᠦ ᠪᠠᠷ ᠬᠠᠮᠲᠤᠷᠠᠨ ᠮᠡᠳᠡᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠤ ᠪᠠᠨ ᠵᠥᠷᠢᠯᠳᠦᠭᠡᠨ ᠲᠠᠢ ᠪᠠᠶᠢᠪᠠᠯ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠨᠢ ᠵᠥᠪᠳᠡᠯᠴᠡᠬᠦ ᠪᠠᠨ ᠴᠢᠩᠭᠠᠳᠬᠠᠨ᠎ᠠ; ᠵᠥᠪᠳᠡᠯᠴᠡᠭᠡᠳ ᠮᠥᠨ ᠴᠦ ᠰᠠᠨᠠᠯ ᠨᠢᠭᠡᠲᠦᠵᠦ ᠳᠡᠶᠢᠯᠬᠦ ᠦᠭᠡᠢ ᠪᠠᠶᠢᠪᠠᠯ᠂ ᠭᠤᠣᠯᠯᠠᠨ ᠡᠷᠬᠢᠯᠡᠭᠰᠡᠨ ᠰᠠᠯᠠᠭ᠎ᠠ ᠮᠥᠴᠢᠷ ᠨᠢ ᠡᠯ᠎ᠡ ᠲᠠᠯ᠎ᠠ ᠶᠢᠨ ᠰᠠᠨᠠᠯ ᠵᠢᠴᠢ ᠶᠣᠰᠣ ᠦᠨᠳᠦᠰᠦᠯᠡᠯ ᠢ ᠨᠢ ᠲᠣᠳᠣᠷᠬᠠᠢ ᠵᠢᠭᠰᠠᠭᠠᠵᠤ᠂ ᠭᠦᠢᠴᠡᠳᠬᠡᠬᠦ ᠰᠠᠨᠠᠭᠤᠯᠭ᠎ᠠ ᠪᠠᠨ ᠳᠤᠷᠠᠳᠬᠤ      ᠬᠡᠷᠡᠭᠲᠡᠢ᠃     ᠰᠠᠯᠠᠭ᠎ᠠ ᠮᠥᠴᠢᠷ ᠬᠤᠭᠤᠷᠣᠨᠳᠤ ᠪᠠᠨ ᠰᠠᠨᠠᠯ ᠬᠤᠷᠢᠶᠠᠬᠤ ᠪᠤᠶᠤ ᠪᠢᠴᠢᠭ ᠮᠠᠲ᠋ᠧᠷᠢᠶᠠᠯ ᠳᠤ ᠬᠠᠮᠲᠤ ᠪᠠᠷ ᠭᠠᠷ ᠤᠨ ᠦᠰᠦᠭ ᠵᠢᠷᠤᠬᠤ ᠳᠤ ᠪᠠᠨ᠂ ᠭᠤᠣᠯᠯᠠᠨ ᠡᠷᠬᠢᠯᠡᠭᠰᠡᠨ ᠰᠠᠯᠠᠭ᠎ᠠ ᠮᠥᠴᠢᠷ ᠲᠤ ᠠᠰᠲᠠᠭᠠᠨ ᠴᠠᠭ ᠬᠢᠵᠠᠭᠠᠷ ᠤᠨ ᠱᠠᠭᠠᠷᠳᠠᠯᠭ᠎ᠠ ᠪᠠᠶᠢᠬᠤ ᠠᠴᠠ ᠭᠠᠳᠠᠨ᠎ᠠ᠂ ᠡᠩ ᠤᠨ ᠪᠠᠶᠢᠳᠠᠯ ᠳᠤ 7 ᠠᠵᠢᠯᠯᠠᠬᠤ ᠡᠳᠦᠷ ᠤᠨ ᠳᠣᠲᠣᠷ᠎ᠠ ᠬᠠᠷᠢᠭᠤ ᠥᠭᠬᠦ ᠬᠡᠷᠡᠭᠲᠡᠢ; ᠣᠨᠴᠠᠭᠠᠢ ᠪᠠᠶᠢᠳᠠᠯ ᠠᠴᠠ ᠬᠤᠭᠤᠴᠠᠭ᠎ᠠ ᠶᠣᠰᠣᠭᠠᠷ ᠬᠠᠷᠢᠭᠤ ᠥᠭᠴᠦ ᠳᠡᠶᠢᠯᠬᠦ ᠦᠭᠡᠢ ᠪᠣᠯ᠂ ᠰᠠᠨᠠᠭᠠᠴᠢᠯᠠᠭ᠎ᠠ ᠠᠴᠠ ᠪᠠᠨ ᠭᠤᠣᠯᠯᠯᠠᠨ ᠡᠷᠬᠢᠯᠡᠭᠰᠡᠨ ᠰᠠᠯᠠᠭ᠎ᠠ ᠮᠥᠴᠢᠷ ᠲᠠᠢ ᠨᠡᠪᠲᠡᠷᠡᠯᠴᠡᠬᠦ ᠶᠢᠨ ᠬᠠᠮᠲᠤ ᠬᠠᠷᠢᠭᠤ ᠥᠭᠬᠦ ᠴᠠᠭ ᠬᠢᠵᠠᠭᠠᠷ ᠵᠢᠴᠢ ᠠᠷᠭ᠎ᠠ ᠬᠡᠯᠪᠡᠷᠢ ᠪᠠᠨ ᠵᠥᠪᠯᠡᠨ ᠲᠣᠭᠲᠠᠭᠠᠵᠤ᠂ ᠬᠤᠭᠤᠴᠠᠭ᠎ᠠ ᠬᠡᠲᠦᠷᠡᠭᠡᠳ ᠬᠠᠷᠢᠭᠤ ᠥᠭᠭᠦᠭᠰᠡᠨ ᠦᠭᠡᠢ ᠪᠣᠯ ᠣᠨᠳᠣᠣ ᠰᠠᠨᠠᠯ ᠦᠭᠡᠢ ᠪᠠᠷ ᠪᠣᠳᠣᠨ᠎ᠡ᠃     ᠭᠤᠴᠢᠨ ᠨᠢᠭᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠦᠭᠰᠡᠨ ᠠᠯᠪᠠᠨ ᠪᠢᠴᠢᠭ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠢᠨᠠᠮᠠᠭᠠᠢ ᠬᠢᠨᠠᠨ ᠬᠠᠷᠭᠤᠭᠤᠯᠤᠨ ᠬᠠᠷᠢᠭᠤᠴᠠᠵᠤ᠂ ᠭᠦᠢᠴᠡᠳᠬᠡᠬᠦ ᠰᠠᠨᠠᠯ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠠᠷᠤᠮᠠᠯᠯᠠᠨ ᠶᠠᠪᠤᠭᠤᠯᠬᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠠᠷᠤᠮᠠᠯᠯᠠᠨ ᠶᠠᠪᠤᠭᠤᠯᠬᠤ ᠳᠤ ᠬᠤᠯᠪᠣᠭᠳᠠᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠤ ᠵᠥᠷᠢᠯᠳᠦᠭᠡᠨ ᠲᠠᠢ ᠵᠦᠢᠯᠡᠰ ᠲᠤ ᠭᠤᠣᠯᠯᠠᠨ ᠡᠷᠬᠢᠯᠡᠭᠰᠡᠨ ᠰᠠᠯᠠᠭ᠎ᠠ ᠮᠥᠴᠢᠷ ᠢ ᠬᠤᠪᠢᠳᠠᠨ ᠬᠠᠮᠢᠶᠠᠷᠴᠤ ᠪᠦᠬᠦᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠦᠷᠦᠭᠦᠯᠡᠨ ᠵᠣᠬᠢᠴᠠᠭᠤᠯᠬᠤ ᠪᠠᠨ ᠴᠢᠩᠭᠠᠳᠬᠠᠵᠤ᠂ ᠰᠠᠨᠠᠯ ᠨᠢᠭᠡᠳᠦᠭᠦᠯᠬᠦ ᠪᠤᠶᠤ ᠬᠠᠨᠳᠤᠯᠭᠠᠲᠤ ᠴᠢᠨᠠᠷᠲᠠᠢ ᠰᠠᠨᠠᠭᠤᠯᠭ᠎ᠠ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠬᠤ ᠨᠥᠬᠦᠳ ᠢ ᠬᠠᠮᠵᠢᠵᠤ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃     ᠠᠯᠪᠠᠨ ᠪᠢᠴᠢᠭ ᠵᠢᠴᠢ ᠭᠦᠢᠴᠡᠳᠬᠡᠬᠦ ᠰᠠᠨᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ   ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠶᠣᠰᠣᠭᠠᠷ ᠵᠥᠪᠰᠢᠶᠡᠷᠡᠭᠦᠯᠬᠦ ᠪᠠᠷ ᠳᠡᠪᠰᠢᠭᠦᠯᠵᠦ᠂ ᠣᠯᠠᠨ ᠤᠳᠤᠷᠢᠳᠬᠤ ᠨᠥᠬᠦᠳ ᠲᠤ ᠬᠤᠯᠪᠣᠭᠳᠠᠭᠰᠠᠨ ᠵᠦᠢᠯᠡᠰ ᠢ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠤᠳᠤᠷᠢᠳᠬᠤ ᠨᠥᠬᠦᠳ ᠲᠤ ᠬᠠᠷᠭᠤᠭᠤᠯᠤᠨ ᠵᠥᠪᠰᠢᠶᠡᠷᠡᠭᠦᠯᠬᠦ ᠪᠠᠷ ᠳᠡᠪᠰᠢᠭᠦᠯᠦᠨ ᠬᠦᠷᠭᠡᠵᠦ᠂ ᠴᠢᠬᠤᠯᠠ ᠶᠡᠭᠡ ᠵᠦᠢᠯᠡᠰ ᠢ ᠲᠡᠷᠢᠭᠦᠯᠡᠭᠴᠢ ᠳᠤ ᠬᠢᠨᠠᠨ ᠵᠥᠪᠰᠢᠶᠡᠷᠡᠭᠦᠯᠬᠦ ᠪᠠᠷ ᠳᠡᠪᠰᠢᠭᠦᠯᠬᠦ ᠬᠡᠷᠡᠭᠲᠡᠢ᠃     ᠭᠤᠴᠢᠨ ᠬᠤᠶᠠᠷ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠢᠴᠢᠭ ᠮᠠᠲ᠋ᠧᠷᠢᠶᠠᠯ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠲᠥᠬᠦᠷ ᠪᠢᠴᠢᠭ ᠮᠠᠲ᠋ᠧᠷᠢᠶᠠᠯ ᠲᠣᠭᠲᠠᠭᠠᠬᠤ ᠴᠢᠬᠤᠯᠠᠲᠠᠢ᠂ ᠲᠣᠳᠣᠷᠬᠠᠢ ᠭᠦᠢᠴᠡᠳᠬᠡᠬᠦ ᠴᠠᠭ ᠬᠢᠵᠠᠭᠠᠷ ᠤᠨ ᠱᠠᠭᠠᠷᠳᠠᠯᠭ᠎ᠠ ᠲᠠᠢ ᠪᠣᠯ᠂ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠨᠢ ᠣᠷᠣᠯᠠᠨ ᠨᠣᠣᠷᠠᠭᠯᠠᠭᠰᠠᠨ ᠪᠢᠴᠢᠭ ᠮᠠᠲ᠋ᠧᠷᠢᠶᠠᠯ ᠤᠨ ᠨᠣᠣᠷᠠᠭ ᠢᠶᠠᠨ ᠲᠣᠭᠲᠠᠭᠠᠭᠰᠠᠨ ᠴᠠᠭ ᠬᠢᠵᠠᠭᠠᠷ ᠤᠨ 10 ᠠᠵᠢᠯᠯᠠᠬᠤ ᠡᠳᠦᠷ ᠤᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ; ᠭᠦᠢᠴᠡᠳᠬᠡᠬᠦ ᠴᠠᠭ ᠬᠢᠵᠠᠭᠠᠷ ᠲᠣᠳᠣᠷᠬᠠᠶᠢᠯᠠᠭᠰᠠᠨ ᠦᠭᠡᠢ᠂ ᠬᠠᠷᠢᠴᠠᠩᠭᠤᠢ ᠳᠦᠭᠦᠮ ᠵᠦᠢᠯᠡᠰ ᠢ ᠪᠣᠯ᠂ ᠡᠩ ᠤᠨ ᠪᠠᠶᠢᠳᠠᠯ ᠳᠤ 20 ᠠᠵᠢᠯᠯᠠᠬᠤ ᠡᠳᠦᠷ ᠲᠤ ᠲᠤᠭᠤᠷᠪᠢᠵᠤ ᠮᠡᠳᠡᠭᠦᠯᠦᠨ ᠬᠦᠷᠭᠡᠬᠦ ᠠᠵᠢᠯ ᠢᠶᠠᠨ ᠪᠡᠶᠡᠯᠡᠭᠦᠯᠬᠦ ᠬᠡᠷᠡᠭᠲᠡᠢ; ᠶᠡᠷᠦᠩᠬᠡᠢ ᠴᠢᠨᠠᠷ᠂ ᠪᠦᠬᠦ ᠲᠠᠯ᠎ᠠ ᠶᠢᠨ ᠴᠢᠨᠠᠷ ᠲᠤ ᠬᠤᠯᠪᠣᠭᠳᠠᠭᠰᠠᠨ ᠴᠢᠬᠤᠯᠠ ᠶᠡᠭᠡ ᠵᠦᠢᠯᠡᠰ ᠢ ᠪᠣᠯ᠂ ᠡᠩ ᠤᠨ ᠪᠠᠶᠢᠳᠠᠯ ᠳᠤ 30 ᠠᠵᠢᠯᠯᠠᠬᠤ ᠡᠳᠦᠷ ᠤᠨ ᠳᠣᠲᠣᠷ᠎ᠠ ᠲᠤᠭᠤᠷᠪᠢᠵᠤ ᠮᠡᠳᠡᠭᠦᠯᠦᠨ ᠬᠦᠷᠭᠡᠬᠦ ᠠᠵᠢᠯ ᠢᠶᠠᠨ ᠪᠡᠶᠡᠯᠡᠭᠦᠯᠬᠦ ᠬᠡᠷᠡᠭᠲᠡᠢ᠃ ᠪᠠᠴᠢᠮ ᠶᠠᠭᠠᠷᠠᠤ ᠵᠦᠢᠯᠡᠰ ᠢ ᠪᠣᠯ ᠴᠠᠭ ᠲᠤᠬᠠᠢ ᠳᠤ ᠨᠢ ᠲᠡᠷᠡ ᠳᠣᠣᠷ᠎ᠠ ᠪᠠᠨ ᠭᠦᠢᠴᠡᠳᠬᠡᠵᠦ ᠪᠠᠷᠢᠨ ᠮᠡᠳᠡᠭᠦᠯᠬᠦ ᠬᠡᠷᠡᠭᠲᠡᠢ᠃     ᠭᠤᠴᠢᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠳᠦᠷᠢᠮ ᠲᠣᠭᠲᠠᠭᠠᠯ᠂ ᠨᠡᠶᠢᠲᠡᠯᠡᠭᠰᠡᠨ ᠵᠠᠷᠯᠢᠭ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠤᠷᠠᠳᠤᠭᠰᠠᠨ ᠵᠥᠪᠯᠡᠯᠭᠡ ᠶᠢ ᠲᠡᠷᠢᠭᠦᠯᠡᠭᠴᠢ ᠠᠴᠠ ᠭᠠᠷ ᠤᠨ ᠦᠰᠦᠭ ᠵᠢᠷᠤᠨ᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠮᠡᠳᠡᠭᠦᠯᠦᠨ ᠬᠦᠷᠭᠡᠬᠦ ᠵᠢᠭᠠᠪᠤᠷᠢ ᠠᠪᠬᠤ᠂ ᠮᠡᠳᠡᠭᠦᠯᠦᠯᠲᠡ᠂ ᠳᠣᠷᠣᠭᠰᠢ  ᠪᠠᠭᠤᠯᠭᠠᠬᠤ ᠠᠯᠪᠠᠨ ᠪᠢᠴᠢᠭ ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠶᠢᠩᠭᠤ ᠶᠢᠨ ᠳᠡᠳ᠋ ᠲᠡᠷᠢᠭᠦᠯᠡᠭᠴᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠡᠷᠢᠭᠦᠯᠡᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃     ᠤᠯᠤᠰ ᠤᠨ ᠶᠠᠮᠤᠨ ᠵᠥᠪᠯᠡᠯ ᠵᠢᠴᠢ ᠪᠤᠰᠤᠳ ᠮᠤᠵᠢ ︵ᠣᠷᠣᠨ᠂ ᠬᠤᠲᠠ︶ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠠᠵᠢᠯ ᠶᠠᠪᠤᠳᠠᠯ ᠵᠥᠪᠳᠡᠯᠴᠡᠬᠦ᠂ ᠰᠠᠨᠠᠯ ᠢᠶᠠᠨ ᠬᠠᠷᠢᠭᠤ ᠲᠤᠰᠬᠠᠬᠤ᠂ ᠬᠤᠯᠪᠣᠭᠳᠠᠯ ᠪᠦᠬᠦᠢ ᠪᠠᠶᠢᠳᠠᠯ  ᠢᠶᠠᠨ ᠮᠡᠳᠡᠭᠦᠯᠦᠨ ᠬᠦᠷᠭᠡᠬᠦ ᠠᠯᠪᠠᠨ ᠪᠢᠴᠢᠭ ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠂   ᠶᠡᠷᠦᠩᠬᠡᠶᠢᠯᠡᠭᠰᠡᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠵᠦᠢᠯᠡᠰ ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠶᠢᠩᠭᠤ ᠶᠢᠨ ᠳᠡᠳ᠋ ᠲᠡᠷᠢᠭᠦᠯᠡᠭᠴᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠡᠷᠢᠭᠦᠯᠡᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠤᠯᠤᠰ ᠤᠨ ᠶᠠᠮᠤᠨ ᠵᠥᠪᠯᠡᠯ᠂ ᠪᠤᠰᠤᠳ ᠮᠤᠵᠢ ︵ᠣᠷᠣᠨ᠂ ᠬᠤᠲᠠ︶ ᠶᠢᠨ ᠠᠷᠠᠳ ᠤᠨ ᠵᠠᠰᠠᠭ ᠤᠨ ᠣᠷᠳᠣᠨ ᠵᠡᠷᠭᠡ ᠯᠦᠭᠡ ᠬᠤᠯᠪᠤᠭᠠᠯᠠᠨ ᠪᠢᠴᠢᠭ ᠮᠠᠲ᠋ᠧᠷᠢᠶᠠᠯ   ᠪᠠᠭᠤᠯᠭᠠᠬᠤ ᠳᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠠᠷ ᠬᠢᠨᠠᠨ ᠬᠠᠷᠭᠤᠭᠤᠯᠤᠭᠰᠠᠨ  ᠤ ᠳᠠᠷᠠᠭ᠎ᠠ᠂ ᠲᠡᠷᠢᠭᠦᠯᠡᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠪᠢᠴᠢᠭ ᠮᠠᠲ᠋ᠧᠷᠢᠶᠠᠯ ᠪᠠᠭᠤᠯᠭᠠᠬᠤ ︵ᠠᠯᠪᠠᠨ ᠲᠢᠩᠬᠢᠮ ᠤᠨ ᠳᠣᠲᠣᠭᠠᠳᠤ ᠶᠢᠨ ᠠᠵᠢᠯ ᠠᠴᠠ ᠭᠠᠳᠠᠨ᠎ᠠ︶ ᠳᠤ ᠡᠩ ᠤᠨ ᠪᠠᠶᠢᠳᠠᠯ ᠳᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠭᠠᠷ ᠤᠨ ᠦᠰᠦᠭ ᠵᠢᠷᠤᠵᠤ     ᠶᠠᠪᠤᠭᠤᠯᠤᠨ᠎ᠠ᠂ ᠴᠢᠬᠤᠯᠠ ᠪᠢᠴᠢᠭ ᠮᠠᠲ᠋ᠧᠷᠢᠶᠠᠯ ᠢ ᠪᠣᠯ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠂ ᠪᠠᠶᠢᠩᠭᠤ ᠶᠢᠨ ᠳᠡᠳ᠋ ᠲᠡᠷᠢᠭᠦᠯᠡᠭᠴᠢ ᠪᠠᠷ ᠬᠢᠨᠠᠨ  ᠬᠠᠷᠭᠤᠭᠤᠯᠤᠭᠰᠠᠨ ᠤ ᠳᠠᠷᠠᠭ᠎ᠠ᠂ ᠲᠡᠷᠢᠭᠦᠯᠡᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃     ᠭᠤᠴᠢᠨ ᠳᠥᠷᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ᠂ ᠵᠠᠷᠯᠢᠭ ᠤᠨ ᠲᠣᠭᠲᠠᠭᠠᠯ ᠳᠤ ᠨᠡᠶᠢᠴᠡᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠵᠢᠷᠤᠮ ᠢ ᠴᠢᠩᠭ᠎ᠠ ᠵᠢᠷᠤᠮᠯᠠᠨ ᠰᠠᠬᠢᠵᠤ᠂ ᠬᠠᠤᠯᠢ ᠶᠣᠰᠣᠴᠢ ᠴᠢᠨᠠᠷ ᠢ ᠨᠢ ᠴᠢᠩᠭ᠎ᠠ ᠬᠢᠨᠠᠨ ᠪᠠᠶᠢᠴᠠᠭᠠᠬᠤ ᠬᠡᠷᠡᠭᠲᠡᠢ᠃     ᠬᠤᠶᠠᠷ ᠵᠢᠴᠢ ᠬᠤᠶᠠᠷ ᠠᠴᠠ ᠢᠯᠡᠭᠦᠦ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠬᠤᠯᠪᠣᠭᠳᠠᠬᠤ ᠵᠦᠢᠯᠡᠰ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠰᠤᠨᠤᠰᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠦᠷᠢᠮ ᠲᠣᠭᠲᠠᠭᠠᠯ ᠲᠣᠭᠲᠠᠭᠠᠨ᠂ ᠲᠣᠭᠲᠠᠭᠠᠯ ᠪᠤᠶᠤ ᠵᠠᠷᠯᠢᠭ ᠨᠡᠶᠢᠲᠡᠯᠡᠵᠦ᠂ ᠡᠰᠡᠬᠦᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠲᠤᠷᠠᠵᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠬᠡᠷᠡᠭᠲᠡᠢ᠃ ᠡᠭᠦᠨ ᠳᠤ᠂ ᠣᠯᠠᠨ ᠨᠡᠶᠢᠲᠡ ᠶᠢᠨ ᠡᠷᠬᠡ ᠠᠰᠢᠭ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ ᠬᠥᠨᠳᠡᠭᠦᠷ ᠴᠢᠨᠠᠷ ᠢᠶᠠᠷ ᠴᠢᠩᠭ᠎ᠠ ᠪᠣᠯᠬᠤ ᠴᠢᠬᠤᠯᠠ ᠪᠦᠬᠦᠢ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠵᠦᠢᠯᠡᠰ ᠵᠡᠷᠭᠡ ᠳᠤ ᠬᠤᠯᠪᠣᠭᠳᠠᠭᠰᠠᠨ ᠪᠠᠶᠢᠪᠠᠯ᠂ ᠤᠷᠢᠳ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠡᠯ᠎ᠠ‌‍ᠯᠪᠠᠨ ᠪᠢᠴᠢᠭ ᠵᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠵᠢᠭᠠᠪᠤᠷᠢᠯᠠᠨ ᠵᠠᠷᠯᠢᠭᠳᠠᠬᠤ ᠴᠢᠨᠠᠷᠲᠠᠢ ᠠᠯᠪᠠᠨ ᠪᠢᠴᠢᠭ ᠨᠡᠶᠢᠲᠡᠯᠡᠬᠦ ᠪᠤᠶᠤ ᠠᠯᠪᠠᠨ ᠪᠢᠴᠢᠭ ᠲᠤ ᠪᠠᠨ  ᠵᠢᠭᠠᠪᠤᠷᠢᠯᠠᠨ ᠵᠠᠷᠯᠢᠭᠳᠠᠬᠤ ᠴᠢᠨᠠᠷᠲᠠᠢ  ᠱᠠᠭᠠᠷᠳᠠᠯᠭ᠎ᠠ ᠳᠤᠷᠠᠳᠴᠤ ᠪᠣᠯᠬᠤ ᠦᠭᠡᠢ᠃     ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠪᠦᠷᠢᠳᠬᠡᠨ ᠳᠠᠩᠰᠠᠯᠠᠬᠤ ᠶᠢᠨ ᠬᠠᠮᠲᠤ᠂ ᠨᠡᠶᠢᠭᠡᠮ ᠳᠤ ᠲᠣᠭᠲᠠᠮᠠᠯ ᠬᠤᠭᠤᠴᠠᠭ᠎ᠠ ᠲᠠᠢ ᠪᠠᠷ ᠭᠠᠷᠴᠠᠭ ᠢᠶᠠᠨ ᠢᠯᠡ ᠨᠡᠶᠢᠲᠡᠯᠡᠬᠦ ᠬᠡᠷᠡᠭᠲᠡᠢ᠃     ᠭᠤᠴᠢᠨ ᠲᠠᠪᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠨᠢ ᠪᠢᠴᠢᠭ ᠮᠠᠲ᠋ᠧᠷᠢᠶᠠᠯ ᠲᠣᠪᠴᠢ ᠮᠡᠳᠡᠭᠡ ᠪᠠᠨ ᠴᠤᠮᠬᠠᠳᠬᠠᠬᠤ ᠬᠡᠷᠡᠭᠲᠡᠢ᠃ ᠠᠯᠪᠠᠨ ᠪᠢᠴᠢᠭ ᠶᠠᠪᠤᠭᠤᠯᠬᠤ ᠠᠵᠢᠯ ᠢᠶᠠᠨ ᠨᠢᠭᠡᠳᠦᠯᠲᠡᠢ ᠲᠥᠯᠥᠪᠯᠡᠨ ᠴᠢᠩᠭᠠᠳᠬᠠᠵᠤ᠂ ᠠᠯᠪᠠᠨ ᠪᠢᠴᠢᠭ ᠶᠠᠪᠤᠭᠤᠯᠬᠤ ᠲᠤᠭ᠎ᠠ ᠬᠡᠮᠵᠢᠶ᠎ᠡ᠂ ᠬᠡᠪ ᠪᠠᠷᠢᠮᠵᠢᠶ᠎ᠠ ᠪᠠ ᠪᠢᠴᠢᠭ ᠮᠠᠲ᠋ᠧᠷᠢᠶᠠᠯ ᠤᠨ ᠬᠠᠭᠤᠳᠠᠰᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠶᠠᠪᠤᠭᠤᠯᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠲᠦᠷ ᠴᠠᠭ ᠤᠨ ᠴᠢᠨᠠᠷᠲᠠᠢ ᠶᠠᠪᠤᠭᠤᠯᠬᠤ ᠠᠯᠪᠠᠨ ᠪᠢᠴᠢᠭ ᠢ ᠪᠠᠭᠠᠰᠬᠠᠨ᠂ ᠠᠯᠪᠠᠨ ᠪᠢᠴᠢᠭ ᠶᠠᠪᠤᠭᠤᠯᠬᠤ ᠲᠥᠯᠥᠪᠯᠡᠭᠡ ᠳᠤ ᠣᠷᠣᠭᠤᠯᠤᠭᠰᠠᠨ ᠦᠭᠡᠢ ᠪᠣᠯ᠂ ᠡᠩ ᠤᠨ ᠪᠠᠶᠢᠳᠠᠯ ᠳᠤ ᠲᠠᠷᠬᠠᠭᠠᠨ ᠶᠠᠪᠤᠭᠤᠯᠬᠤ ᠦᠭᠡᠢ; ᠦᠨᠡᠨ ᠬᠦ ᠠᠯᠪᠠᠨ ᠪᠢᠴᠢᠭ ᠶᠠᠪᠤᠭᠤᠯᠬᠤ ᠴᠢᠬᠤᠯᠠᠲᠠᠢ ᠪᠣᠯ᠂  ︽ᠨᠢᠭᠡ ᠠᠵᠢᠯ ᠶᠠᠪᠤᠳᠠᠯ ᠢ ᠨᠢᠭᠡ ᠮᠡᠳᠡᠭᠦᠯᠬᠦ︾ ᠵᠠᠷᠴᠢᠮ ᠢᠶᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠴᠢᠩᠭ᠎ᠠ ᠬᠢᠨᠠᠨ ᠬᠠᠷᠭᠤᠭᠤᠯᠵᠤ ᠬᠠᠷᠢᠭᠤᠴᠠᠨ᠎ᠠ᠃ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠠᠬᠢ ᠠᠵᠢᠯ ᠶᠠᠪᠤᠳᠠᠯ ᠳᠤ ᠬᠠᠷᠢᠶᠠᠯᠠᠭᠳᠠᠪᠠᠯ᠂ ᠰᠠᠯᠠᠭ᠎ᠠ ᠮᠥᠴᠢᠷ ᠨᠢ ᠦᠪᠡᠰᠦᠪᠡᠨ ᠠᠯᠪᠠᠨ ᠪᠢᠴᠢᠭ ᠶᠠᠪᠤᠭᠤᠯᠬᠤ ᠪᠤᠶᠤ ᠬᠠᠮᠲᠤᠷᠠᠨ ᠠᠯᠪᠠᠨ ᠪᠢᠴᠢᠭ ᠶᠠᠪᠤᠭᠤᠯᠪᠠᠯ ᠵᠣᠬᠢᠬᠤ ᠶᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠠᠯᠪᠠᠨ ᠪᠢᠴᠢᠭ ᠶᠠᠪᠤᠭᠤᠯᠬᠤ ᠦᠭᠡᠢ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠨᠢᠭᠡᠨᠲᠡ ᠲᠣᠳᠣᠷᠬᠠᠢ ᠲᠣᠭᠲᠠᠭᠠᠯ ᠭᠠᠷᠭᠠᠭᠰᠠᠨ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠤ ᠨᠢᠭᠡᠨᠲᠡ ᠪᠠᠶᠢᠷᠢᠯᠠᠭᠤᠯᠤᠯᠲᠠ ᠬᠢᠭᠰᠡᠨ ᠮᠥᠷᠲᠡᠭᠡᠨ ᠮᠥᠨ ᠲᠣᠬᠢᠷᠠᠭᠤᠯᠤᠨ ᠬᠡᠷᠡᠭᠯᠡᠭᠳᠡᠵᠦ ᠪᠠᠶᠢᠬᠤ ᠳᠤ ᠨᠢ ᠳᠠᠬᠢᠵᠤ ᠪᠢᠴᠢᠭ ᠮᠠᠲ᠋ᠧᠷᠢᠶᠠᠯ   ᠭᠠᠷᠭᠠᠵᠤ ᠶᠠᠪᠤᠭᠤᠯᠬᠤ ᠦᠭᠡᠢ᠃ ᠤᠯᠤᠰ ᠤᠨ ᠶᠠᠮᠤᠨ ᠵᠥᠪᠯᠡᠯ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠪᠠᠭᠤᠯᠭᠠᠵᠤ ᠶᠠᠪᠤᠭᠤᠯᠤᠭᠰᠠᠨ ᠪᠢᠴᠢᠭ ᠮᠠᠲ᠋ᠧᠷᠢᠶᠠᠯ ᠢ ᠪᠣᠯ ᠵᠣᠬᠢᠴᠠᠯᠳᠤᠬᠤ ᠵᠠᠷᠴᠢᠮ ᠢᠶᠠᠷ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠠᠴᠠ ᠠᠯᠪᠠᠨ ᠪᠢᠴᠢᠭ ᠶᠠᠪᠤᠭᠤᠯᠤᠨ᠎ᠠ᠃ ᠳᠦᠬᠦᠷᠵᠢᠭᠦᠯᠬᠦ ᠲᠦᠷᠦᠯ ᠤᠨ᠂ ᠠᠵᠢᠯ ᠬᠤᠪᠢᠶᠠᠷᠢᠯᠠᠬᠤ ᠲᠦᠷᠦᠯ ᠤᠨ ᠠᠯᠪᠠᠨ ᠪᠢᠴᠢᠭ ᠶᠠᠪᠤᠭᠤᠯᠬᠤ ᠶᠢ ᠴᠢᠩᠭ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠵᠡᠷᠭᠡ ᠨᠡᠷ᠎ᠡ ᠪᠠᠷ ᠣᠷᠣᠨ ᠨᠤᠲᠤᠭ ᠤᠨ ᠬᠢ ᠶᠢ ᠳᠦᠬᠦᠷᠵᠢᠭᠦᠯᠬᠦ ᠪᠢᠴᠢᠭ ᠮᠠᠲ᠋ᠧᠷᠢᠶᠠᠯ ᠭᠠᠷᠭᠠᠵᠤ ᠶᠠᠪᠤᠭᠤᠯᠬᠤ ᠪᠠᠷ ᠳᠤᠷ᠎ᠠ ᠪᠠᠷ ᠢᠶᠠᠨ ᠱᠠᠭᠠᠷᠳᠠᠵᠤ ᠪᠣᠯᠬᠤ ᠦᠭᠡᠢ᠃ ᠠᠵᠢᠯ ᠬᠤᠪᠢᠶᠠᠷᠢᠯᠠᠬᠤ ᠲᠥᠰᠥᠯ ᠢ ᠵᠠᠷᠴᠢᠮ ᠳᠡᠭᠡᠷ᠎ᠡ ᠪᠠᠨ ᠪᠢᠴᠢᠭ ᠮᠠᠲ᠋ᠧᠷᠢᠶᠠᠯ  ᠯᠤᠭ᠎ᠠ ᠬᠠᠮᠲᠤ ᠪᠠᠷ ᠳᠠᠷᠤᠮᠠᠯᠯᠠᠨ ᠶᠠᠪᠤᠭᠤᠯᠵᠤ᠂ ᠲᠤᠰᠠᠭᠠᠷ ᠠᠯᠪᠠᠨ ᠪᠢᠴᠢᠭ ᠶᠠᠪᠤᠭᠤᠯᠬᠤ ᠦᠭᠡᠢ᠃ ᠰᠠᠯᠠᠭ᠎ᠠ ᠮᠥᠴᠢᠷ ᠨᠢᠭᠡᠪᠦᠷᠢ ᠨᠢ ᠵᠠᠷᠴᠢᠮ ᠳᠡᠭᠡᠷ᠎ᠡ ᠪᠠᠨ ᠵᠦᠪᠬᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠨᠢᠭᠡ ᠯᠡ ᠲᠦᠷᠦᠯ ᠤᠨ ᠲᠣᠪᠴᠢ ᠮᠡᠳᠡᠭᠡ ᠮᠡᠳᠡᠭᠦᠯᠦᠨ ᠬᠦᠷᠭᠡᠨ᠎ᠡ᠃ ᠪᠣᠳᠠᠲᠠᠢ ᠠᠭᠤᠯᠭ᠎ᠠ ᠦᠭᠡᠢ ᠪᠢᠴᠢᠭ ᠮᠠᠲ᠋ᠧᠷᠢᠶᠠᠯ ᠲᠣᠪᠴᠢ ᠮᠡᠳᠡᠭᠡ ᠪᠦᠬᠦᠨ ᠢ ᠴᠥᠮ ᠲᠠᠷᠬᠠᠭᠠᠬᠤ ᠦᠭᠡᠢ᠃     ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ  ᠳᠤ ᠮᠡᠳᠡᠭᠦᠯᠦᠨ ᠬᠦᠷᠭᠡᠭᠰᠡᠨ ᠠᠯᠪᠠᠨ ᠪᠢᠴᠢᠭ ᠤᠨ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠢ ᠰᠢᠢᠳᠪᠦᠷᠢᠯᠡᠬᠦ ᠠᠵᠢᠯ ᠤᠨ ᠳᠦᠷᠢᠮ︾ ᠵᠢᠴᠢ ᠠᠯᠪᠠᠨ ᠪᠢᠴᠢᠭ ᠰᠢᠢᠳᠪᠦᠷᠢᠯᠡᠬᠦ ᠪᠤᠰᠤᠳ ᠬᠤᠯᠪᠣᠭᠳᠠᠯ ᠪᠦᠬᠦᠢ ᠲᠣᠭᠲᠠᠭᠠᠯ ᠳᠤ ᠦᠯᠦ ᠨᠡᠶᠢᠴᠡᠬᠦ ᠪᠦᠬᠦᠨ ᠢ ᠨᠢ ᠴᠥᠮ ᠠᠯᠪᠠᠨ ᠪᠢᠴᠢᠭ ᠮᠡᠳᠡᠭᠦᠯᠦᠭᠰᠡᠨ ᠨᠢᠭᠡᠴᠢ ᠳᠤ ᠪᠤᠴᠠᠭᠠᠨ ᠶᠠᠪᠤᠭᠤᠯᠤᠨ᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠨᠢ ᠪᠠᠶᠢᠭᠤᠯᠭ᠎ᠠ ᠶᠢᠨ ᠮᠡᠳᠡᠭᠡ ᠵᠠᠩᠭᠢᠴᠢᠯᠠᠯᠲᠠ ᠶᠢᠨ ᠬᠡᠷᠡᠭᠯᠡᠯᠲᠡ ᠪᠠ ᠪᠠᠲᠤᠯᠠᠭ᠎ᠠ ᠪᠠᠨ ᠴᠢᠩᠭᠠᠳᠬᠠᠵᠤ᠂ ᠠᠯᠪᠠᠨ ᠠᠵᠢᠯ ᠤᠨ ᠠᠦ᠋ᠲ᠋ᠣᠴᠢᠯᠠᠭᠰᠠᠨ ᠬᠡᠷᠡᠭᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠯᠧᠺᠲᠷᠣᠨ ᠠᠯᠪᠠᠨ ᠪᠢᠴᠢᠭ ᠢ ᠢᠳᠡᠪᠬᠢᠲᠡᠢ  ᠳᠡᠯᠭᠡᠷᠡᠭᠦᠯᠵᠦ᠂ ᠴᠠᠭᠠᠰᠤ ᠦᠯᠦ ᠬᠡᠷᠡᠭᠯᠡᠬᠦ ᠬᠤᠷᠠᠯ ᠢ ᠬᠡᠷᠡᠭᠵᠢᠭᠦᠯᠦᠨ᠂ ᠪᠢᠴᠢᠭ ᠮᠠᠲ᠋ᠧᠷᠢᠶᠠᠯ᠂ ᠲᠣᠪᠴᠢ ᠮᠡᠳᠡᠭᠡᠨ ᠤ ᠮᠠᠲ᠋ᠧᠷᠢᠶᠠᠯ ᠪᠠ ᠬᠤᠷᠠᠯ ᠤᠨ ᠲᠣᠭᠠᠵᠢᠭᠤᠯᠤᠭᠰᠠᠨ ᠠᠵᠢᠯᠯᠠᠭᠠᠨ ᠢ ᠲᠦᠷᠭᠡᠳᠬᠡᠨ ᠪᠡᠶᠡᠯᠡᠭᠦᠯᠵᠦ᠂ ᠠᠵᠢᠯᠯᠠᠭᠤᠯᠬᠤ ᠥᠪᠡᠷ ᠤᠨ ᠥᠷᠲᠡᠭ ᠢ ᠠᠷᠪᠢᠯᠠᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃     ᠳᠣᠯᠣᠳᠤᠭᠠᠷ ᠪᠦᠯᠦᠭ    ᠠᠵᠢᠯ ᠢᠶᠠᠨ ᠨᠠᠶᠢᠳᠠᠪᠤᠷᠢᠵᠢᠭᠤᠯᠬᠤ     ᠭᠤᠴᠢᠨ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤᠬᠠᠮᠰᠠᠷ ᠠᠴᠠ ᠪᠠᠨ ᠪᠠᠷᠢᠮᠵᠢᠶ᠎ᠠ ᠪᠣᠯᠣᠨ ᠱᠠᠭᠠᠷᠳᠠᠯᠭ᠎ᠠ ᠯᠤᠭ᠎ᠠ ᠬᠠᠷᠢᠴᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢ ᠲᠡᠷᠡ ᠴᠢᠭ ᠢᠶᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠰᠤᠳᠤᠯᠤᠨ ᠪᠠᠶᠢᠷᠢᠯᠠᠭᠤᠯᠬᠤ ᠪᠠᠨ ᠴᠢᠩᠭᠠᠳᠬᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠮᠦᠷᠳᠡᠨ ᠰᠢᠮᠳᠠᠭᠤᠯᠵᠤ ᠭᠦᠢᠴᠡᠳᠬᠡᠯᠭᠡᠬᠦ ᠶᠢ ᠴᠢᠩᠭᠠᠷᠠᠭᠤᠯᠤᠨ᠂ ᠪᠣᠳᠠᠲᠤ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠠ ᠰᠠᠯᠠᠭ᠎ᠠ ᠮᠥᠴᠢᠷ ᠢᠶᠠᠨ ᠵᠢᠯᠤᠭᠤᠳᠬᠤ᠂ ᠠᠬᠢᠭᠤᠯᠬᠤ ᠪᠠ ᠰᠢᠮᠳᠠᠭᠤᠯᠵᠤ᠂ ᠵᠣᠬᠢᠴᠠᠭᠤᠯᠤᠨ ᠠᠬᠢᠭᠤᠯᠬᠤ ᠪᠠᠨ ᠴᠢᠩᠭᠠᠳᠬᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠵᠠᠷᠯᠢᠭ ᠢ ᠰᠠᠭᠠᠳ ᠦᠭᠡᠢ ᠶᠠᠪᠤᠭᠳᠠᠭᠤᠯᠬᠤ᠂ ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠭᠤᠴᠢᠨ ᠳᠤᠯᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠪᠦᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠷᠠᠭᠤᠯᠵᠤ᠂ ᠮᠦᠷᠳᠡᠨ ᠦᠷ᠎ᠡ ᠪᠦᠲᠦᠮᠵᠢ ᠬᠡᠯᠡᠯᠴᠡᠬᠦ ᠶᠢ ᠴᠢᠩᠭᠠᠷᠠᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠬᠤ ᠬᠡᠷᠡᠭᠲᠡᠢ᠃     ᠭᠤᠴᠢᠨ ᠨᠠᠢᠮᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠨᠠᠶᠢᠳᠠᠪᠤᠷᠢᠵᠢᠭᠤᠯᠤᠯᠲᠠ ᠶᠢ ᠠᠳᠬᠤᠵᠤ ᠬᠥᠭᠵᠢᠯᠲᠡ ᠶᠢ ᠠᠬᠢᠭᠤᠯᠬᠤ ᠳᠠᠬᠢ ᠰᠢᠮᠳᠠᠭᠤᠯᠤᠨ ᠪᠠᠶᠢᠴᠠᠭᠠᠬᠤ ᠠᠵᠢᠯ  ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠰᠢᠮᠳᠠᠭᠤᠯᠤᠨ ᠪᠠᠶᠢᠴᠠᠭᠠᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠨᠢᠭᠡᠳᠦᠯᠲᠡᠢ ᠲᠥᠯᠥᠪᠯᠡᠨ ᠵᠢᠷᠤᠮᠵᠢᠭᠤᠯᠬᠤ᠂ ᠬᠤᠯᠪᠤᠭᠠᠯᠠᠨ ᠬᠥᠳᠡᠯᠦᠯᠴᠡᠵᠦ ᠵᠣᠬᠢᠴᠠᠯᠳᠤᠭᠤᠯᠬᠤ ᠶᠢ ᠴᠢᠩᠭᠠᠳᠬᠠᠨ᠂ ᠬᠤᠭᠤᠴᠠᠭ᠎ᠠ ᠬᠢᠵᠠᠭᠠᠷᠯᠠᠨ ᠮᠡᠳᠡᠭᠦᠯᠬᠦ᠂ ᠪᠠᠶᠢᠴᠠᠭᠠᠯᠲᠠ ᠶᠢ ᠳᠠᠬᠢᠨ ᠬᠠᠷᠭᠤᠭᠤᠯᠬᠤ᠂ ᠪᠠᠶᠢᠳᠠᠯ ᠢ ᠨᠡᠪᠲᠡᠷᠡᠭᠦᠯᠦᠨ ᠮᠡᠳᠡᠭᠡᠯᠡᠬᠦ᠂ ᠬᠠᠷᠢᠭᠤᠴᠠᠯᠭ᠎ᠠ ᠨᠡᠬᠡᠮᠵᠢᠯᠡᠬᠦ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠵᠢᠴᠢ ᠭᠤᠷᠪᠠᠳᠠᠭᠢ ᠡᠲᠡᠭᠡᠳ ᠢᠶᠠᠷ ᠦᠨᠡᠯᠡᠨ ᠵᠢᠱᠢᠭᠦᠯᠬᠦ ᠵᠡᠷᠭᠡ ᠳᠦᠷᠢᠮ ᠢ ᠬᠡᠷᠡᠭᠵᠢᠭᠦᠯᠵᠦ᠂ ᠰᠢᠮᠳᠠᠭᠤᠯᠤᠨ ᠪᠠᠶᠢᠴᠠᠭᠠᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠨ᠂ ᠳᠠᠬᠢᠨ ᠳᠠᠪᠲᠠᠨ ᠰᠢᠮᠳᠠᠭᠤᠯᠤᠨ ᠪᠠᠶᠢᠴᠠᠭᠠᠬᠤ᠂ ᠣᠯᠠᠨ ᠲᠠᠯ᠎ᠠ ᠶᠢᠨ ᠬᠢᠨ ᠰᠢᠮᠳᠠᠭᠤᠯᠤᠨ ᠪᠠᠶᠢᠴᠠᠭᠠᠬᠤ ᠶᠢ ᠰᠡᠷᠭᠡᠶᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠬᠦ ᠰᠢᠮᠳᠠᠭᠤᠯᠤᠨ ᠪᠠᠶᠢᠴᠠᠭᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠰᠢᠮᠳᠠᠭᠤᠯᠤᠨ ᠪᠠᠶᠢᠴᠠᠭᠠᠬᠤ ᠠᠵᠢᠯ ᠢ ᠵᠢᠭᠠᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃           ᠨᠠᠢᠮᠠᠳᠤᠭᠠᠷ ᠪᠦᠯᠦᠭ   ᠠᠵᠢᠯ ᠤᠨ ᠰᠠᠬᠢᠯᠭ᠎ᠠ ᠪᠠᠲᠤ ᠪᠠ ᠲᠣᠰ ᠪᠡᠶ᠎ᠡ ᠶᠢᠨ ᠪᠠᠶᠢᠭᠤᠯᠤᠯᠲᠠ     ᠭᠤᠴᠢ ᠶᠢᠰᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ  ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠲᠤᠭᠤᠰᠢᠯᠠᠭᠤᠯᠤᠨ     ᠨᠠᠶᠢᠳᠠᠪᠤᠷᠢᠵᠢᠭᠤᠯᠵᠤ᠂  ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠠ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃      ᠳᠥᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ  ᠨᠢ ᠪᠠᠶᠢᠴᠠᠭᠠᠨ ᠰᠤᠳᠤᠯᠬᠤ ᠪᠠᠨ ᠴᠢᠩᠭᠠᠳᠬᠠᠨ ᠰᠠᠶᠢᠵᠢᠷᠠᠭᠤᠯᠵᠤ᠂ ᠪᠠᠶᠢᠴᠠᠭᠠᠨ ᠰᠤᠳᠤᠯᠬᠤ ᠰᠤᠷᠲᠠᠯ ᠢ ᠶᠡᠭᠡ ᠪᠠᠷ ᠥᠷᠨᠢᠭᠦᠯᠦᠨ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠬᠦᠴᠢᠷᠳᠡᠯ ᠣᠯᠠᠨ᠂ ᠪᠠᠶᠢᠳᠠᠯ ᠪᠤᠳᠤᠯᠢᠶᠠᠨᠲᠠᠢ᠂ ᠵᠥᠷᠢᠴᠡᠯ ᠬᠤᠷᠴᠠ ᠪᠠᠶᠢᠭ᠎ᠠ ᠭᠠᠵᠠᠷ ᠣᠷᠣᠨ ᠳᠤ ᠣᠯᠠᠨ ᠬᠦᠷᠴᠦ ᠪᠣᠳᠠᠲᠤ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠶᠢ ᠥᠷᠨᠢᠭᠦᠯᠵᠦ᠂ ᠪᠣᠳᠠᠲᠠᠢ ᠪᠠᠶᠢᠳᠠᠯ ᠢ ᠡᠵᠡᠮᠳᠡᠨ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠣᠷᠣᠨ ᠨᠤᠲᠤᠭ ᠪᠠ ᠦᠨᠳᠦᠰᠦᠨ ᠱᠠᠲᠤᠨ ᠳᠤ ᠢᠳᠡᠪᠬᠢᠲᠡᠢ ᠦᠢᠯᠡᠴᠢᠯᠡᠵᠦ᠂ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃     ᠳᠥᠴᠢᠨ ᠨᠢᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠵᠢᠭᠠᠪᠤᠷᠢ ᠠᠪᠬᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠳᠤᠮᠳᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠭᠰᠠᠨ ᠴᠢᠬᠤᠯᠠ ᠲᠥᠷᠥ ᠶᠢᠨ ᠪᠣᠳᠣᠯᠭ᠎ᠠ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠶᠢᠭᠡᠮ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠠᠬᠢ ᠴᠢᠬᠤᠯᠠ ᠶᠡᠭᠡ ᠵᠠᠷᠴᠢᠮ ᠪᠠ ᠠᠰᠠᠭᠤᠳᠠᠯ᠂ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶᠠᠷᠤᠯᠲᠠ ᠶᠢᠨ ᠵᠦᠢᠯᠡᠰ ᠵᠡᠷᠭᠡ ᠶᠢ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠳᠤ ᠵᠢᠭᠠᠪᠤᠷᠢ ᠠᠪᠴᠤ ᠮᠡᠳᠡᠭᠦᠯᠦᠯᠲᠡ ᠬᠢᠬᠦ ᠬᠡᠷᠡᠭᠲᠡᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠠᠵᠢᠯ ᠤᠨ ᠳᠤᠮᠳᠠᠬᠢ ᠴᠢᠭᠯᠡᠯᠲᠡ᠂ ᠲᠥᠷᠥ ᠶᠢᠨ ᠪᠣᠳᠣᠯᠭ᠎ᠠ᠂ ᠲᠥᠯᠥᠪᠯᠡᠭᠡ ᠪᠠ ᠴᠢᠬᠤᠯᠠ ᠶᠡᠭᠡ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠪᠠᠨ ᠡᠷᠬᠡᠪᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠢᠭᠠᠪᠤᠷᠢ ᠠᠪᠴᠤ ᠮᠡᠳᠡᠭᠦᠯᠦᠯᠲᠡ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠠᠰᠠᠭᠤᠳᠠᠯ ᠳᠤ ᠬᠤᠯᠪᠣᠭᠳᠠᠬᠤ ᠮᠡᠳᠡᠭᠡ ᠵᠠᠩᠭᠢ ᠶᠢ ᠨᠡᠶᠢᠲᠡᠯᠡᠬᠦ ᠳᠤ᠂ ᠴᠢᠩᠭ᠎ᠠ ᠬᠢᠨᠠᠨ ᠲᠣᠭᠲᠠᠭᠠᠬᠤ ᠶᠢ ᠳᠡᠮᠵᠢᠨ᠂ ᠴᠢᠬᠤᠯᠠ ᠶᠡᠭᠡ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃       ᠳᠥᠴᠢᠨ ᠬᠤᠶᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ  ᠨᠢ ᠡᠯ᠎ᠡ ᠵᠦᠢᠯ ᠤᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠭᠲᠠᠭᠠᠯ ᠢ ᠡᠷᠡᠰ ᠬᠡᠷᠡᠭᠵᠢᠭᠦᠯᠦᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠭᠲᠠᠭᠠᠯ ᠯᠤᠭ᠎ᠠ ᠵᠥᠷᠢᠴᠡᠭᠰᠡᠨ ᠦᠭᠡ ᠬᠡᠯᠡ ᠪᠠ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠰᠢᠨᠵᠢᠯᠡᠨ ᠪᠠᠶᠢᠴᠠᠭᠠᠬᠤ ᠪᠠ ᠪᠠᠶᠢᠴᠠᠭᠠᠨ ᠰᠤᠳᠤᠯᠬᠤ᠂ ᠬᠤᠷᠠᠯ ᠤᠨ ᠠᠵᠢᠯᠯᠠᠭ᠎ᠠ ᠳᠤ ᠣᠷᠤᠯᠴᠠᠬᠤ ᠳᠤ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠪᠠᠷ᠎ᠠ ᠪᠣᠯᠬᠤ ᠬᠥᠮᠥᠰ ᠢ ᠴᠥᠭᠡᠳᠬᠡᠵᠦ᠂ ᠬᠦᠯᠢᠶᠡᠨ ᠠᠪᠬᠤ ᠠᠵᠢᠯ ᠢ ᠳᠥᠭᠦᠮᠴᠢᠯᠡᠨ᠂ ᠰᠣᠨᠢᠨ ᠮᠡᠳᠡᠭᠡ ᠮᠡᠳᠡᠭᠡᠯᠡᠬᠦ ᠠᠵᠢᠯ ᠢ ᠵᠢᠷᠤᠮᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢᠯᠡ ᠪᠠᠷ ᠵᠣᠬᠢᠶᠠᠯ ᠪᠦᠲᠦᠭᠡᠯ᠂ ᠶᠠᠷᠢᠶ᠎ᠠ ᠲᠠᠯᠪᠢᠬᠤ ᠲᠣᠪᠬᠢᠮᠠᠯ ᠬᠡᠪᠯᠡᠬᠦ ᠦᠭᠡᠢ᠂ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ ᠮᠡᠳᠡᠭᠡ ᠶᠠᠪᠤᠭᠤᠯᠬᠤ ᠦᠭᠡᠢ᠂ ᠪᠢᠴᠢᠭᠡᠰᠦ᠂ ᠣᠷᠣᠰᠢᠯ ᠪᠢᠴᠢᠬᠦ ᠦᠭᠡᠢ᠂ ᠣᠨᠴᠠᠭᠠᠢ ᠪᠠᠶᠢᠳᠠᠯ ᠲᠠᠢ ᠪᠣᠯ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠠᠷᠢᠶ᠎ᠠ ᠲᠠᠯᠪᠢᠬᠤ ᠪᠠ ᠵᠣᠬᠢᠶᠠᠯ ᠨᠡᠶᠢᠲᠡᠯᠡᠬᠦ᠂ ᠬᠤᠪᠢ ᠬᠥᠮᠥᠨ ᠨᠡᠷ᠎ᠡ ᠪᠠᠨ ᠬᠠᠳᠠᠭᠰᠠᠨ ᠵᠣᠬᠢᠶᠠᠯ ᠨᠡᠶᠢᠲᠡᠯᠡᠬᠦ ᠳᠤ᠂ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ     ᠬᠡᠷᠡᠭᠲᠡᠢ᠃     ᠴᠢᠯᠦᠭᠡ ᠠᠪᠬᠤ ᠴᠢᠯᠦᠭᠡ ᠲᠠᠶᠢᠯᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠬᠦᠬᠡᠬᠤᠲᠠ ᠠᠴᠠ ᠰᠠᠯᠵᠤ ᠭᠠᠳᠠᠭᠰᠢ ᠭᠠᠷᠬᠤ ᠳᠤ᠂ ᠤᠷᠢᠳ ᠢᠶᠠᠷ ᠲᠡᠷᠢᠭᠦᠯᠡᠭᠴᠢ ᠠᠴᠠ ᠴᠢᠯᠦᠭᠡ ᠠᠪᠬᠤ ᠶᠢᠨ ᠬᠠᠮᠲᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠡᠳᠡᠭᠦᠯᠦᠨ ᠪᠦᠷᠢᠳᠬᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠢ ᠬᠦᠬᠡᠬᠤᠲᠠ ᠠᠴᠠ ᠰᠠᠯᠵᠤ ᠭᠠᠳᠠᠭᠰᠢ ᠭᠠᠷᠬᠤ ᠳᠤ ᠤᠷᠢᠳ ᠢᠶᠠᠷ ᠴᠢᠯᠦᠭᠡ ᠠᠪᠴᠤ᠂ ᠡᠯ᠎ᠡ ᠰᠠᠯᠠᠭ᠎ᠠ ᠮᠥᠴᠢᠷ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠲᠡᠷᠢᠭᠦᠯᠡᠭᠴᠢ᠂ ᠬᠤᠪᠢᠳᠠᠨ ᠬᠠᠮᠢᠶᠠᠷᠴᠤ ᠪᠦᠬᠦᠢ ᠤᠳᠤᠷᠢᠳᠬᠤ ᠨᠥᠬᠦᠳ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠳᠤ ᠮᠡᠳᠡᠭᠦᠯᠬᠦ ᠬᠡᠷᠡᠭᠲᠡᠢ᠃     ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠰᠠᠶᠢᠲᠤᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠠᠯᠪᠠᠨ ᠠᠵᠢᠯ ᠳᠤ ᠬᠡᠷᠡᠭᠯᠡᠬᠦ ᠭᠡᠷ᠂ ᠣᠷᠣᠨ ᠰᠠᠭᠤᠴᠠ ᠪᠠ ᠲᠡᠷᠭᠡ ᠬᠡᠷᠡᠭᠯᠡᠬᠦ ᠵᠡᠷᠭᠡ ᠲᠠᠯ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠣᠨᠴᠠ ᠡᠷᠬᠡ ᠶᠢ ᠡᠷᠡᠰ ᠡᠰᠡᠷᠭᠦᠴᠡᠵᠦ᠂ ᠣᠨᠴᠠ ᠡᠷᠬᠡ ᠬᠡᠷᠡᠭᠵᠢᠭᠦᠯᠬᠦ ᠦᠭᠡᠢ᠃ ᠠᠯᠪᠠᠨ ᠢᠶᠠᠷ ᠤᠯᠤᠰ ︵ᠬᠢᠯᠢ︶ ᠤᠨ ᠭᠠᠳᠠᠨ᠎ᠠ ᠭᠠᠷᠬᠤ ᠪᠦᠯᠬᠦᠮ ᠳᠤᠭᠤᠶᠢᠯᠠᠩ ᠤᠨ ᠲᠤᠭ᠎ᠠ ᠬᠡᠮᠵᠢᠶ᠎ᠡ ᠪᠠ ᠬᠡᠪᠴᠢᠶ᠎ᠡ ᠶᠢ ᠴᠢᠩᠭ᠎ᠠ ᠡᠵᠡᠮᠳᠡᠬᠦ ᠬᠡᠷᠡᠭᠲᠡᠢ᠃     ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠪᠠ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠤᠯᠤᠰ ᠤᠨ ᠨᠢᠭᠤᠴᠠ᠂ ᠠᠵᠢᠯ ᠤᠨ ᠨᠢᠭᠤᠴᠠ ᠪᠤᠶᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠡᠵᠡᠮᠳᠡᠭᠰᠡᠨ ᠬᠤᠳᠠᠯᠳᠤᠭᠠᠨ ᠤ ᠨᠢᠭᠤᠴᠠ ᠵᠡᠷᠭᠡ ᠶᠢ ᠭᠠᠳᠠᠭᠰᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠵᠤ᠂ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ᠃     ᠳᠥᠴᠢᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯᠲᠠᠨ ᠨᠢ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂  ᠬᠠᠷᠢᠭᠤᠴᠠᠯᠭ᠎ᠠ ᠡᠭᠦᠷᠭᠡᠯᠡᠬᠦ  ᠪᠠᠨ ᠴᠢᠩᠭᠠᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠪᠠᠷ ᠬᠢᠴᠢᠶᠡᠨ ᠴᠢᠷᠮᠠᠶᠢᠵᠤ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠵᠦ᠂ ᠦᠨᠡᠨ ᠬᠦ ᠠᠳᠬᠤᠨ ᠰᠢᠷᠭᠠᠭᠤ ᠠᠵᠢᠯᠯᠠᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠬᠤ ᠬᠡᠷᠡᠭᠲᠡᠢ᠃ ︽ᠳᠥᠷᠪᠡᠨ ᠰᠤᠷᠲᠠᠯ  ︾ ᠢ ᠡᠰᠡᠷᠭᠦᠴᠡᠨ᠂ ᠰᠢᠨ᠎ᠡ ᠬᠡᠪ ᠰᠤᠷᠲᠠᠯ ᠢ ᠪᠣᠢ ᠪᠣᠯᠭᠠᠬᠤ ᠶᠢ ᠪᠠᠷᠢᠮᠲᠠᠯᠠᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ᠂ ᠬᠡᠪ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠬᠤ ᠪᠠ ᠤᠷᠲᠤ ᠬᠤᠭᠤᠴᠠᠭᠠᠨ ᠤ ᠪᠦᠲᠦᠮᠵᠢᠲᠡᠢ ᠪᠣᠯᠬᠤ ᠶᠢ ᠠᠬᠢᠭᠤᠯᠬᠤ ᠬᠡᠷᠡᠭᠲᠡᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠨᠢ ᠤᠷᠮᠠᠰᠢᠭᠤᠯᠬᠤ ᠬᠢᠭᠡᠳ ᠬᠢᠵᠠᠭᠠᠷᠯᠠᠬᠤ ᠲᠣᠭᠲᠠᠴᠠ ᠪᠠᠨ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂  ᠡᠭᠦᠷᠭᠡᠯᠡᠭᠴᠢ ᠳᠤ ᠬᠠᠷᠢᠭᠤᠴᠠᠯᠭ᠎ᠠ ᠲᠠᠢ ᠬᠠᠨᠳᠤᠵᠤ᠂ ᠬᠠᠷᠢᠭᠤᠴᠠᠭᠴᠢ ᠳᠤ ᠬᠠᠷᠢᠭᠤᠴᠠᠵᠤ᠂ ᠠᠵᠢᠯ ᠶᠠᠪᠤᠳᠠᠯ ᠬᠢᠭᠴᠢ ᠳᠤ ᠲᠦᠰᠢᠭ ᠪᠣᠯᠵᠤ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠠᠬᠤᠢ ᠶᠢ ᠴᠢᠷᠮᠠᠶᠢᠨ ᠪᠣᠢ ᠪᠣᠯᠭᠠᠬᠤ ᠬᠡᠷᠡᠭᠲᠡᠢ᠃                      ᠶᠢᠰᠦᠳᠦᠭᠡᠷ ᠪᠦᠯᠦᠭ   ᠳᠠᠭᠠᠯᠳᠤᠭᠤᠯᠤᠯ ᠳᠦᠷᠢᠮ     ᠳᠥᠴᠢᠨ ᠳᠥᠷᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠣᠨᠴᠠᠭᠠᠢ ᠪᠠᠶᠢᠭᠤᠯᠤᠭᠰᠠᠨ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠳᠤ ᠲᠤᠰ ᠳᠦᠷᠢᠮ ᠢ ᠲᠣᠬᠢᠷᠠᠭᠤᠯᠤᠨ ᠬᠡᠷᠡᠭᠯᠡᠨ᠎ᠡ᠃     ᠳᠥᠴᠢᠨ ᠲᠠᠪᠤ᠂ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2018 ᠣᠨ ᠤ 12 ᠳ᠋ᠤᠭᠠᠷ ᠰᠠᠷ᠎ᠠ ᠶᠢᠨ 11 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ〔2018〕50 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ      ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ     ᠠᠩᠭᠢ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠡᠭᠡ ᠪᠠᠶᠢᠩᠭᠤ ᠬᠤᠷᠢᠶᠠᠨ ᠤ ᠠᠯᠪᠠᠨ ᠲᠢᠩᠬᠢᠮ᠂ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                   2023 ᠣᠨ ᠤ 5 ᠳ᠋ᠤᠭᠠᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ 
 
ᠢᠷᠡᠯᠲᠡ᠄ ᠥᠪᠥᠷ ᠮᠣᠩᠭᠣᠯ  ᠤᠨ ᠵᠠᠰᠠᠭ  ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号