ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 21 ᠤ ᠦᠳᠡ ᠶᠢᠨ ᠬᠤᠶᠢᠨ᠎ᠠ | ᠰᠠᠭᠤᠷᠢ ᠰᠤᠳᠤᠯᠭᠠᠨ ᠢ ᠴᠢᠩᠭᠠᠳᠬᠠᠬᠤ ᠲᠤᠬᠠᠢ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠠᠭᠤᠷᠢ | ᠰᠤᠳᠤᠯᠭᠠᠨ ᠢ ᠴᠢᠩᠭᠠᠳᠬᠠᠬᠤ ᠪᠣᠯ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠲᠤᠯᠭᠠᠮ ᠱᠠᠭᠠᠷᠳᠠᠯᠭ᠎ᠠ ᠮᠥᠨ᠂ ᠳᠡᠯᠡᠬᠡᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠠᠶᠢᠯᠠᠰᠢ ᠦᠭᠡᠢ ᠵᠠᠮ | ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠠᠭᠤᠷᠢ ᠰᠤᠳᠤᠯᠭᠠᠨ ᠢ | ᠴᠢᠩᠭᠠᠳᠬᠠᠬᠤ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠴᠢᠬᠤᠯᠠ ᠵᠥᠪᠯᠡᠭᠦ ᠵᠦᠢᠯ ᠳᠡᠭᠡᠨ | ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠨᠡᠮᠡᠭᠳᠡᠭᠦᠯᠵᠦ᠂ ᠰᠠᠭᠤᠷᠢ ᠰᠤᠳᠤᠯᠭᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠭᠦᠩ ᠴᠢ ᠬᠤᠸᠠᠩ ᠫᠷᠤᠹᠧᠰᠰᠤᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ | ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ | ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠨᠠᠮ ᠪᠣᠯᠣᠨ ᠤᠯᠤᠰ ᠠᠴᠠ ᠰᠠᠭᠤᠷᠢ ᠰᠤᠳᠤᠯᠭᠠᠨ ᠤ ᠠᠵᠢᠯ ᠢ ᠶᠡᠷᠦ ᠠᠴᠠ ᠴᠢᠬᠤᠯᠠᠴᠢᠯᠠᠭᠰᠠᠭᠠᠷ ᠢᠷᠡᠵᠠᠢ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ | ᠨᠠᠭᠠᠰᠢ᠂ ᠮᠠᠨ ᠤ ᠤᠯᠤᠰ ᠤᠨ ᠰᠠᠭᠤᠷᠢ ᠰᠤᠳᠤᠯᠭᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ | ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ | ᠦᠢᠯᠡᠰ ᠤᠨ ᠬᠤᠪᠢᠰᠤᠯᠲᠠ ᠨᠢᠰᠬᠦ ᠮᠡᠲᠦ ᠲᠦᠷᠭᠡᠨ ᠬᠥᠭᠵᠢᠵᠦ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠯ | ᠠᠭᠤᠰᠤᠯᠴᠠᠯ ᠲᠠᠰᠤᠷᠠᠯᠲᠠ ᠦᠭᠡᠢ ᠬᠥᠭᠵᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠳᠤ | ᠭᠦᠨᠵᠡᠭᠡᠢ ᠬᠤᠪᠢᠰᠤᠯᠲᠠ ᠭᠠᠷᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠠᠬᠤᠢ ᠨᠡᠶᠢᠭᠡᠮ ᠤᠨ | ᠬᠥᠭᠵᠢᠯᠲᠡ ᠲᠦᠷᠭᠡᠨ ᠢᠶᠠᠷ ᠨᠡᠪᠴᠢᠨ ᠠᠭᠤᠰᠤᠯᠴᠠᠵᠤ᠂ ᠰᠠᠭᠤᠷᠢ ᠰᠤᠳᠤᠯᠭᠠᠨ ᠢ ᠬᠤᠪᠢᠷᠠᠭᠤᠯᠬᠤ ᠦᠶᠡᠯᠡᠯ ᠤᠨ | ᠬᠤᠭᠤᠴᠠᠭ᠎ᠠ ᠢᠯᠡᠳᠲᠡ ᠪᠣᠭᠤᠨᠢᠰᠴᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠥᠷᠢᠰᠦᠯᠳᠦᠭᠡᠨ ᠰᠠᠭᠤᠷᠢ ᠰᠤᠳᠤᠯᠭᠠᠨ ᠤ ᠬᠤᠰᠢᠭᠤᠷᠠᠯ ᠲᠡᠶᠢᠰᠢ ᠰᠢᠯᠵᠢᠵᠦ ᠪᠠᠶᠢᠨ᠎ᠠ᠃ ᠤᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠢ ᠠᠷᠭᠠᠴᠠᠭᠠᠵᠤ᠂ ᠥᠨᠳᠥᠷ ᠲᠦᠪᠰᠢᠨ ᠪᠦᠬᠦᠢ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ | ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠢᠳᠡᠨ ᠤ ᠰᠠᠭᠤᠷᠢ ᠰᠤᠳᠤᠯᠭᠠᠨ ᠢ ᠴᠢᠩᠭᠠᠳᠬᠠᠵᠤ | ᠂ ᠡᠬᠢ ᠡᠭᠦᠰᠦᠯ ᠪᠠ ᠦᠨᠳᠦᠰᠦ ᠰᠠᠭᠤᠷᠢ ᠠᠴᠠ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠬᠦ ᠶᠢ | ᠲᠤᠯᠭᠠᠮ ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠭᠤᠷᠢ ᠰᠤᠳᠤᠯᠭᠠᠨ ᠤ ᠤᠷᠢᠳᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ | ᠰᠢᠰᠲ᠋ᠧᠮᠲᠦ ᠴᠢᠨᠠᠷ ᠪᠦᠬᠦᠢ ᠪᠠᠶᠢᠷᠢᠰᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠠᠭᠤᠷᠢ ᠰᠤᠳᠤᠯᠭᠠᠨ ᠨᠢ | ᠰᠤᠳᠤᠯᠭᠠᠨ ᠠᠴᠠ ᠬᠡᠷᠡᠭᠯᠡᠭᠡᠨ ᠳᠤ ᠭᠦᠷᠲᠡᠯ᠎ᠡ᠂ ᠲᠠᠭᠢᠭᠠᠳ ᠦᠢᠯᠡᠳᠪᠦᠷᠢᠯᠡᠯ ᠬᠦᠷᠲᠡᠯᠡᠬᠢ ᠡᠷᠳᠡᠮ ᠰᠢᠨᠵᠢᠯᠡᠭᠡᠨ ᠤ | ᠬᠡᠯᠬᠢᠶ᠎ᠡ ᠶᠢᠨ ᠡᠬᠢᠨ ᠳᠤᠨᠢ ᠣᠷᠣᠰᠢᠵᠤ᠂ ᠰᠠᠭᠤᠷᠢ ᠪᠠᠨ ᠪᠠᠲᠤ ᠴᠣᠭᠴᠠᠯᠠᠪᠠᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠰ ᠤᠨ ᠲᠣᠮᠣ ᠠᠰᠠᠷ ᠢ ᠰᠠᠶ᠋ᠢ ᠥᠨᠳᠥᠷ ᠪᠠᠶᠢᠭᠤᠯᠵᠤ ᠴᠢᠳᠠᠨ᠎ᠠ᠃ ︽ᠳᠥᠷᠪᠡ ᠳᠤ | ᠬᠠᠨᠳᠤᠭᠤᠯᠬᠤ︾ ᠶᠢ ᠪᠠᠷᠢᠮᠲᠠᠯᠠᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ︽ᠬᠤᠶᠠᠷ ᠵᠠᠮ ᠢᠶᠠᠷ ᠵᠠᠮᠨᠠᠬᠤ︾ | ᠶᠢ ᠴᠢᠯᠦᠭᠡᠲᠡᠢ ᠰᠦᠪᠡᠭᠴᠢᠯᠡᠬᠦ ᠶᠢ ᠪᠠᠷᠢᠮᠲᠠᠯᠠᠵᠤ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠰᠢᠭᠤᠷᠠᠯ ᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠢᠮ᠎ᠡ | ᠶᠣᠰᠣ ᠶᠢ ᠵᠢᠷᠤᠮᠯᠠᠨ ᠳᠤᠷᠠᠳᠤᠭᠰᠠᠨ ᠬᠤᠰᠢᠭᠤᠷᠠᠯ ᠠᠰᠠᠭᠤᠳᠠᠯ ᠪᠠ ᠴᠢᠬᠤᠯᠠ ᠶᠡᠭᠡ ᠬᠡᠷᠡᠭᠯᠡᠭᠡᠨ ᠤ ᠰᠤᠳᠤᠯᠭᠠᠨ ᠤ | ᠳᠤᠮᠳᠠ ᠬᠡᠶᠢᠰᠪᠦᠷᠢ ᠪᠠᠷ ᠭᠠᠷᠭᠠᠭᠰᠠᠨ ᠤᠨᠤᠯ ᠤᠨ ᠠᠰᠠᠭᠤᠳᠠᠯ ᠢ ᠨᠢᠭᠡᠳᠦᠯᠲᠡᠢ ᠲᠥᠯᠥᠪᠯᠡᠵᠦ᠂ ᠰᠠᠭᠤᠷᠢ | ᠰᠤᠳᠤᠯᠭᠠᠨ ᠤ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠪᠤᠯᠪᠠᠰᠤᠷᠠᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠪᠣᠯᠣᠨ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠡᠷᠡᠭᠴᠡᠭᠡ ᠶᠢ ᠡᠵᠡᠮᠳᠡᠵᠦ᠂ ᠰᠠᠭᠤᠷᠢ ᠰᠤᠳᠤᠯᠭᠠᠨ ᠤ ᠴᠢᠬᠤᠯᠠ ᠶᠡᠭᠡ ᠲᠦᠷᠦᠯ ᠵᠦᠢᠯ ᠤᠨ ᠪᠣᠯᠣᠮᠵᠢᠲᠤ ᠴᠢᠨᠠᠷ ᠢ | ᠨᠤᠲᠠᠯᠠᠬᠤ ᠪᠠ ᠰᠢᠯᠢᠨ ᠰᠣᠩᠭᠤᠵᠤ ᠦᠨᠡᠯᠡᠨ ᠵᠢᠱᠢᠭᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠲᠠᠳ ᠤᠨ ᠰᠠᠨᠠᠯ ᠢ | ᠭᠦᠢᠴᠡᠳ ᠭᠦᠨᠳᠦᠳᠭᠡᠵᠦ᠂ ᠶᠡᠭᠡ ᠬᠠᠨᠳᠤᠰᠢ ᠶᠢ ᠡᠵᠡᠮᠳᠡᠵᠦ᠂ ︽ᠲᠦᠷᠦᠭᠦᠦ ᠠᠯᠬᠤᠮ ᠤᠨ ᠰᠢᠲᠠᠷ᠎ᠠ︾ ᠶᠢ | ᠰᠠᠶᠢᠲᠤᠷ ᠲᠠᠯᠪᠢᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠰᠢᠰᠲ᠋ᠧᠮᠵᠢᠭᠰᠡᠨ | ᠰᠠᠭᠤᠷᠢ ᠰᠤᠳᠤᠯᠭᠠᠨ᠂ ᠬᠤᠰᠢᠭᠤᠷᠠᠯ ᠤᠳᠤᠷᠢᠳᠤᠮᠵᠢ ᠶᠢᠨ ᠬᠠᠶᠢᠨ ᠰᠦᠪᠡᠭᠴᠢᠯᠡᠯᠲᠡ ᠶᠢᠨ ᠴᠢᠨᠠᠷᠲᠠᠢ ᠰᠠᠭᠤᠷᠢ | ᠰᠤᠳᠤᠯᠭᠠᠨ᠂ ᠵᠠᠬ᠎ᠠ ᠳᠡᠯᠭᠡᠭᠦᠷ ᠤᠨ ᠤᠳᠤᠷᠢᠳᠤᠮᠵᠢ ᠶᠢᠨ ᠬᠡᠷᠡᠭᠯᠡᠭᠡᠨ ᠤ ᠴᠢᠨᠠᠷᠲᠠᠢ ᠰᠠᠭᠤᠷᠢ ᠰᠤᠳᠤᠯᠭᠠᠨ ᠢ ᠵᠣᠬᠢᠶᠠᠨ | ᠪᠠᠶᠢᠭᠤᠯᠤᠯᠲᠠ ᠲᠠᠢ ᠠᠬᠢᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠬᠥᠲᠥᠯᠥᠨ ᠳᠠᠭᠠᠭᠤᠯᠬᠤ | ᠦᠢᠯᠡᠳᠦᠯ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠮᠵᠢᠴᠢᠯᠠᠬᠰᠠᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ᠂ ᠥᠨᠳᠥᠷ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ | ᠰᠤᠷᠭᠠᠭᠤᠯᠢ ᠶᠢᠨ ᠭᠤᠣᠯ ᠬᠦᠴᠦᠨ ᠤ ᠦᠢᠯᠡᠳᠦᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠤᠨ ︽ᠰᠡᠳᠦᠪ ᠭᠠᠷᠭᠠᠭᠴᠢ︾᠂ ︽ᠰᠡᠳᠦᠪ ᠬᠠᠷᠢᠭᠤᠯᠤᠭᠴᠢ︾᠂ ︽ᠰᠡᠳᠦᠪ | ᠬᠢᠨᠠᠭᠴᠢ︾ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃ ᠰᠠᠭᠤᠷᠢ ᠰᠢᠨᠵᠢᠯᠡᠭᠡᠨ ᠤ | ᠰᠠᠯᠠᠭ᠎ᠠ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠰᠢᠨᠵᠢᠯᠡᠭᠡᠨ ᠤ | ᠰᠠᠯᠠᠭ᠎ᠠ᠂ ᠰᠢᠨ᠎ᠡ ᠪᠠᠷ ᠮᠠᠨᠳᠤᠭᠰᠠᠨ ᠰᠢᠨᠵᠢᠯᠡᠭᠡᠨ ᠤ ᠰᠠᠯᠠᠭ᠎ᠠ᠂ ᠠᠩᠬᠠᠷᠤᠭᠳᠠᠭᠠᠳᠤᠢ ᠰᠢᠨᠵᠢᠯᠡᠭᠡᠨ ᠤ ᠰᠠᠯᠠᠭ᠎ᠠ ᠪᠣᠯᠣᠨ | ᠪᠠᠭᠤᠷᠠᠢ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠳᠡᠮᠵᠢᠵᠦ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠨ | ᠠᠭᠤᠰᠤᠯᠴᠠᠬᠤ ᠪᠠ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠤᠳᠤᠯᠭᠠᠨ ᠢ ᠠᠬᠢᠭᠤᠯᠵᠤ᠂ ᠪᠦᠭᠦ ᠲᠠᠯ᠎ᠠ ᠪᠠᠷ | ᠲᠡᠩᠴᠡᠭᠦᠷᠢᠲᠡᠢ ᠬᠥᠭᠵᠢᠭᠰᠡᠨ ᠴᠢᠨᠠᠷ ᠰᠠᠶᠢᠲᠠᠢ ᠰᠢᠨᠵᠢᠯᠡᠭᠡᠨ ᠤ ᠰᠠᠯᠠᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠶᠢᠷᠲᠢᠨᠴᠦ ᠨᠢᠭᠡᠨᠲᠡ ᠲᠣᠮᠣ ᠰᠢᠨᠵᠢᠯᠡᠬᠦ ᠤᠬᠠᠭᠠᠨ ᠤ ᠴᠠᠭ ᠦᠶ᠎ᠡ ᠳᠤ ᠣᠷᠣᠵᠤ᠂ | ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠠᠪᠤᠬᠤ ᠲᠤᠲᠤᠮ ᠥᠨᠳᠥᠷ ᠪᠣᠯᠵᠤ᠂ | ᠳᠦᠷᠢᠮ ᠤᠨ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠠᠴᠠ ᠰᠠᠭᠤᠷᠢ ᠰᠤᠳᠤᠯᠭᠠᠨ ᠤ | ᠦᠢᠯᠡᠳᠪᠦᠷᠢᠯᠡᠯ ᠳᠤ ᠦᠵᠡᠭᠦᠯᠭᠦ ᠨᠥᠯᠥᠭᠡ ᠶᠠᠪᠤᠬᠤ ᠲᠤᠲᠤᠮ ᠶᠡᠭᠡ ᠪᠣᠯᠵᠤ ᠪᠠᠶᠢᠨ᠎ᠠ᠃ ᠡᠷᠬᠡᠪᠰᠢ ᠰᠠᠭᠤᠷᠢ | ᠰᠤᠳᠤᠯᠭᠠᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮ᠂ ᠲᠦᠷᠦ ᠶᠢᠨ | ᠪᠣᠳᠣᠯᠭ᠎ᠠ ᠶᠢᠨ ᠦᠷᠳᠡᠭ ᠤᠨ ᠬᠥᠳᠡᠯᠭᠡᠭᠦᠷ ᠪᠠ ᠪᠠᠶᠢᠯᠳᠤᠬᠤ ᠪᠣᠳᠣᠯᠭ᠎ᠠ ᠶᠢᠨ ᠳᠠᠭᠠᠭᠤᠯᠬᠤ ᠦᠢᠯᠡᠳᠦᠯ ᠢ ᠰᠠᠶᠢᠲᠤᠷ | ᠪᠠᠳᠠᠷᠠᠭᠤᠯᠬᠤ ᠬᠡᠷᠡᠭᠲᠡᠢ᠃ ᠰᠠᠭᠤᠷᠢ ᠰᠤᠳᠤᠯᠭᠠᠨ ᠤ ᠡᠳ᠋ ᠤᠨ ᠵᠠᠰᠠᠭ ᠤᠨ ᠣᠷᠣᠭᠤᠯᠤᠯᠲᠠ ᠶᠢ ᠲᠣᠭᠲᠠᠭᠤᠨ ᠢᠶᠠᠷ | ᠨᠡᠮᠡᠭᠳᠡᠭᠦᠯᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠭᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ | ᠬᠦᠴᠦᠨ ᠤ ᠰᠢᠨᠵᠢᠯᠡᠬᠦ ᠤᠬᠠᠭᠠᠨ ᠤ ᠰᠠᠭᠤᠷᠢ ᠮᠥᠩᠭᠦ ᠪᠠᠶᠢᠭᠤᠯᠬᠤ᠂ ᠰᠢᠨᠵᠢᠯᠡᠬᠦ ᠤᠬᠠᠭᠠᠨ ᠳᠤ ᠬᠠᠨᠳᠢᠪᠯᠡᠬᠤ ᠵᠡᠷᠭᠡ | ᠤᠯᠠᠨ ᠡᠰᠢᠲᠦ ᠣᠷᠣᠭᠤᠯᠤᠯᠲᠠ ᠶᠢ ᠵᠣᠷᠢᠭᠵᠢᠭᠤᠯᠵᠤ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ ᠵᠢᠴᠢ ᠲᠡᠭᠦᠨ ᠤ ᠬᠠᠮᠲᠤᠷᠠᠭᠰᠠᠨ ᠰᠠᠭᠤᠷᠢ ᠮᠥᠩᠭᠦ ᠶᠢᠨ ᠲᠡᠳᠬᠦᠨ ᠲᠤᠰᠠᠯᠠᠬᠤ ᠦᠢᠯᠡᠳᠦᠯ | ᠴᠢᠳᠠᠪᠬᠢ ᠶᠢ ᠳᠡᠭᠡᠭᠰᠢᠯᠡᠭᠦᠯᠵᠦ᠂ ᠥᠷᠢᠰᠦᠯᠳᠦᠭᠡᠨ ᠤ ᠴᠢᠨᠠᠷᠲᠠᠢ ᠳᠡᠮᠵᠢᠯᠭᠡ ᠪᠠ ᠲᠣᠭᠲᠠᠭᠤᠨ ᠳᠡᠮᠵᠢᠯᠭᠡ ᠶᠢ | ᠤᠶᠠᠯᠳᠤᠭᠤᠯᠤᠭᠰᠠᠨ ᠰᠠᠭᠤᠷᠢ ᠰᠤᠳᠤᠯᠭᠠᠨ ᠤ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠰᠠᠭᠤᠷᠢ ᠰᠤᠳᠤᠯᠭᠠᠨ ᠤ | ᠳᠡᠮᠵᠢᠯᠭᠡ ᠶᠢᠨ ᠰᠢᠰᠲ᠋ᠧᠮ ᠢ ᠰᠢᠯᠢᠳᠡᠭᠵᠢᠭᠦᠯᠵᠦ᠂ ᠰᠠᠭᠤᠷᠢ ᠰᠤᠳᠤᠯᠭᠠᠨ ᠤ ᠲᠦᠷᠦᠯ ᠵᠦᠢᠯ ᠢ ᠵᠣᠬᠢᠶᠠᠨ ᠪᠠᠶᠢᠭᠤᠯᠬᠤ | ᠂ ᠭᠤᠶᠤᠴᠢᠯᠠᠨ ᠮᠡᠳᠡᠭᠦᠯᠭᠦ᠂ ᠦᠨᠡᠯᠡᠨ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠵᠥᠷᠢᠶᠡᠲᠦ ᠴᠢᠨᠠᠷᠲᠠᠢ ᠪᠠᠷ ᠲᠦᠷᠦᠯ ᠬᠤᠪᠢᠶᠠᠭᠰᠠᠨ ᠬᠠᠮᠢᠶᠠᠷᠤᠯᠲᠠ ᠪᠠ ᠤᠯᠤᠰ ᠤᠨ | ᠳᠣᠲᠣᠭᠠᠳᠤ ᠭᠠᠳᠠᠭᠠᠳᠤ ᠶᠢᠨ ᠠᠵᠢᠯ ᠨᠢᠭᠡᠲᠡᠨ ᠤ ᠦᠨᠡᠯᠡᠯᠲᠡ ᠶᠢ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ | ᠤᠬᠠᠭᠠᠨ ᠤ ᠠᠰᠠᠭᠤᠳᠠᠯ ᠳᠤ ᠬᠠᠨᠳᠤᠭᠤᠯᠤᠭᠰᠠᠨ ᠬᠠᠮᠵᠢᠯᠴᠠᠨ ᠪᠣᠭᠤᠮᠲᠠ ᠰᠢᠪᠲᠤᠯᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠴᠢᠯᠦᠭᠡᠲᠦ ᠬᠠᠶᠢᠨ ᠰᠦᠪᠡᠭᠴᠢᠯᠡᠯᠲᠡ ᠶᠢᠨ ᠮᠠᠶ᠋ᠢᠭ ᠤᠨ ᠰᠤᠳᠤᠯᠭᠠᠨ ᠪᠠ ᠬᠠᠮᠲᠤ ᠶᠢᠨ | ᠲᠠᠨᠢᠯᠲᠠ ᠶᠢᠨ ᠪᠤᠰᠤ ᠰᠢᠨ᠎ᠡ ᠶᠢ ᠡᠭᠦᠳᠭᠦ ᠰᠤᠳᠤᠯᠭᠠᠨ ᠢ ᠵᠣᠷᠢᠭᠵᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ | ᠤᠯᠤᠰ ᠳᠠᠶᠠᠭᠠᠷ ᠤᠨ ᠪᠠᠶᠢᠭᠤᠯᠤᠮᠵᠢ ᠪᠣᠯᠣᠨ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠰᠠᠭᠤᠷᠢ ᠰᠤᠳᠤᠯᠭᠠᠨ ᠤ ᠤᠷᠳᠤ ᠦᠶᠡᠯᠡᠯ ᠤᠨ ᠬᠤᠭᠤᠴᠠᠭ᠎ᠠ ᠲᠠᠢ ᠵᠣᠬᠢᠴᠠᠭᠰᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠤᠷᠮᠠᠰᠢᠭᠤᠯᠤᠯ᠂ ᠦᠷ᠎ᠡ ᠪᠦᠲᠦᠭᠡᠯ ᠢ ᠬᠡᠷᠡᠭᠯᠡᠵᠦ ᠣᠨᠳᠣᠣᠰᠢᠭᠤᠯᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠴᠠᠯᠢᠩ ᠬᠥᠯᠥᠰᠦ ᠵᠡᠷᠭᠡ ᠳᠦᠷᠢᠮ ᠢ ᠪᠦᠷᠢᠨᠰᠢᠭᠦᠯᠵᠦ᠂ | ᠨᠢᠭᠡ ᠪᠦᠯᠦᠭ ᠰᠠᠭᠤᠷᠢ ᠰᠤᠳᠤᠯᠭᠠᠨ ᠤ ᠰᠢᠨ᠎ᠡ ᠶᠢ ᠡᠭᠦᠳᠭᠦ ᠰᠠᠭᠤᠷᠢᠨ᠂ ᠳᠠᠪᠠᠭᠤᠯᠢᠭ ᠪᠦᠯᠭᠦᠮ ᠪᠣᠯᠣᠨ | ᠭᠤᠣᠯᠳᠠᠯᠭ᠎ᠠ ᠲᠠᠢ ᠴᠢᠭᠯᠡᠯ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠲᠡᠮᠵᠢᠵᠤ᠂ ᠤᠤᠭᠠᠯ ᠡᠭᠦᠳᠦᠯᠲᠡ ᠶᠢᠨ | ᠭᠤᠯᠣᠮᠲᠠ ᠪᠣᠯᠣᠨ ᠰᠠᠭᠤᠷᠢ ᠰᠤᠳᠤᠯᠭᠠᠨ ᠤ ᠬᠤᠰᠢᠭᠤᠴᠢ ᠬᠦᠴᠦᠨ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠲᠤᠷᠰᠢᠯᠲᠠ ᠶᠢᠨ ᠲᠠᠰᠤᠭ ᠤᠨ | ᠰᠢᠰᠲ᠋ᠧᠮ ᠢ ᠬᠠᠮᠵᠢᠯᠴᠠᠨ ᠪᠠᠶᠢᠭᠤᠯᠵᠤ᠂ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠰᠤᠳᠤᠯᠭᠠᠨ ᠤ ᠲᠥᠪ ᠢ | ᠪᠠᠶᠢᠷᠢᠰᠢᠭᠤᠯᠤᠨ ᠪᠠᠶᠢᠭᠤᠯᠵᠤ᠂ ᠰᠢᠨ᠎ᠡ ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠭᠡ | ᠵᠠᠩᠭᠢᠵᠢᠯᠲᠠ ᠶᠢᠨ ᠰᠠᠭᠤᠷᠢ ᠲᠠᠪᠴᠠᠩ ᠢ ᠤᠷᠢᠳᠴᠢᠯᠠᠨ ᠪᠠᠶᠢᠷᠢᠯᠠᠭᠤᠯᠵᠤ᠂ ᠬᠦᠴᠦᠷᠬᠡᠭ ᠶᠡᠭᠡ ᠰᠠᠭᠤᠷᠢ | ᠰᠤᠳᠤᠯᠭᠠᠨ ᠤ ᠭᠤᠣᠯᠯᠠᠭᠴᠢ ᠬᠦᠴᠦᠨ ᠤ ᠲᠣᠣᠷ ᠢ ᠪᠦᠷᠢᠯᠳᠦᠭᠦᠯᠬᠦ ᠬᠡᠷᠡᠭᠲᠡᠢ᠃ ᠪᠠᠷᠠᠯᠠᠯᠳᠤ ᠴᠢᠨᠠᠷᠲᠠᠢ ᠬᠥᠲᠥᠯᠥᠨ | ᠳᠠᠭᠠᠭᠤᠯᠬᠤ ᠭᠡᠯᠪᠡᠷᠢ᠂ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠭᠡᠯᠪᠡᠷᠢ᠂ ᠬᠡᠷᠡᠭᠯᠡᠭᠡᠨ ᠤ | ᠲᠤᠯᠭᠠᠭᠤᠷᠢᠯᠠᠯ ᠤᠨ ᠭᠡᠯᠪᠡᠷᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ | ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠳᠤᠮᠳᠠᠬᠢ ᠪᠠ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠦᠭᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ | ᠨᠡᠭᠡᠭᠡᠯᠲᠡᠲᠤ ᠬᠠᠮᠲᠤ ᠪᠠᠷ ᠡᠳ᠋ᠯᠡᠭᠦ ᠲᠦᠪᠰᠢᠨ ᠪᠠ ᠠᠵᠢᠯᠯᠠᠭᠠᠨ ᠤ ᠦᠷ᠎ᠡ ᠪᠦᠲᠦᠮᠵᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠮᠵᠢᠭᠦᠷᠯᠢᠭ ᠲᠥᠬᠦᠭᠡᠷᠦᠮᠵᠢ᠂ | ᠠᠵᠢᠯᠯᠠᠭᠤᠯᠬᠤ ᠰᠢᠰᠲ᠋ᠧᠮ ᠪᠣᠯᠣᠨ ᠰᠠᠭᠤᠷᠢ ᠵᠥᠭᠡᠯᠡᠨ ᠲᠤᠨᠤᠭ ᠢ ᠤᠯᠤᠰ ᠲᠠᠭᠠᠨ ᠦᠢᠯᠡᠳᠪᠦᠷᠢᠯᠡᠬᠦ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ | ᠳᠡᠭᠡᠳᠦ ᠰᠤᠷᠭᠠᠭᠤᠯᠢ ᠪᠣᠯᠣᠨ ᠠᠵᠤ ᠠᠬᠤᠶᠢᠯᠠᠯ ᠬᠠᠮᠲᠤᠷᠠᠨ ᠪᠣᠭᠤᠮᠲᠠ ᠰᠢᠪᠲᠤᠯᠬᠤ ᠶᠢ ᠵᠣᠷᠢᠭᠵᠢᠭᠤᠯᠵᠤ᠂ | ᠤᠯᠤᠰ ᠲᠠᠭᠠᠨ ᠦᠢᠯᠡᠳᠪᠦᠷᠢᠯᠡᠬᠦ ᠦᠢᠯᠡᠳᠬᠦᠨ ᠢᠶᠠᠷ ᠣᠷᠣᠯᠠᠭᠤᠯᠬᠤ ᠲᠦᠪᠰᠢᠨ ᠪᠣᠯᠣᠨ ᠬᠡᠷᠡᠭᠯᠡᠬᠦ ᠬᠡᠪᠴᠢᠶ᠎ᠡ ᠶᠢ | ᠳᠡᠭᠡᠭᠰᠢᠯᠡᠭᠦᠯᠵᠦ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠦᠢᠯᠡᠳᠪᠦᠷᠯᠡᠭᠰᠡᠨ ᠰᠤᠳᠤᠯᠭᠠᠨ ᠤ ᠲᠠᠪᠴᠠᠩ᠂ | ᠬᠡᠮᠵᠢᠭᠦᠷᠯᠢᠭ ᠲᠥᠬᠦᠭᠡᠷᠦᠮᠵᠢ ᠪᠠᠷ ᠴᠢᠬᠤᠯᠠ ᠶᠡᠭᠡ ᠰᠠᠭᠤᠷᠢ ᠰᠤᠳᠤᠯᠭᠠᠨ ᠤ ᠠᠰᠠᠭᠤᠳᠠᠯ ᠢ ᠰᠢᠢᠳᠪᠦᠷᠢᠯᠡᠬᠦ ᠶᠢ | ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠰᠠᠭᠤᠷᠢ ᠰᠤᠳᠤᠯᠭᠠᠨ ᠢ ᠴᠢᠩᠭᠠᠳᠬᠠᠬᠤ ᠳᠤ ᠡᠴᠦᠰ ᠤᠨ ᠡᠴᠦᠰ ᠲᠡᠭᠡᠨ ᠥᠨᠳᠥᠷ ᠲᠦᠪᠰᠢᠨ | ᠪᠦᠬᠦᠢ ᠴᠢᠳᠠᠪᠤᠷᠢᠲᠠᠨ ᠳᠤ ᠲᠦᠰᠢᠭᠯᠡᠨ᠎ᠡ᠃ ᠡᠷᠬᠡᠪᠰᠢ ᠰᠢᠰᠲ᠋ᠧᠮᠵᠢᠭᠰᠡᠨ᠂ ᠳᠡᠭᠡᠳᠦ ᠲᠠᠰ ᠳᠠᠪᠬᠤᠷᠭ᠎ᠠ ᠶᠢᠨ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠬᠦᠴᠦᠯᠡᠨ ᠪᠠᠶᠢᠭᠤᠯᠵᠤ᠂ ᠨᠠᠩ ᠣᠯᠠᠨ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠥᠷᠢᠰᠦᠯᠳᠦᠭᠦᠯᠦᠨ ᠴᠣᠯᠭᠤᠷᠠᠭᠤᠯᠬᠤ ᠬᠡᠷᠡᠭᠲᠡᠢ᠃ ᠡᠯ᠎ᠡ ᠲᠦᠷᠦᠯ ᠤᠨ | ᠴᠢᠳᠠᠪᠤᠷᠢᠲᠠᠨ ᠤ ᠲᠥᠯᠥᠪᠯᠡᠭᠡ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠳᠡᠮᠵᠢᠭᠦ ᠡᠷᠴᠢᠮ ᠢ ᠴᠢᠩᠭᠠᠷᠠᠭᠤᠯᠵᠤ | ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠢ ᠬᠥᠮᠥᠵᠢᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠭᠤᠣᠯ ᠡᠭᠦᠷᠭᠡ ᠡᠭᠦᠷᠭᠡᠯᠡᠬᠦ᠂ ᠬᠦᠨᠳᠦ ᠡᠭᠦᠷᠭᠡ ᠡᠭᠦᠷᠭᠡᠯᠡᠬᠦ ᠶᠢ | ᠲᠡᠮᠵᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠡᠩᠨᠡᠭᠡ ᠪᠣᠯᠣᠨ | ᠲᠡᠷᠢᠭᠦᠨ ᠤ ᠰᠢᠨ᠎ᠡ ᠶᠢ ᠡᠭᠦᠳᠭᠦ ᠪᠦᠯᠭᠦᠮ ᠢ ᠲᠠᠰᠤᠷᠠᠯᠳᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠵᠦᠷᠢᠶᠡᠴᠢᠯᠡᠨ ᠦᠨᠡᠯᠡᠭᠦ ᠪᠠ ᠤᠷᠳᠤ ᠦᠶᠡᠯᠡᠯ ᠤᠨ ᠬᠤᠭᠤᠴᠠᠭ᠎ᠠ ᠪᠠᠷ ᠳᠡᠮᠵᠢᠭᠦ | ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠴᠢᠳᠠᠪᠤᠷᠢᠲᠠᠨ ᠳᠤ ᠨᠡᠩ ᠶᠡᠭᠡ ᠬᠥᠮᠥᠨ ᠤ ᠬᠦᠴᠦ ᠵᠣᠭᠤᠰ ᠮᠥᠩᠭᠦ ᠡᠳ᠋ ᠪᠣᠳᠠᠰ ᠢ ᠡᠵᠡᠮᠳᠡᠬᠦ ᠡᠷᠬᠡ ᠪᠣᠯᠣᠨ | ᠮᠡᠷᠭᠡᠵᠢᠯ ᠤᠨ ᠱᠤᠭᠤᠮ ᠤᠨ ᠰᠣᠩᠭᠤᠯᠲᠠ ᠶᠢᠨ ᠡᠷᠬᠡ ᠣᠯᠭᠤᠵᠤ᠂ ᠰᠠᠭᠤᠷᠢ ᠰᠤᠳᠤᠯᠭᠠᠨ ᠤ ᠵᠢᠮ᠎ᠡ ᠶᠣᠰᠣ ᠪᠣᠯᠣᠨ | ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠵᠢᠮ᠎ᠡ ᠶᠣᠰᠣᠨ ᠳᠤ ᠨᠡᠶᠢᠴᠡᠭᠦ ᠦᠨᠡᠯᠡᠯᠲᠡ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠰᠤᠷᠲᠠᠯ ᠪᠣᠯᠣᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠢ ᠬᠥᠲᠥᠯᠥᠨ | ᠳᠠᠭᠠᠭᠤᠯᠵᠤ ᠪᠠᠶᠢᠭᠠᠳ ᠣᠷᠭᠢᠶ᠎ᠠ ᠰᠤᠷᠲᠠᠯ ᠢ ᠨᠢ ᠲᠠᠶᠠᠭᠳᠠᠭᠤᠯᠵᠤ᠂ ᠬᠦᠯᠢᠴᠡᠩᠭᠦᠢ ᠪᠤᠰᠤ ᠪᠠᠶᠢᠳᠠᠯ ᠢ ᠨᠢ | ᠲᠡᠪᠴᠢᠭᠦᠯᠵᠦ᠂ ︽ᠬᠦᠢᠲᠡᠨ ᠰᠠᠨᠳᠠᠯᠢ︾ ᠳᠤ ᠯᠠᠪᠳᠠᠭᠤᠨ ᠲᠣᠭᠲᠠᠭᠤᠨ ᠰᠠᠭᠤᠯᠭᠠᠬᠤ ᠬᠡᠷᠡᠭᠲᠡᠢ᠃ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ | ᠳᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠰᠣᠳᠣᠨ ᠴᠢᠳᠠᠪᠤᠷᠢᠲᠠᠨ ᠤ ᠲᠥᠯᠥᠪᠯᠡᠭᠡ︾᠂ ︽ᠰᠠᠭᠤᠷᠢ ᠶᠢ | ᠪᠠᠬᠢᠵᠢᠭᠦᠯᠬᠦ ᠲᠥᠯᠥᠪᠯᠡᠭᠡ︾᠂ ︽ᠰᠠᠭᠤᠷᠢ ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠬᠴᠢᠳ ᠢ | ᠬᠥᠮᠥᠵᠢᠭᠦᠯᠬᠦ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ ᠰᠤᠷᠭᠠᠨ | ᠬᠥᠮᠦᠵᠢᠯ ᠤᠨ ᠰᠢᠰᠲ᠋ᠧᠮ ᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠢᠯᠠᠩᠭᠤᠶ᠎ᠠ ︽ᠬᠤᠣᠰ ᠲᠡᠷᠢᠭᠦᠨ | ᠵᠡᠷᠭᠡ︾ ᠶᠢᠨ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠭᠤᠣᠯ | ᠬᠦᠴᠦᠨ ᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠪᠠᠴᠢᠮ ᠬᠡᠷᠡᠭᠰᠡᠬᠦ ᠳᠡᠭᠡᠳᠦ ᠲᠡᠰ ᠤᠨ ᠴᠢᠳᠠᠪᠤᠷᠢᠲᠠᠨ ᠢ | ᠬᠥᠮᠥᠵᠢᠭᠦᠯᠬᠦ ᠶᠢ ᠴᠢᠩᠭᠠᠳᠬᠠᠵᠤ᠂ ᠬᠡᠪᠴᠢᠶ᠎ᠡ ᠨᠢ ᠠᠤᠭ᠎ᠠ ᠶᠡᠭᠡ ᠰᠠᠭᠤᠷᠢ ᠰᠤᠳᠤᠯᠭᠠᠨ ᠤ ᠪᠡᠯᠡᠳᠬᠡᠯ ᠬᠦᠴᠦᠨ ᠢ | ᠲᠠᠰᠤᠷᠠᠯᠳᠠ ᠦᠭᠡᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠲᠥᠷᠥᠯᠬᠢᠲᠡᠨ ᠬᠠᠮᠲᠤ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠳᠤ᠂ ᠤᠯᠠᠨ ᠤᠯᠤᠰ ᠤᠨ ᠬᠠᠮᠲᠤᠷᠠᠯᠴᠠᠭ᠎ᠠ ᠪᠣᠯᠣᠨ ᠨᠡᠭᠡᠭᠡᠯᠲᠡ ᠬᠢᠵᠦ ᠬᠠᠮᠲᠤ ᠪᠠᠷ ᠡᠳ᠋ᠯᠡᠭᠦ ᠶᠢ | ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠱᠠᠭᠠᠷᠳᠠᠵᠤ ᠪᠠᠶᠢᠨ᠎ᠠ᠃ ᠤᠯᠠᠨ ᠤᠯᠤᠰ ᠤᠨ ᠰᠠᠭᠤᠷᠢ | ᠰᠤᠳᠤᠯᠭᠠᠨ ᠤ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠥᠩᠭᠦ ᠶᠢ ᠪᠠᠶᠢᠭᠤᠯᠵᠤ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠭᠠᠳᠠᠭᠠᠳᠤ ᠨᠡᠭᠡᠭᠡᠯᠲᠡ ᠶᠢᠨ ᠡᠷᠴᠢᠮ ᠢ ᠴᠢᠩᠭᠠᠷᠠᠭᠤᠯᠵᠤ᠂ ᠠᠭᠤᠷ | ᠠᠮᠢᠰᠬᠤᠯ ᠤᠨ ᠬᠤᠪᠢᠷᠠᠯᠲᠠ᠂ ᠡᠨᠧᠷᠭᠢ ᠶᠢᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ ᠭᠠᠳᠠᠷ | ᠳᠠᠪᠬᠤᠷᠭ᠎ᠠ ᠶᠢᠨ ᠣᠷᠣᠨ ᠵᠠᠢ ᠶᠢᠨ ᠠᠰᠢᠭᠯᠠᠯᠲᠠ ᠵᠡᠷᠭᠡ ᠪᠦᠭᠦ ᠪᠥᠮᠪᠥᠷᠴᠡᠭ ᠤᠨ ᠠᠰᠠᠭᠤᠳᠠᠯ ᠤᠨ ᠲᠣᠭᠤᠷᠢᠨ ᠳᠤ᠂ | ᠳᠤᠮᠳᠠᠳᠤ ᠭᠠᠳᠠᠭᠠᠳᠤ ᠶᠢᠨ ᠬᠠᠮᠲᠤᠷᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠢ ᠥᠷᠭᠡᠳᠬᠡᠨ ᠭᠦᠨᠵᠡᠭᠡᠶᠢᠷᠡᠭᠦᠯᠬᠦ | ᠬᠡᠷᠡᠭᠲᠡᠢ᠃ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠤᠷᠢᠳᠴᠢᠯᠠᠨ | ᠲᠥᠰᠥᠪᠯᠡᠬᠦ ᠪᠠ ᠭᠦᠨᠵᠡᠭᠡᠢ ᠣᠷᠣᠯᠴᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠣᠬᠢᠶᠠᠨ ᠪᠠᠶᠢᠭᠤᠯᠤᠯᠲᠠ ᠳᠤ ᠣᠷᠤᠯᠴᠠᠬᠤ ᠪᠤᠶᠤ ᠲᠡᠭᠦᠨ ᠢ ᠡᠭᠦᠰᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠤᠯᠠᠨ ᠤᠯᠤᠰ ᠯᠤᠭ᠎ᠠ ᠵᠣᠯᠭᠠᠯᠴᠠᠭ᠎ᠠ ᠬᠢᠬᠦ ᠶᠢ ᠳᠡᠮᠵᠢᠭᠦ | ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠨᠡᠭᠡᠭᠡᠯᠲᠡ᠂ | ᠢᠲᠡᠭᠡᠯᠴᠡᠭᠡ᠂ ᠬᠠᠮᠲᠤᠷᠠᠯᠴᠠᠭ᠎ᠠ ᠶᠢ ᠴᠢᠷᠮᠠᠶᠢᠨ ᠨᠡᠮᠡᠭᠳᠡᠭᠦᠯᠵᠦ᠂ ᠨᠡᠩ ᠤᠯᠠᠨ ᠴᠢᠬᠤᠯᠠ ᠶᠡᠭᠡ ᠤᠤᠭᠠᠯ ᠡᠭᠦᠳᠦᠯᠲᠡ | ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠪᠠᠷ ᠬᠥᠮᠥᠨ ᠲᠥᠷᠥᠯᠬᠢᠲᠡᠨ ᠤ ᠪᠣᠯᠪᠠᠰᠤᠨ ᠤ | ᠲᠠᠪᠰᠢᠯᠳᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢᠨ ᠬᠠᠮᠲᠤ ᠮᠠᠨ ᠤ ᠤᠯᠤᠰ ᠤᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠠᠮᠤᠷ ᠲᠦᠪᠰᠢᠨ ᠤ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠬᠡᠳᠦᠨ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠦᠷᠭᠦᠯᠵᠢᠯᠡᠨ ᠲᠡᠮᠡᠴᠡᠵᠦ ᠪᠠᠶᠢᠭᠠᠳ ᠴᠣᠭᠴᠠᠯᠠᠭᠰᠠᠨ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ | ᠰᠠᠨᠠᠭ᠎ᠠ᠂ ᠪᠠᠷᠠᠭᠤᠨᠰᠢ ᠨᠡᠭᠦᠭᠰᠡᠨ ᠵᠣᠷᠢᠭ ᠰᠠᠨᠠᠭ᠎ᠠ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ | ᠰᠠᠨᠠᠭ᠎ᠠ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ | ᠂ ᠰᠢᠨ᠎ᠡ ᠴᠠᠭ ᠦᠶ᠎ᠡ ᠶᠢᠨ ᠳᠣᠬᠢᠭᠤᠷ ᠲᠤᠯᠤᠭᠠᠨ ᠤᠳᠤᠨ ᠤ ᠵᠣᠷᠢᠭ ᠰᠠᠨᠠᠭ᠎ᠠ ᠵᠡᠷᠭᠡ ᠨᠢ ᠳᠤᠮᠳᠠᠳᠤ ᠤᠯᠤᠰ ᠤᠨ | ᠣᠨᠴᠠᠯᠢᠭ ᠲᠠᠢ ᠰᠢᠨ᠎ᠡ ᠶᠢ ᠡᠭᠦᠳᠭᠦ ᠠᠮᠢ ᠠᠬᠤᠢ ᠶᠢ ᠬᠠᠮᠲᠤ ᠪᠠᠷ ᠴᠣᠭᠴᠠᠯᠠᠵᠤ᠂ ᠰᠠᠭᠤᠷᠢ ᠰᠤᠳᠤᠯᠭᠠᠨ ᠤ | ᠬᠥᠭᠵᠢᠯᠲᠡ ᠶᠢ ᠲᠤᠯᠭᠠᠭᠤᠷᠢᠯᠠᠬᠤ ᠳᠤᠨᠳᠠᠷᠠᠰᠢ ᠦᠭᠡᠢ ᠬᠥᠳᠡᠯᠭᠡᠬᠦ ᠬᠦᠴᠦᠨ ᠪᠣᠯᠵᠠᠢ᠃ ᠨᠡᠶᠢᠭᠡᠮ ᠳᠠᠶᠠᠭᠠᠷ ᠲᠤ | ᠦᠨᠡᠨ ᠶᠣᠰᠣ ᠶᠢ ᠬᠥᠭᠡᠭᠡᠴᠡᠯᠳᠦᠬᠦ᠂ ᠨᠣᠶᠠᠨ ᠤᠷᠭᠢᠯ ᠳᠤ ᠵᠣᠷᠢᠭᠲᠠᠢ ᠪᠠᠷ ᠠᠪᠠᠷᠢᠬᠤ ᠰᠢᠨᠵᠢᠯᠡᠬᠦ ᠤᠬᠠᠭᠠᠨᠨ ᠤ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠠᠭᠤᠷᠢ ᠰᠤᠳᠤᠯᠭᠠᠨ ᠵᠡᠷᠭᠡ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠬᠦᠷᠢᠶᠡᠨ ᠳᠤ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠ ᠦᠢᠯᠡ ᠠᠵᠢᠯᠯᠠᠭ᠎ᠠ ᠶᠢ | ᠥᠷᠭᠡᠨ ᠢᠶᠠᠷ ᠤᠬᠠᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠢ | ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ | ᠤᠯᠤᠰ ᠣᠷᠣᠨ ᠤ ᠪᠠᠨ ᠲᠥᠯᠥᠭᠡ ᠵᠢᠳᠭᠦᠭᠦ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠢᠷᠠᠭᠤ | ᠠᠯᠳᠠᠷᠲᠤ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ ᠥᠭᠦᠯᠡᠯ ᠢᠶᠠᠨ ᠡᠬᠡ ᠤᠯᠤᠰ ᠤᠨ ᠡᠬᠡ ᠭᠠᠵᠠᠷ ᠳᠡᠭᠡᠷ᠎ᠡ | ᠪᠢᠴᠢᠭᠦ ᠪᠤᠯᠭᠠᠬᠤ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠤᠯᠠᠨ ᠠᠷᠭ᠎ᠠ | ᠵᠠᠮ ᠢᠶᠠᠷ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮᠵᠢᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠠᠮᠵᠢᠯᠲᠠ ᠪᠦᠲᠦᠮᠵᠢ ᠶᠢ ᠢᠯᠡᠷᠡᠭᠦᠯᠵᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ | ᠳᠡᠭᠡᠳᠦᠯᠡᠬᠦ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ︽ᠬᠤᠶᠠᠷ ᠢ | ᠬᠥᠩᠭᠡᠷᠡᠭᠦᠯᠬᠦ︾ ᠳᠤᠮᠳᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠮᠡᠯᠲᠡ ᠶᠢ ᠰᠠᠶᠢᠲᠤᠷ ᠬᠢᠵᠦ᠂ | ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ᠂ ᠲᠥᠰᠥᠭᠡᠯᠡᠨ ᠪᠤᠳᠤᠬᠤ ᠴᠢᠳᠠᠪᠤᠷᠢ᠂ ᠬᠠᠶᠢᠨ ᠰᠦᠪᠡᠭᠴᠢᠯᠡᠬᠦ | ᠬᠦᠰᠡᠯ ᠢ ᠬᠥᠭᠵᠢᠭᠡᠵᠦ᠂ ᠰᠢᠨᠵᠢᠯᠡᠬᠦ ᠤᠬᠠᠭᠠᠨᠲᠠᠨ ᠤ ᠲᠠᠯᠲᠠ ᠴᠢᠨᠠᠷ ᠢ ᠪᠦᠷᠢᠯᠳᠦᠭᠦᠯᠦᠭᠰᠡᠨ᠂ ᠰᠢᠨᠵᠢᠯᠡᠬᠦ | ᠤᠬᠠᠭᠠᠨ ᠤ ᠰᠤᠳᠤᠯᠭᠠᠨ ᠤ ᠦᠢᠯᠡᠰ ᠲᠤ ᠪᠡᠶ᠎ᠡ ᠪᠠᠨ ᠵᠣᠷᠢᠭᠤᠯᠬᠤ ᠳᠤᠷᠠᠲᠠᠢ ᠵᠠᠯᠠᠭᠤᠴᠤᠳ ᠪᠠᠭᠠᠴᠤᠳ ᠢ | ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠰᠡᠭᠦᠯ ᠳᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠮᠡᠳᠡᠯᠭᠡ ᠶᠢ ᠰᠤᠷᠤᠯᠴᠠᠵᠤ᠂ ᠰᠢᠨᠵᠢᠯᠡᠬᠦ ᠤᠬᠠᠭᠠᠨᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠳ ᠤᠨ ᠬᠦᠴᠢᠷ ᠵᠣᠪᠠᠭᠤᠷᠢ ᠶᠢ | ᠰᠢᠢᠳᠪᠦᠷᠢᠯᠡᠨ ᠥᠭᠴᠦ᠂ ᠬᠦᠯᠢᠶᠡᠰᠦ ᠶᠢ ᠨᠢ ᠠᠯᠳᠠᠷᠠᠭᠠᠨ ᠳᠠᠷᠤᠭᠠᠰᠤ ᠶᠢ ᠨᠢ ᠬᠥᠩᠭᠡᠷᠡᠭᠦᠯᠵᠦ᠂ ᠡᠷᠴᠢ | ᠵᠣᠷᠢᠭ ᠢ ᠨᠢ ᠬᠥᠪᠴᠢᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠤᠬᠠᠢ ᠨᠠᠮ ᠤᠨ | ᠲᠥᠪ ᠬᠤᠷᠢᠶ᠎ᠠ ᠶᠢᠨ ᠠᠯᠢ ᠤᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |