ᠤᠯᠤᠰ ᠤᠨ ᠲᠡᠷᠢᠭᠦᠯᠡᠭᠴᠢ ᠰᠢ ᠶᠢᠨ ᠫᠢᠩ 18 ᠤ ᠡᠳᠦᠷ 36 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ | ᠤᠯᠤᠰ ᠤᠳ ᠤᠨ ᠬᠤᠯᠪᠤᠭ᠎ᠠ ᠶᠢᠨ ᠲᠦᠷᠦᠭᠦᠴᠦᠳ ᠤᠨ ᠬᠤᠷᠠᠯ ᠳᠤ ᠴᠠᠭᠢᠯᠭᠠᠨ ᠴᠢᠮᠡᠭᠡ ᠶᠠᠪᠤᠭᠤᠯᠵᠤ᠂ ᠠᠹᠷᠢᠺᠠ | ᠲᠢᠪ ᠤᠨ ᠤᠯᠤᠰ ᠤᠳ ᠪᠣᠯᠣᠨ ᠠᠷᠠᠳ ᠲᠦᠮᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ ᠤᠨ ᠲᠤᠷᠰᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ | ᠠᠹᠷᠢᠺᠠ ᠲᠢᠪ ᠤᠨ ᠤᠯᠤᠰ ᠤᠳ ᠢ ᠪᠦᠯᠬᠦᠮᠳᠡᠭᠦᠯᠦᠨ ᠳᠠᠭᠠᠭᠤᠯᠵᠤ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠠᠹᠷᠢᠺᠠ ᠲᠢᠪ ᠤᠨ ᠴᠢᠯᠦᠭᠡᠲᠦ ᠠᠷᠠᠯᠵᠢᠶᠠᠨ ᠤ ᠣᠷᠣᠨ ᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠹᠷᠢᠺᠠ ᠲᠢᠪ ᠤᠨ ᠬᠠᠯᠠᠮᠰᠢᠯ ᠠᠰᠠᠭᠤᠳᠠᠯ ᠢ | ᠵᠣᠬᠢᠴᠠᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠠᠹᠷᠢᠺᠠ ᠲᠢᠪ ᠤᠨ ᠳᠡᠯᠡᠬᠡᠢ ᠳᠡᠭᠡᠷᠡᠬᠢ ᠪᠠᠶᠢᠷᠢ | ᠰᠠᠭᠤᠷᠢ ᠪᠣᠯᠣᠨ ᠨᠥᠯᠥᠭᠡᠯᠡᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠠᠹᠷᠢᠺᠠ ᠲᠢᠪ ᠤᠨ ᠤᠯᠤᠰ | ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠲᠠᠰᠤᠷᠠᠯᠲᠠ ᠦᠭᠡᠢ ᠨᠡᠩ ᠶᠡᠭᠡ ᠠᠮᠵᠢᠯᠲᠠ ᠣᠯᠬᠤ ᠶᠢ | ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ 2022 ᠣᠨ ᠳᠤ ᠳᠤᠮᠳᠠᠳᠤ ᠠᠹᠷᠢᠺᠠ ᠶᠢᠨ ᠬᠠᠷᠢᠯᠴᠠᠭ᠎ᠠ ᠰᠠᠶᠢᠨ ᠰᠠᠶᠢᠬᠠᠨ | ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ | ᠪᠦᠭᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠴᠢᠨᠠᠷ ᠰᠠᠶᠢᠲᠠᠢ ᠲᠡᠶᠢᠰᠢ ᠬᠥᠭᠵᠢᠵᠦ᠂ ᠣᠯᠠᠨ ᠤᠯᠤᠰ ᠤᠨ | ᠠᠹᠷᠢᠺᠠ ᠲᠢᠪ ᠯᠦᠭᠡ ᠶᠢᠨ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ ᠪᠢ ᠳᠤᠷᠠᠲᠠᠶ᠎ᠠ ᠠᠹᠷᠢᠺᠠ | ᠲᠢᠪ ᠤᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠨᠥᠭᠦᠷᠰᠡᠭ | ᠬᠠᠮᠲᠤᠷᠠᠯᠴᠠᠭ᠎ᠠ ᠶᠢ ᠤᠯᠠᠮ ᠴᠢᠩᠭᠠᠳᠬᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ | ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | |