ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠥᠨᠥᠭᠡᠯ ᠳᠤ ᠨᠥᠬᠦᠪᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ᠶᠢᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/23
    ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠪᠠᠲᠤᠯᠠᠵᠤ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠪᠠ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠵᠥᠷᠢᠴᠡᠯ ᠢ ᠦᠨᠡᠨ ᠬᠦ ᠨᠠᠮᠳᠠᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠣᠯᠠᠨ ᠲᠦᠮᠡᠨ ᠤ ᠢᠳᠡᠪᠬᠢᠵᠢᠯ ᠢ ᠴᠢᠩᠭᠠᠷᠠᠭᠤᠯᠬᠤ ᠪᠤᠰᠤᠳᠴᠢ ᠬᠡᠷᠡᠭᠴᠡᠭᠡ ᠠᠴᠠ ᠡᠭᠦᠰᠴᠦ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠥᠨᠥᠭᠡᠯ ᠳᠤ ᠨᠥᠬᠦᠪᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 8 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠪᠠᠷ ᠢᠶᠠᠨ ︽ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃    ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ    ᠣᠶᠢᠷ᠎ᠠ ᠶᠢᠨ ᠵᠢᠯ ᠤᠳ ᠲᠤ᠂ ᠪᠠᠶᠢᠭᠠᠯᠢ ᠶᠢᠨ ᠣᠶ ᠰᠢᠭᠤᠢ ᠶᠢ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠶᠡᠭᠡ ᠪᠠᠷ ᠬᠡᠷᠡᠭᠵᠢᠭᠦᠯᠬᠦ ᠶᠢ ᠳᠠᠭᠠᠯᠳᠤᠨ᠂ ᠪᠥᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠪᠠ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠪᠡ᠃ ᠡᠭᠦᠨ ᠤ ᠳᠠᠭᠠᠤ ᠳᠤ ᠬᠡᠭᠡᠷ᠎ᠡ ᠶᠢᠨ ᠠᠮᠢᠲᠠᠨ ᠤ ᠠᠵᠢᠯᠯᠠᠭᠠᠨ ᠤ ᠬᠡᠪᠴᠢᠶ᠎ᠡ ᠪᠠ ᠢᠳᠡᠰᠢᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠡᠭᠡᠷ᠎ᠡ ᠶᠢᠨ ᠠᠮᠢᠲᠠᠨ ᠤ ᠲᠠᠷᠢᠶ᠎ᠠ ᠲᠥᠮᠥᠰᠥ ᠶᠢ ᠬᠤᠬᠢᠷᠠᠭᠤᠯᠬᠤ᠂ ᠣᠶ ᠮᠣᠳᠣ ᠶᠢ ᠡᠪᠳᠡᠬᠦ ᠵᠡᠷᠭᠡ ᠬᠡᠷᠡᠭ ᠪᠠᠶᠢᠨ ᠳᠠᠬᠢᠨ     ᠡᠭᠦᠰᠴᠦ᠂ ᠴᠢᠨᠠᠭᠰᠢᠯᠠᠪᠠᠯ ᠠᠷᠠᠳ ᠣᠯᠠᠨ ᠤ ᠪᠡᠶ᠎ᠡ ᠶᠢᠨ ᠠᠮᠤᠷ ᠲᠦᠪᠰᠢᠨ ᠢ ᠰᠦᠷᠳᠡᠭᠦᠯᠵᠦ ᠪᠠᠶᠢᠨ᠎ᠠ᠃    2020 ᠣᠨ ᠳᠤ᠂ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠢᠳᠡᠬᠦ ᠪᠣᠯᠬᠢ ᠳᠠᠳᠬᠠᠯ ᠢ ᠠᠷᠢᠯᠭᠠᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ︽ᠲᠣᠭᠲᠠᠭᠠᠯ︾ ᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠭᠡᠷ᠎ᠡ ᠶᠢᠨ ᠠᠮᠢᠲᠠᠨ ᠢ ᠬᠥᠮᠥᠨ ᠤ ᠬᠦᠴᠦ ᠪᠠᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠤᠬᠤᠷᠢᠨ ᠭᠠᠷᠴᠤ ᠰᠢᠯᠵᠢᠭᠦᠯᠦᠨ ᠥᠭᠬᠦ ᠪᠠ ᠲᠡᠵᠢᠭᠡᠵᠦ ᠪᠠᠶᠢᠭ᠎ᠠ ᠠᠮᠢᠲᠠᠨ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠥᠬᠦ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠠ ᠠᠰᠢᠭᠯᠠᠬᠤ ᠠᠵᠢᠯᠯᠠᠭ᠎ᠠ ᠶᠢ ᠵᠢᠷᠤᠮᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃    ᠬᠤᠶᠠᠷ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠦᠨᠳᠦᠰᠦᠯᠡᠪᠡᠯ᠄ ︽ᠤᠯᠤᠰ ᠤᠨ ᠭᠤᠣᠯᠳᠠᠯᠭ᠎ᠠ ᠲᠠᠢ ᠬᠠᠮᠠᠭᠠᠯᠠᠵᠤ ᠪᠠᠶᠢᠭ᠎ᠠ ᠬᠡᠭᠡᠷ᠎ᠡ ᠶᠢᠨ ᠠᠮᠢᠲᠠᠨ ᠪᠠ ᠠᠮᠢ ᠠᠬᠤᠢ ᠶᠢᠨ᠂ ᠰᠢᠨᠵᠢᠯᠡᠬᠦ ᠤᠬᠠᠭᠠᠨ ᠤ᠂ ᠨᠡᠶᠢᠭᠡᠮ ᠤᠨ ᠴᠢᠬᠤᠯᠠ ᠦᠨ᠎ᠡ ᠦᠷᠲᠡᠭ ᠪᠦᠬᠦᠢ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ ᠪᠣᠯᠵᠤ ᠬᠥᠮᠥᠨ ᠦᠬᠦᠵᠦ ᠰᠢᠷᠬᠠᠲᠤᠬᠤ᠂ ᠲᠠᠷᠢᠮᠠᠯ ᠪᠤᠶᠤ ᠪᠤᠰᠤᠳ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠣᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠨᠥᠬᠦᠪᠦᠷᠢ       ᠣᠯᠭᠤᠨ᠎ᠠ᠃ ᠪᠣᠳᠠᠲᠠᠢ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ︾ ᠭᠡᠵᠦ ᠲᠣᠭᠲᠠᠭᠠᠵᠠᠢ᠃ ᠡᠨᠡ ᠬᠦ ᠲᠣᠭᠲᠠᠭᠠᠯ ᠨᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠠᠷᠭ᠎ᠠ︾ ᠶᠢᠨ ᠬᠠᠤᠯᠢ ᠴᠠᠭᠠᠵᠠ ᠶᠢᠨ ᠦᠨᠳᠦᠰᠦᠯᠡᠯ ᠪᠣᠯᠬᠤ ᠪᠠᠷ ᠪᠠᠷᠠᠬᠤ ᠦᠭᠡᠢ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠣᠨ᠎ᠠ᠃    ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ    ︽ᠠᠷᠭ᠎ᠠ︾ ᠳᠤ ᠨᠡᠶᠢᠲᠡ 17 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ        ᠪᠠᠭᠲᠠᠭᠠᠨ᠎ᠠ᠄    ᠨᠢᠭᠡ ᠳᠤ᠂ ᠨᠥᠬᠦᠪᠦᠷᠢ ᠣᠯᠭᠤᠬᠤ ᠭᠤᠣᠯ ᠴᠣᠭᠴᠠ ᠶᠢ ᠲᠣᠳᠣᠷᠬᠠᠶᠢᠯᠠᠪᠠ᠃ ︽ᠠᠷᠭ᠎ᠠ︾ ᠳᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠰᠦᠢᠳᠦᠯ ᠢ ᠬᠢᠨᠠᠨ ᠬᠠᠷᠭᠤᠭᠤᠯᠬᠤ᠂ ᠮᠠᠭᠠᠳᠯᠠᠨ ᠲᠣᠭᠲᠠᠭᠠᠬᠤ᠂ ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ᠃ ᠰᠢᠶᠠᠩ ︵ᠪᠠᠯᠭᠠᠰᠤ᠂ ᠰᠤᠮᠤ︶ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠤᠨ ᠪᠠᠶᠢᠳᠠᠯ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠠᠴᠠᠭᠠᠨ ᠤ ︵ᠰᠠᠭᠤᠭᠠᠯᠢ︶ ᠠᠷᠠᠳ ᠤᠨ ᠵᠥᠪᠯᠡᠯ ᠠᠴᠠ ᠬᠠᠮᠵᠢᠯᠴᠠᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠢ ᠪᠠᠶᠢᠴᠠᠭᠠᠬᠤ᠂ ᠨᠤᠲᠠᠯᠠᠬᠤ ᠵᠡᠷᠭᠡ ᠨᠥᠬᠦᠪᠦᠷᠢ ᠣᠯᠭᠤᠬᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠵᠦ ᠲᠣᠭᠲᠠᠭᠠᠵᠠᠢ᠃    ᠬᠤᠶᠠᠷ ᠲᠤ᠂ ᠨᠥᠬᠦᠪᠦᠷᠢ ᠣᠯᠭᠤᠬᠤ ᠬᠡᠪᠴᠢᠶ᠎ᠡ ᠶᠢ ᠲᠣᠳᠣᠷᠬᠠᠶᠢᠯᠠᠪᠠ᠃ ᠠᠷᠠᠳ ᠢᠷᠭᠡᠳ ᠤᠨ ᠪᠡᠶ᠎ᠡ ᠮᠠᠬᠠᠪᠤᠳ ᠢ ᠭᠡᠮᠲᠦᠭᠡᠭᠰᠡᠨ ᠪᠤᠶᠤ ᠠᠷᠠᠳ ᠢᠷᠭᠡᠳ ᠢ ᠦᠬᠦᠭᠦᠯᠦᠭᠰᠡᠨ︔ ᠬᠠᠰᠢᠶᠠᠯᠠᠨ ᠲᠡᠵᠢᠭᠡᠭᠰᠡᠨ ᠪᠤᠶᠤ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠪᠡᠯᠴᠢᠭᠡᠷᠯᠡᠭᠦᠯᠵᠦ ᠪᠠᠶᠢᠭᠰᠠᠨ ᠮᠠᠯ ᠵᠢᠭᠦᠷᠲᠡᠨ ᠢ ᠰᠢᠷᠬᠠᠲᠤᠭᠤᠯᠤᠭᠰᠠᠨ ᠪᠤᠶᠤ ᠦᠬᠦᠭᠦᠯᠦᠭᠰᠡᠨ︔ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠳᠠᠷᠢᠭᠰᠠᠨ ᠲᠠᠷᠢᠮᠠᠯ᠂ ᠠᠵᠤ ᠠᠬᠤᠢ ᠶᠢᠨ ᠤᠢ ᠮᠣᠳᠣ ᠵᠡᠷᠭᠡ ᠳᠤ ᠰᠢᠭᠤᠳ ᠬᠤᠬᠢᠷᠠᠯ ᠤᠴᠠᠷᠠᠭᠤᠯᠤᠭᠰᠠᠨ︔ ᠤᠯᠠᠨ ᠲᠦᠮᠡᠨ ᠤ ᠡᠳᠦᠷ ᠲᠤᠳᠤᠮ ᠤᠨ ᠰᠠᠭᠤᠵᠤ ᠪᠠᠶᠢᠭ᠎ᠠ ᠭᠡᠷ ᠪᠠᠶᠢᠰᠢᠩ᠂ ᠭᠡᠷ ᠤᠨ ᠬᠡᠷᠡᠭᠰᠡᠯ᠂ ᠮᠠᠯ ᠤᠨ ᠬᠠᠰᠢᠶ᠎ᠠ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠳᠤ ᠬᠤᠬᠢᠷᠠᠯ ᠤᠴᠠᠷᠠᠭᠤᠯᠤᠭᠰᠠᠨ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠨᠤᠲᠠᠯᠠᠨ ᠲᠣᠭᠲᠠᠭᠠᠭᠰᠠᠨ ᠪᠤᠰᠤᠳ ᠪᠠᠶᠢᠳᠠᠯ᠃    ᠭᠤᠷᠪᠠ ᠳᠤ᠂ ᠨᠥᠬᠦᠪᠦᠷᠢ ᠣᠯᠭᠤᠬᠤ ᠪᠠᠷᠢᠮᠵᠢᠶ᠎ᠠ ᠶᠢ ᠲᠣᠳᠣᠷᠬᠠᠶᠢᠯᠠᠪᠠ᠃ ᠬᠥᠮᠥᠨ ᠢ ᠰᠢᠷᠬᠠᠲᠤᠭᠤᠯᠤᠭᠰᠠᠨ ᠪᠣᠯᠪᠠᠴᠤ ᠬᠥᠳᠡᠯᠮᠦᠷᠢᠯᠡᠬᠦ ᠴᠢᠳᠠᠪᠤᠷᠢ ᠶᠢ ᠨᠢ ᠠᠯᠳᠠᠭᠤᠯᠤᠭᠰᠠᠨ ᠦᠭᠡᠢ ᠪᠣᠯ᠂ ᠡᠮᠴᠢᠯᠡᠭᠡᠨ ᠤ ᠵᠠᠷᠤᠳᠠᠯ ᠵᠢᠴᠢ ᠠᠵᠢᠯ ᠰᠠᠭᠠᠲᠠᠭᠰᠠᠨ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ ᠨᠢ ᠲᠥᠯᠥᠵᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 3 ᠳᠠᠬᠢᠨ ᠠᠴᠠ ᠳᠠᠪᠠᠭᠤᠯᠬᠤ ᠦᠭᠡᠢ︔ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠬᠡᠰᠡᠭ ᠲᠠᠯ᠎ᠠ ᠪᠠᠷ ᠠᠯᠳᠠᠭᠤᠯᠤᠭᠰᠠᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 5 ᠠᠴᠠ 10 ᠳᠠᠬᠢᠨ ᠢᠶᠠᠷ ᠪᠤᠳᠤᠨ᠎ᠠ︔ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠪᠦᠬᠦᠨ ᠢ ᠠᠯᠳᠠᠭᠤᠯᠤᠭᠰᠠᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 10 ᠠᠴᠠ 15 ᠳᠠᠬᠢᠨ ᠢᠶᠠᠷ ᠪᠣᠳᠣᠨ᠎ᠠ︔ ᠬᠥᠮᠥᠨ ᠢ ᠦᠬᠦᠭᠦᠯᠦᠭᠰᠡᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠥᠬᠦᠪᠦᠷᠢ ᠮᠥᠩᠭᠦ᠂ ᠣᠷᠣᠰᠢᠭᠤᠯᠭ᠎ᠠ ᠶᠢᠨ ᠵᠠᠷᠤᠳᠠᠯ ᠢ ᠨᠢ ᠥᠭᠴᠦ᠂ ᠶᠡᠷᠦᠩᠬᠡᠢ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 15 ᠳᠠᠬᠢᠨ ᠢᠶᠠᠷ ᠪᠤᠳᠤᠨ᠎ᠠ᠃ ᠲᠠᠷᠢᠮᠠᠯ᠂ ᠠᠵᠤ ᠠᠬᠤᠢ ᠶᠢᠨ ᠤᠢ ᠮᠣᠳᠣᠨ ᠳᠤ ᠬᠤᠬᠢᠷᠠᠯ ᠤᠴᠠᠷᠠᠭᠤᠯᠤᠭᠰᠠᠨ ᠪᠣᠯ᠂ ᠬᠤᠬᠢᠷᠠᠯ ᠤᠨ ᠬᠡᠰᠡᠭ ᠢ ᠳᠡᠭᠡᠷ᠎ᠡ ᠵᠢᠯ ᠤᠨ ᠲᠤᠬᠠᠢ ᠶᠢᠨ ᠭᠠᠵᠠᠷ ᠤᠨ ᠳᠤᠰ ᠳᠦᠷᠦᠯ ᠤᠨ ᠲᠠᠷᠢᠮᠠᠯ᠂ ᠠᠵᠤ ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠪᠠᠷ ᠪᠤᠳᠤᠵᠤ᠂ ᠪᠦᠬᠦ ᠬᠤᠬᠢᠷᠠᠯ ᠤᠨ 60% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠰᠢᠷᠬᠠᠲᠤᠭᠤᠯᠤᠭᠰᠠᠨ ᠪᠣᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢᠨ 30% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠦᠬᠦᠭᠦᠯᠦᠭᠰᠡᠨ ᠪᠣᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢᠨ 60% ᠪᠠᠷ ᠨᠥᠬᠦᠪᠦᠷᠢᠯᠡᠨ᠎ᠡ᠃    ᠳᠥᠷᠪᠡ ᠳᠤ᠂ ᠨᠥᠬᠦᠪᠦᠷᠢ ᠣᠯᠭᠤᠬᠤ ᠴᠤᠪᠤᠷᠠᠯ ᠢ ᠲᠣᠳᠣᠷᠬᠠᠶᠢᠯᠠᠪᠠ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠬᠤᠬᠢᠷᠠᠯ ᠡᠭᠦᠰᠦᠭᠰᠡᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠲᠤᠬᠠᠢ ᠶᠢᠨ ᠲᠠᠯᠠᠪᠤᠷ ᠢ ᠬᠠᠮᠠᠭᠠᠯᠠᠵᠤ ᠬᠢᠨᠠᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ ᠬᠥᠮᠥᠨ ᠢ ᠦᠬᠦᠭᠦᠯᠵᠦ ᠰᠢᠷᠬᠠᠲᠤᠭᠤᠯᠤᠭᠰᠠᠨ ᠳᠤ ᠨᠥᠬᠦᠪᠦᠷᠢ ᠠᠪᠬᠤ ᠪᠠᠷ ᠭᠤᠶᠤᠴᠢᠯᠠᠭᠰᠠᠨ ᠪᠣᠯ᠂ ᠲᠦᠷᠭᠡᠨ ᠠᠪᠤᠷᠠᠯᠲᠠ ᠳᠠᠭᠤᠰᠤᠭᠰᠠᠨ ᠤ ᠳᠠᠷᠠᠭᠠᠬᠢ 60 ᠡᠳᠦᠷ ᠤᠨ ᠳᠣᠲᠣᠷ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠡᠪᠰᠢᠭᠦᠯᠬᠦ ᠬᠡᠷᠡᠭᠲᠡᠢ︔ ᠡᠳ᠋ ᠬᠥᠷᠥᠩᠭᠡ ᠶᠢᠨ ᠬᠤᠬᠢᠷᠠᠯ ᠢᠶᠠᠨ ᠳᠥᠯᠥᠭᠦᠯᠬᠦ ᠪᠠᠷ ᠭᠤᠶᠤᠴᠢᠯᠠᠭᠰᠠᠨ ᠪᠣᠯ᠂ ᠡᠳ᠋ ᠬᠥᠷᠥᠩᠭᠡ ᠶᠢᠨ ᠬᠤᠬᠢᠷᠠᠯ ᠡᠭᠦᠰᠦᠭᠰᠡᠨ ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠡᠪᠰᠢᠭᠦᠯᠬᠦ ᠬᠡᠷᠡᠭᠲᠡᠢ᠃    ᠳᠥᠷᠪᠡ᠂ ᠲᠤᠭᠤᠰᠢᠯᠠᠭᠤᠯᠬᠤ ᠠᠷᠭ᠎ᠠ ᠬᠡᠮᠵᠢᠶ᠎ᠡ    ︽ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ︽ᠬᠥᠮᠥᠨ ᠢᠶᠠᠷ ᠦᠨᠳᠦᠰᠦ ᠪᠣᠯᠭᠠᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠬᠠᠤᠯᠢ ᠶᠣᠰᠣᠭᠠᠷ ᠬᠠᠮᠠᠭᠠᠯᠠᠬᠤ︾ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠵᠠᠰᠠᠬᠤ ᠣᠨᠣᠯᠵᠢᠬᠤᠨ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠬᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠬᠤ᠂ ᠠᠷᠠᠳ ᠣᠯᠠᠨ ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠤᠯᠢ ᠶᠣᠰᠣᠭᠠᠷ ᠪᠠᠲᠤᠯᠠᠬᠤ ᠵᠡᠷᠭᠡ ᠲᠠᠯ᠎ᠠ ᠪᠠᠷ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠳᠣᠣᠷᠠᠬᠢ ᠬᠡᠳᠦᠨ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃    ᠨᠢᠭᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠣᠯᠠᠨ ᠵᠦᠢᠯ ᠤᠨ ᠵᠠᠭᠤᠴᠢᠯᠠᠭᠤᠷ ᠢ ᠠᠰᠢᠭᠯᠠᠨ ︽ᠠᠷᠭ᠎ᠠ︾ ᠶᠢᠨ ᠲᠤᠬᠠᠢ ᠤᠬᠠᠭᠤᠯᠬᠤ᠂ ᠲᠠᠶᠢᠯᠤᠮᠵᠢ ᠬᠢᠬᠦ ᠶᠢ ᠴᠢᠩᠭᠠᠳᠬᠠᠵᠤ᠂ ᠢᠯᠠᠩᠭᠤᠶ᠎ᠠ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠣᠷᠣᠨ ᠬᠡᠪᠴᠢᠶᠡᠨ ᠳᠣᠲᠣᠷᠠᠬᠢ ᠠᠷᠠᠳ ᠣᠯᠠᠨ ᠳᠤ ︽ᠠᠷᠭ᠎ᠠ︾ ᠶᠢᠨ ᠠᠭᠤᠯᠭ᠎ᠠ ᠶᠢ ᠠᠯᠢ ᠲᠦᠷᠭᠡᠨ ᠢᠶᠠᠷ ᠣᠶᠢᠯᠠᠭᠠᠭᠤᠯᠵᠤ᠂ ᠬᠥᠨᠥᠭᠡᠯ ᠤᠴᠠᠷᠠᠭᠤᠯᠤᠭᠰᠠᠨ ᠳᠤ ᠨᠥᠬᠦᠪᠦᠷᠢ ᠣᠯᠭᠤᠬᠤ ᠴᠤᠪᠤᠷᠠᠯ ᠢ ᠣᠶᠢᠯᠠᠭᠠᠭᠤᠯᠵᠤ᠂ ᠲᠣᠰ ᠪᠡᠶ᠎ᠡ ᠶᠢᠨ ᠡᠷᠬᠡ ᠠᠰᠢᠭ ᠢ ᠨᠢ ᠨᠠᠩ ᠰᠠᠶᠢᠲᠤᠷ ᠬᠠᠮᠠᠭᠠᠯᠠᠭᠤᠯᠤᠨ᠎ᠠ᠃    ᠬᠤᠶᠠᠷ ᠲᠤ᠂ ᠴᠤᠪᠤᠷᠠᠯ ᠢ ᠨᠠᠷᠢᠯᠢᠭᠵᠢᠭᠤᠯᠤᠨ ᠵᠢᠷᠤᠮᠵᠢᠭᠤᠯᠤᠨ᠎ᠠ᠃ ︽ᠠᠷᠭ᠎ᠠ︾ ᠶᠢᠨ ᠲᠣᠭᠲᠠᠭᠠᠯ      ᠶᠣᠰᠣᠭᠠᠷ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠨ᠎ᠠ᠃    ᠭᠤᠷᠪᠠ ᠳᠤ᠂ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠴᠠ ᠳᠠᠭᠠᠳᠬᠠᠯ ᠤᠨ ᠪᠠᠶᠢᠭᠤᠯᠤᠮᠵᠢ ᠯᠤᠭ᠎ᠠ ᠨᠡᠪᠲᠡᠷᠡᠯᠴᠡᠵᠦ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢᠨ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠬᠥᠮᠥᠨ ᠤ ᠪᠡᠶ᠎ᠡ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠳᠤ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠤᠨ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠬᠢᠷᠠᠯ ᠳᠤ ᠤᠴᠠᠷᠠᠭᠰᠠᠨ ᠨᠢᠭᠡᠴᠢ ᠵᠢᠴᠢ ᠣᠯᠠᠨ ᠲᠦᠮᠡᠨ ᠤ ᠬᠤᠬᠢᠷᠠᠯ ᠢ ᠤᠯᠠᠮ ᠨᠢᠭᠡ ᠠᠯᠬᠤᠮ ᠪᠠᠭᠠᠰᠬᠠᠨ᠎ᠠ᠃ ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ ᠪᠣᠯᠵᠤ ᠬᠤᠬᠢᠷᠠᠯ ᠠᠮᠰᠠᠵᠤ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠪᠣᠯᠣᠭᠰᠠᠨ ᠮᠥᠷᠲᠡᠭᠡᠨ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠣᠯ᠂ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ᠃ ᠹᠢᠽᠢᠺ ᠤᠨ ᠠᠷᠭ᠎ᠠ ᠪᠠᠷ ᠲᠤᠰᠠᠭᠠᠷᠯᠠᠬᠤ᠂ ᠳᠦᠷᠰᠦ ᠶᠢᠨ ᠰᠦᠷᠦᠭ ᠢ ᠲᠣᠬᠢᠷᠠᠭᠤᠯᠤᠨ ᠡᠵᠡᠮᠳᠡᠬᠦ᠂ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠳᠠᠨ ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠶᠢ ᠪᠠᠭᠠᠰᠬᠠᠨ᠎ᠠ᠃ ᠳᠥᠷᠪᠡ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠯ᠎ᠡ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠪᠤᠰᠤᠳᠴᠢ ᠪᠥᠭᠡᠳ ᠲᠥᠪ ᠭᠤᠥᠯᠴᠢ᠂ ᠢᠯᠡ ᠲᠣᠳᠣ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠨᠥᠬᠦᠪᠦᠷᠢ ᠣᠯᠭᠤᠬᠤ ᠶᠣᠰᠣᠲᠠᠢ ᠪᠦᠬᠦᠨ ᠳᠤ ᠨᠢ ᠨᠥᠬᠦᠪᠦᠷᠢ ᠣᠯᠭᠤᠬᠤ ᠶᠢᠨ ᠬᠠᠮᠲᠤ ᠵᠠᠭᠤᠴᠢᠯᠠᠭᠤᠷ ᠪᠠ ᠣᠯᠠᠨ ᠨᠡᠶᠢᠲᠡ ᠶᠢᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ︽ᠠᠷᠭ᠎ᠠ︾ ᠳᠤ ᠲᠣᠭᠲᠠᠭᠠᠭᠰᠠᠨ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号