ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠱᠠᠬᠪᠠᠽᠢ ᠳᠤ ᠲᠣᠬᠤᠨᠢᠭᠤᠯᠬᠤ ᠴᠠᠭᠢᠯᠭᠠᠨ ᠴᠢᠮᠡᠭᠡ | ᠶᠠᠪᠤᠭᠤᠯᠪᠠ | 2 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠺᠢᠰᠲ᠋ᠠᠨ ᠳᠤ ᠬᠦᠨᠳᠦ ᠨᠣᠴᠢᠲᠠᠢ | ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ | ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ᠂ ᠡᠷᠬᠢᠮ ᠤᠯᠤᠰ ᠤᠨ ᠺᠠᠶᠢᠫᠦ᠋ ᠮᠤᠵᠢ ᠶᠢᠨ ᠪᠧᠱᠤᠸᠧᠷ ᠬᠤᠳᠠ ᠳᠤ ᠬᠦᠨᠳᠦ ᠨᠣᠴᠢᠲᠠᠢ | ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ | ᠰᠢᠷᠬᠠᠲᠤᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ᠂ ᠰᠢᠷᠬᠠᠲᠤᠭᠰᠠᠳ | ᠪᠣᠯᠣᠨ ᠠᠳᠡᠭᠰᠡᠳ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ | ᠢᠯᠡᠳᠬᠡᠪᠡ᠃ | ᠰᠢ ᠶᠢᠨ ᠫᠢᠩ᠂ ᠳᠤᠮᠳᠠᠳᠤ ᠤᠯᠤᠰ ᠶᠠᠮᠠᠷᠪᠠ ᠭᠡᠯᠪᠡᠷᠢ ᠶᠢᠨ ᠰᠦᠷᠳᠡᠭᠦᠯᠭᠦ ᠦᠵᠡᠯ ᠢ ᠡᠰᠡᠷᠭᠦᠴᠡᠨ᠎ᠡ᠂ ᠡᠨᠡ ᠬᠦ | ᠬᠡᠷᠡᠭ ᠢ ᠴᠢᠩᠭ᠎ᠠ ᠪᠤᠷᠤᠭᠤᠰᠢᠶᠠᠨ ᠵᠢᠮᠡᠯᠡᠵᠦ ᠪᠠᠶᠢᠨ᠎ᠠ᠃ ᠳᠤᠮᠳᠠᠳᠤ ᠤᠯᠤᠰ ᠫᠠᠺᠢᠰᠲ᠋ᠠᠨ ᠤᠯᠤᠰ ᠤᠨ | ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢᠨ ᠲᠥᠯᠥᠪᠯᠡᠭᠡ ᠶᠢ ᠠᠬᠢᠭᠤᠯᠵᠤ᠂ ᠨᠡᠶᠢᠭᠡᠮ ᠤᠨ ᠲᠣᠭᠲᠠᠭᠤᠨ ᠢ | ᠬᠠᠮᠠᠭᠠᠯᠠᠵᠤ᠂ ᠠᠷᠠᠳ ᠤᠯᠠᠨ ᠤ ᠠᠮᠤᠷ ᠲᠦᠪᠰᠢᠨ ᠢ ᠬᠠᠮᠠᠭᠠᠯᠠᠬᠤ ᠶᠢ ᠦᠷᠭᠦᠯᠵᠢᠯᠡᠨ ᠡᠷᠡᠰ ᠳᠡᠮᠵᠢᠵᠦ᠂ ᠳᠤᠷᠠᠲᠠᠶ᠎ᠠ | ᠫᠠᠺᠢᠰᠲ᠋ᠠᠨ ᠯᠤᠭ᠎ᠠ ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠭᠠᠵᠠᠷ ᠣᠷᠣᠨ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠭᠡᠵᠦ | ᠴᠢᠬᠤᠯᠠᠴᠢᠯᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠠᠺᠢᠰᠲ᠋ᠠᠨ ᠤ | ᠶᠡᠷᠦᠩᠬᠡᠢ ᠰᠠᠶᠢᠳ ᠱᠠᠬᠪᠠᠽᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | |