2 ᠰᠠᠷ᠎ᠠ ᠶᠢᠨ 16 ᠤ ᠡᠳᠦᠷ ᠬᠡᠪᠯᠡᠭᠳᠡᠭᠰᠡᠨ 4 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2022 ᠣᠨ ᠤ 12 ᠰᠠᠷ᠎ᠠ ᠶᠢᠨ 15 ᠤ ᠡᠳᠦᠷ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠨᠢᠭᠡ ᠬᠡᠰᠡᠭ ᠪᠤᠯᠬᠤ ︽ᠣᠳᠣᠬᠠᠨ ᠤ | ᠠᠵᠤ ᠠᠬᠤᠢ ᠶᠢᠨ ᠠᠵᠢᠯ ᠤᠨ ᠬᠡᠳᠦᠨ ᠴᠢᠬᠤᠯᠠ ᠶᠡᠭᠡ ᠠᠰᠠᠭᠤᠳᠠᠯ︾ ᠢ ᠨᠡᠶᠢᠲᠡᠯᠡᠪᠡ᠃ | ᠵᠣᠬᠢᠶᠠᠯ ᠳᠤ᠂ 2023 ᠣᠨ ᠤ ᠠᠵᠤ ᠠᠬᠤᠢ ᠶᠢᠨ ᠠᠵᠢᠯ ᠮᠢᠩᠭ᠎ᠠ ᠲᠦᠮᠡᠨ ᠵᠦᠢᠯ ᠪᠠᠶᠢᠵᠤ᠂ ᠪᠠᠶᠢᠯᠳᠤᠬᠤ | ᠪᠣᠳᠣᠯᠭ᠎ᠠ ᠶᠢᠨ ᠪᠦᠭᠦ ᠲᠠᠯ᠎ᠠ ᠠᠴᠠ ᠡᠭᠦᠰᠴᠦ᠂ ᠭᠤᠣᠯ ᠵᠥᠷᠢᠴᠡᠯ ᠢ ᠠᠳᠬᠤᠵᠤ᠂ ᠨᠡᠶᠢᠭᠡᠮ ᠤᠨ ᠰᠡᠳᠬᠢᠴᠡ ᠶᠢᠨ | ᠵᠢᠱᠢᠯᠲᠡ ᠶᠢ ᠰᠠᠶᠢᠵᠢᠷᠠᠭᠤᠯᠬᠤ᠂ ᠬᠥᠭᠵᠢᠯᠲᠡ ᠶᠢᠨ ᠢᠲᠡᠭᠡᠯ ᠢ ᠬᠥᠭᠵᠢᠭᠡᠬᠦ ᠠᠴᠠ ᠭᠠᠷᠳᠠᠵᠤ᠂ ᠴᠢᠬᠤᠯᠠ ᠶᠡᠭᠡ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠥᠲᠥᠯᠪᠦᠷᠢ ᠶᠢ ᠠᠳᠬᠤᠪᠠᠯ ᠠᠯᠢᠪᠠ ᠪᠦᠭᠦᠨ ᠨᠢ ᠳᠠᠭᠠᠯᠳᠤᠨ | ᠰᠢᠢᠳᠪᠦᠷᠢᠯᠡᠭᠳᠡᠬᠦ ᠪᠣᠯᠣᠨ᠎ᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠶᠡᠷᠦᠩᠬᠡᠢ | ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ | ᠪᠠᠶᠢᠭ᠎ᠠ ᠲᠣᠪᠤᠶᠢᠮ᠎ᠠ ᠵᠥᠷᠢᠴᠡᠯ ᠮᠥᠨ᠃ ᠡᠷᠬᠡᠪᠰᠢ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ | ᠲᠠᠭᠢᠨ ᠦᠢᠯᠡᠳᠪᠦᠷᠢᠯᠡᠯ ᠤᠨ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃ ᠲᠦᠷᠤ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠵᠦ᠂ ᠬᠡᠷᠡᠭᠯᠡᠭᠡ ᠶᠢᠨ ᠰᠠᠭᠤᠷᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ | ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡ ᠳᠤ᠂ ᠬᠡᠷᠡᠭᠯᠡᠭᠡ ᠶᠢ ᠰᠡᠷᠭᠦᠭᠡᠬᠦ ᠪᠠ | ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠬᠤᠶᠠᠷ ᠲᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ ᠪᠦᠭᠦ ᠨᠡᠶᠢᠭᠡᠮ ᠤᠨ ᠪᠡᠯᠡ | ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠬᠤ ᠬᠡᠷᠡᠭᠲᠡᠢ᠃ ᠭᠠᠳᠠᠭᠠᠳᠤ ᠭᠠᠷᠭᠠᠯᠲᠠ ᠶᠢᠨ ᠠᠵᠤ ᠠᠬᠤᠢ ᠳᠤ | ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠷᠠᠯᠵᠢᠶᠠᠨ ᠤ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠪᠢᠳᠡ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠵᠤ᠂ ᠯᠠᠪᠳᠠᠭᠤᠨ ᠪᠠᠲᠤᠲᠠᠢ ᠵᠣᠬᠰᠣᠬᠤ ᠬᠡᠷᠡᠭᠲᠡᠢ᠃ ᠮᠠᠨ ᠤ | ᠤᠯᠤᠰ ᠲᠤ ᠳᠡᠯᠡᠬᠡᠢ ᠳᠡᠭᠡᠷᠡᠬᠢ ᠬᠠᠮᠤᠭ ᠤᠨ ᠪᠦᠷᠢᠨ ᠪᠦᠲᠦᠨ ᠠᠵᠤ ᠦᠢᠯᠡᠰ ᠤᠨ ᠰᠢᠰᠲ᠋ᠧᠮ ᠪᠠ ᠲᠠᠯᠳᠠ | ᠬᠦᠴᠦᠨ ᠢᠶᠠᠷ ᠬᠠᠮᠤᠭ ᠤᠨ ᠶᠡᠭᠡ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠪᠠᠶᠢᠨ᠎ᠠ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠲᠦᠪᠰᠢᠨ ᠢ ᠦᠨᠡᠨ ᠬᠦ | ᠳᠡᠭᠡᠭᠰᠢᠯᠡᠭᠦᠯᠵᠦ᠂ ᠳᠤᠲᠠᠭᠤᠳᠠᠯ ᠢᠶᠠᠨ ᠱᠠᠯᠠᠪᠳᠠᠨ ᠨᠥᠬᠦᠪᠦᠷᠢᠯᠡᠵᠦ᠂ ᠳᠠᠪᠠᠭᠤᠯᠢᠭ ᠲᠠᠯ᠎ᠠ ᠪᠠᠨ ᠪᠤᠯᠪᠠᠰᠤᠷᠠᠭᠤᠯᠬᠤ | ᠬᠡᠷᠡᠭᠲᠡᠢ᠃ ᠨᠢᠭᠡ ᠳᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠡᠷᠬᠡᠪᠰᠢ ᠤᠯᠤᠰ ᠤᠨ ᠠᠮᠤᠷ ᠲᠦᠪᠰᠢᠨ ᠢ | ᠦᠨᠡᠨ ᠬᠦ ᠪᠠᠲᠤᠯᠠᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠰᠠᠭᠤᠷᠢ ᠲᠥᠬᠦᠭᠡᠷᠦᠮᠵᠢ᠂ | ᠰᠠᠭᠤᠷᠢ ᠠᠵᠤ ᠦᠢᠯᠡᠰ ᠤᠨ ᠶᠡᠷᠦᠩᠬᠡᠢ ᠴᠣᠭᠴᠠ ᠶᠢᠨ ᠬᠡᠪ ᠤᠨ ᠡᠷᠭᠢᠯᠲᠡ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠶᠠᠷ ᠲᠤ᠂ ᠠᠵᠤ ᠦᠢᠯᠡᠰ ᠤᠨ ᠰᠢᠰᠲ᠋ᠧᠮ ᠤᠨ ᠲᠡᠰ ᠲᠡᠪᠰᠢᠨ ᠭᠦᠭᠵᠢᠭᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ | ᠃ ᠭᠤᠣᠯᠳᠠᠯᠭ᠎ᠠ ᠲᠠᠢ ᠬᠦᠷᠢᠶᠡᠨ ᠳᠤ ᠤᠷᠢᠳᠴᠢᠯᠠᠨ ᠪᠠᠶᠢᠷᠢᠯᠠᠭᠤᠯᠵᠤ᠂ ᠠᠵᠤ ᠦᠢᠯᠡᠰ ᠤᠨ ᠰᠢᠰᠲ᠋ᠧᠮ ᠤᠨ | ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠤᠯᠠᠮᠵᠢᠯᠠᠯᠲᠤ ᠳᠠᠪᠠᠭᠤᠯᠢᠭ ᠠᠵᠤ | ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠢᠨ᠎ᠡ ᠥᠷᠢᠰᠦᠯᠳᠦᠭᠡᠨ ᠤ | ᠳᠠᠪᠠᠭᠤᠯᠢᠭ ᠢ ᠡᠭᠦᠳᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ︽ᠬᠤᠶᠠᠷ ᠡᠷᠡᠰ ᠭᠤᠶᠢᠪᠢᠰᠢ ᠦᠭᠡᠢ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠬᠤ | ᠬᠡᠷᠡᠭᠲᠡᠢ᠃ ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ ᠡᠷᠡᠰ ᠭᠤᠶᠢᠪᠢᠰᠢ ᠦᠭᠡᠢ︾ | ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠬᠤᠶᠠᠷ ᠲᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ ᠠᠪᠴᠢᠷᠠᠬᠤ ᠪᠠ ᠠᠰᠢᠭᠯᠠᠬᠤ ᠬᠡᠷᠡᠭᠲᠡᠢ | ᠃ ᠪᠦᠭᠦ ᠪᠥᠮᠪᠥᠷᠴᠡᠭ ᠢ ᠠᠵᠢᠭᠯᠠᠪᠠᠯ᠂ ᠬᠥᠭᠵᠢᠭᠰᠡᠨ ᠤᠯᠤᠰ ᠪᠠ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ | ᠴᠣᠭᠴᠠ ᠴᠥᠮ ᠭᠠᠳᠠᠭᠠᠳᠤ ᠪᠡᠯᠡ ᠶᠢ ᠲᠠᠳᠠᠨ ᠠᠪᠴᠢᠷᠠᠬᠤ ᠪᠠ ᠠᠰᠢᠭᠯᠠᠬᠤ ᠶᠢ ᠤᠯᠤᠰ ᠤᠨ ᠴᠢᠬᠤᠯᠠ ᠶᠡᠭᠡ | ᠪᠣᠳᠣᠯᠭ᠎ᠠ ᠪᠤᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠤᠯᠠᠨ ᠤᠯᠤᠰ ᠤᠨ | ᠥᠷᠢᠰᠦᠯᠳᠦᠭᠡᠨ ᠨᠡᠩ ᠰᠢᠷᠦᠭᠦᠰᠴᠦ ᠪᠠᠶᠢᠨ᠎ᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠵᠤ᠂ ᠮᠠᠨ ᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ | ᠲᠠᠲᠠᠵᠤ᠂ ᠴᠢᠨᠠᠷ ᠰᠠᠶᠢᠲᠠᠢ ᠨᠥᠭᠡᠴᠡ ᠭᠠᠳᠠᠭᠠᠳᠤ ᠪᠡᠯᠡ ᠶᠢ ᠦᠯᠡᠳᠡᠭᠡᠬᠦ ᠪᠥᠭᠡᠳ ᠪᠠᠰᠠ ᠨᠡᠩ ᠤᠯᠠᠨ ᠴᠢᠨᠠᠷ | ᠰᠠᠶᠢᠲᠠᠢ ᠭᠠᠳᠠᠭᠠᠳᠤ ᠪᠡᠯᠡ ᠶᠢ ᠲᠠᠲᠠᠨ ᠠᠪᠴᠢᠷᠠᠵᠤ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ | ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠲᠤ | ᠣᠷᠣᠭᠤᠯᠬᠤ ᠵᠥᠪᠰᠢᠶᠡᠷᠡᠯ ᠤᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠤᠶᠠᠷ ᠲᠤ᠂ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠪᠦᠭᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠭᠤᠷᠪᠠ ᠳᠤ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠳᠤ ᠦᠢᠯᠡᠴᠢᠯᠡᠬᠦ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠠᠷᠢᠯᠭᠠᠬᠤ ᠬᠡᠷᠡᠭᠲᠡᠢ᠃ ᠡᠷᠬᠡᠪᠰᠢ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ | ᠬᠤᠯᠠ ᠣᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ | ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠢᠭᠡ ᠳᠤ᠂ ᠭᠡᠷ ᠭᠠᠵᠠᠷ ᠤᠨ ᠬᠥᠷᠥᠩᠭᠡ ᠶᠢᠨ | ᠦᠢᠯᠡᠰ ᠠᠴᠠ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ ᠭᠤᠷᠪᠠ ᠳᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ 2023 ᠣᠨ ᠳᠤ ᠪᠠᠰᠠ ᠮᠠᠰᠢ ᠤᠯᠠᠨ ᠴᠢᠬᠤᠯᠠ ᠠᠵᠢᠯ ᠢ ᠬᠢᠬᠦ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠭᠢᠨ | ᠶᠠᠳᠠᠭᠤᠷᠠᠬᠤ ᠪᠠᠶᠢᠳᠠᠯ ᠢᠯᠡᠷᠡᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠥᠯᠥᠪᠵᠢᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ | ᠪᠠ ᠣᠷᠣᠨ ᠪᠦᠰᠡ ᠶᠢ ᠵᠣᠬᠢᠴᠠᠩᠭᠤᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | |