ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ᠂ ᠡᠨᠡ ᠵᠢᠯ | ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ | ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠤᠢ ᠪᠣᠯᠣᠨ᠎ᠠ᠃ 60 ᠵᠢᠯ ᠤᠨ ᠲᠤᠷᠰᠢ᠂ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢ ᠪᠦᠭᠦ ᠤᠯᠤᠰ ᠲᠤ ᠵᠠᠯᠭᠠᠭ᠎ᠠ ᠪᠠᠷ ᠭᠦᠨᠵᠡᠭᠡᠢ ᠥᠷᠨᠢᠭᠦᠯᠵᠦ᠂ ᠯᠧᠢ ᠹᠧᠩ ᠢ ᠬᠥᠮᠥᠨ | ᠪᠣᠯᠭᠠᠨ ᠮᠡᠳᠡᠵᠦ᠂ ᠯᠧᠢ ᠹᠧᠩ ᠤᠨ ᠦᠢᠯᠡ ᠠᠵᠢᠯᠯᠠᠭ᠎ᠠ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠯᠧᠢ | ᠹᠧᠩ ᠤᠨ ᠵᠣᠷᠢᠭ ᠰᠠᠨᠠᠭ᠎ᠠ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢ ᠤᠮᠳᠠᠯᠠᠵᠠᠢ᠃ | ᠴᠠᠭ ᠦᠶ᠎ᠡ ᠶᠠᠭᠠᠬᠢᠵᠤ ᠬᠤᠪᠢᠷᠠᠭᠰᠠᠨ ᠴᠤ ᠯᠧᠢ ᠹᠧᠩ ᠤᠨ ᠵᠣᠷᠢᠭ ᠰᠠᠨᠠᠭ᠎ᠠ ᠬᠡᠵᠢᠶᠡᠳᠡ ᠴᠠᠭ ᠠᠴᠠ ᠬᠤᠴᠣᠷᠬᠤ | ᠦᠭᠡᠢ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠯᠧᠢ ᠹᠧᠩ ᠤᠨ ᠵᠣᠷᠢᠭ ᠰᠠᠨᠠᠭ᠎ᠠ ᠶᠢᠨ ᠴᠠᠭ ᠦᠶ᠎ᠡ ᠶᠢᠨ | ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠵᠢᠱᠢᠶᠡᠴᠢ ᠳᠠᠭᠠᠭᠤᠯᠬᠤ | ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠳᠡᠮᠵᠢᠯᠭᠡ ᠶᠢ | ᠴᠢᠩᠭᠠᠳᠬᠠᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ | ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠯᠧᠢ ᠹᠧᠩ ᠠᠴᠠ ᠰᠤᠷᠤᠯᠴᠠᠬᠤ ᠶᠢ ᠠᠷᠠᠳ ᠣᠯᠠᠨ ᠢᠯᠠᠩᠭᠤᠶ᠎ᠠ | ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠤᠯᠭᠠᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ | ᠡᠳᠦᠷ ᠲᠤᠲᠤᠮ ᠤᠨ ᠠᠵᠢᠯᠯᠠᠭ᠎ᠠ ᠳᠤ ᠠᠭᠤᠰᠤᠯᠴᠠᠭᠤᠯᠵᠤ᠂ ᠪᠠᠶᠢᠩᠭᠤᠵᠢᠭᠤᠯᠵᠤ᠂ ᠯᠧᠢ ᠹᠧᠩ ᠤᠨ ᠵᠣᠷᠢᠭ | ᠰᠠᠨᠠᠭ᠎ᠠ ᠶᠢ ᠰᠢᠨ᠎ᠡ ᠴᠠᠭ ᠦᠶ᠎ᠡ ᠳᠤ ᠨᠠᠩ ᠭᠡᠷᠡᠯ ᠭᠢᠯᠪᠠᠭ᠎ᠠ ᠰᠠᠴᠤᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ︽ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠶ᠎ᠠ — ᠮᠠᠤ ᠽᠧ ᠳ᠋ᠦᠩ ᠵᠡᠷᠭᠡ | ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 | ᠵᠢᠯ ᠤᠨ ᠣᠶ ᠶᠢ ᠳᠤᠷᠠᠰᠬᠠᠶ᠎ᠠ︾ ᠭᠡᠬᠦ ᠶᠠᠷᠢᠯᠴᠠᠬᠤ ᠬᠤᠷᠠᠯ 2 ᠰᠠᠷ᠎ᠠ ᠶᠢᠨ 23 ᠤ ᠡᠳᠦᠷ ᠪᠡᠭᠡᠵᠢᠩ ᠳᠤ | ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ 60 ᠵᠢᠯ ᠤᠨ ᠲᠤᠷᠰᠢᠬᠢ ᠯᠧᠢ ᠹᠧᠩ ᠠᠴᠠ ᠰᠤᠷᠤᠯᠴᠠᠬᠤ | ᠠᠵᠢᠯᠯᠠᠭ᠎ᠠ ᠶᠢᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠯᠧᠢ ᠹᠧᠩ ᠤᠨ ᠵᠣᠷᠢᠭ ᠰᠠᠨᠠᠭᠠᠨ ᠤ | ᠮᠥᠩᠬᠡ ᠶᠢᠨ ᠦᠨ᠎ᠡ ᠥᠷᠲᠡᠭ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠠᠶᠠᠨ ᠳᠤ ᠯᠧᠢ ᠹᠧᠩ ᠤᠨ | ᠵᠣᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ | ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠯᠧᠢ | ᠹᠧᠩ ᠠᠴᠠ ᠰᠤᠷᠤᠯᠴᠠᠬᠤ ᠠᠵᠢᠯᠯᠠᠭ᠎ᠠ ᠶᠢ ᠤᠯᠠᠮ ᠴᠢᠨᠠᠭᠰᠢᠳᠠ ᠰᠠᠶᠢᠲᠤᠷ ᠥᠷᠨᠢᠭᠦᠯᠵᠦ᠂ ᠯᠧᠢ ᠹᠧᠩ ᠤᠨ ᠵᠣᠷᠢᠭ | ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠵᠤ᠂ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠭᠦ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ ᠭᠡᠵᠦ ᠢᠯᠡᠳᠬᠡᠪᠡ᠃ | ᠼᠠᠢ ᠴᠢ᠂ ᠮᠠᠤ ᠽᠧ ᠳ᠋ᠦᠩ ᠨᠥᠬᠦᠷ ︽ᠯᠧᠢ ᠹᠧᠩ ᠨᠥᠬᠦᠷ ᠠᠴᠠ ᠰᠤᠷᠤᠯᠴᠠᠶ᠎ᠠ︾ ᠭᠡᠵᠦ ᠤᠷᠢᠶᠠᠯᠠᠭᠰᠠᠨ | 60 ᠵᠢᠯ ᠤᠨ ᠲᠤᠷᠰᠢ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠥᠷᠨᠢᠭᠦᠨ ᠬᠥᠭᠵᠢᠵᠦ᠂ ᠦᠷᠭᠦᠯᠵᠢᠯᠡᠨ | ᠭᠦᠨᠵᠡᠭᠡᠶᠢᠷᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠦᠶ᠎ᠡ ᠳᠠᠮᠵᠢᠨ | ᠤᠯᠠᠮᠵᠢᠯᠠᠵᠤ᠂ ᠦᠶ᠎ᠡ ᠦᠶ᠎ᠡ ᠶᠢᠨ ᠬᠥᠮᠥᠰ ᠤᠨ ᠨᠠᠮ ᠳᠠᠭᠠᠨ ᠦᠨᠡᠨᠴᠢ ᠰᠢᠳᠤᠷᠭᠤ᠂ ᠡᠬᠡ ᠤᠯᠤᠰ ᠲᠠᠭᠠᠨ ᠬᠤᠪᠢ | ᠨᠡᠮᠡᠷᠢ ᠦᠵᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠪᠠ᠃ ᠢᠯᠠᠩᠭᠤᠶ᠎ᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠯᠧᠢ ᠹᠧᠩ ᠤᠨ ᠵᠣᠷᠢᠭ ᠰᠠᠨᠠᠭ᠎ᠠ ᠶᠢ | ᠪᠠᠳᠠᠷᠠᠭᠤᠯᠬᠤ ᠲᠤᠬᠠᠢ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠯᠧᠢ | ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠥᠷᠭᠡᠳᠬᠡᠬᠦ᠂ ᠭᠡᠯᠪᠡᠷᠢ ᠶᠢᠨ | ᠰᠢᠨ᠎ᠡ ᠶᠢ ᠡᠭᠦᠳᠭᠦ᠂ ᠠᠴᠢᠶᠠᠯᠠᠭᠴᠢ ᠶᠢ ᠪᠠᠶᠠᠯᠢᠭᠵᠢᠭᠤᠯᠬᠤ ᠶᠢ ᠵᠢᠯᠣᠭᠤᠳᠤᠨ ᠠᠬᠢᠭᠤᠯᠵᠤ᠂ ᠯᠧᠢ ᠹᠧᠩ ᠮᠠᠶ᠋ᠢᠭ ᠤᠨ | ᠲᠡᠷᠢᠭᠦᠨ ᠤ ᠬᠠᠮᠲᠤ ᠪᠠ ᠵᠢᠱᠢᠶᠡᠴᠢ ᠬᠥᠮᠥᠰ ᠪᠦᠯᠦᠭ ᠪᠦᠯᠦᠭ ᠢᠶᠠᠷ ᠴᠣᠯᠭᠤᠷᠠᠨ ᠭᠠᠷᠴᠤ᠂ ᠰᠢᠨ᠎ᠡ ᠴᠠᠭ ᠦᠶ᠎ᠡ ᠶᠢᠨ | ᠠᠭᠤᠤ ᠶᠡᠭᠡ ᠬᠤᠪᠢᠰᠤᠯᠲᠠ ᠳᠤ ᠤᠨᠲᠠᠷᠠᠰᠢ ᠦᠭᠡᠢ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃ | ᠰᠢᠨ᠎ᠡ ᠠᠶᠠᠨ ᠳᠤ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ᠂ | ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ | ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠪᠤᠢ ᠪᠤᠯᠭᠠᠵᠤ᠂ ᠨᠡᠶᠢᠭᠡᠮ | ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠨᠠᠮ ᠢᠶᠠᠨ ᠬᠠᠶᠢᠷᠠᠯᠠᠬᠤ | ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠭᠡ ᠬᠠᠯᠠᠭᠤᠨ ᠰᠡᠳᠬᠢᠯᠭᠡ ᠶᠢ ᠬᠥᠭᠵᠢᠭᠡᠵᠦ᠂ | ︽ᠬᠤᠶᠠᠷ ᠢ ᠲᠣᠭᠲᠠᠭᠠᠭᠰᠠᠨ︾ ᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠬᠤᠪᠢ ᠬᠥᠮᠥᠨ ᠤ ᠬᠥᠭᠡᠭᠡᠴᠡᠯᠳᠦᠯ ᠢᠶᠠᠨ ᠤᠬᠠᠮᠰᠠᠷ ᠠᠴᠠ ᠪᠠᠨ ᠨᠠᠮ ᠪᠠ ᠠᠷᠠᠳ ᠲᠦᠮᠡᠨ ᠤ | ᠦᠢᠯᠡᠰ ᠤᠨ ᠳᠥᠯᠥᠭᠡᠨ ᠤ ᠲᠡᠮᠡᠴᠡᠯ ᠳᠤ ᠠᠭᠤᠰᠬᠠᠨ ᠣᠷᠣᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ ᠯᠧᠢ | ᠹᠧᠩ ᠤᠨ ᠵᠣᠷᠢᠭ ᠰᠠᠨᠠᠭ᠎ᠠ ᠶᠢ ᠰᠤᠳᠤᠯᠤᠨ ᠲᠠᠶᠢᠯᠪᠤᠷᠢᠯᠠᠬᠤ᠂ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ | ᠳᠠᠭᠠᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠭᠡᠰᠢᠭᠦᠨ᠂ ᠺᠠᠳ᠋ᠷ ᠪᠠ ᠲᠡᠷᠢᠭᠦᠨ ᠤ | ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢᠨ ᠲᠠᠪᠴᠠᠩ ᠤᠨ ᠠᠴᠢᠶᠠᠯᠠᠭᠴᠢ ᠶᠢ ᠪᠠᠶᠠᠯᠢᠭᠵᠢᠭᠤᠯᠤᠨ ᠥᠷᠭᠡᠳᠬᠡᠵᠦ᠂ ᠵᠡᠷᠭᠡ ᠪᠠᠷ | ᠠᠳᠬᠤᠵᠤ ᠬᠠᠮᠲᠤ ᠪᠠᠷ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠤᠢ ᠪᠤᠯᠭᠠᠬᠤ ᠶᠢ | ᠠᠬᠢᠭᠤᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠨᠡᠩ ᠢᠯᠡᠭᠦᠦ ᠴᠠᠭ ᠦᠶ᠎ᠡ ᠶᠢᠨ ᠲᠠᠲᠠᠬᠤ | ᠬᠦᠴᠦᠨ ᠲᠠᠢ ᠪᠤᠯᠭᠠᠵᠤ᠂ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠪᠤᠯᠭᠠᠬᠤ ᠬᠡᠷᠡᠭᠲᠡᠢ ᠭᠡᠵᠦ | ᠢᠯᠡᠳᠬᠡᠪᠡ᠃ | ᠯᠢ ᠱᠤ᠋ ᠯᠧᠢ ᠶᠠᠷᠢᠯᠴᠠᠬᠤ ᠬᠤᠷᠠᠯ ᠢ ᠡᠷᠭᠢᠯᠡᠵᠦ᠂ ᠰᠦᠨ ᠴᠦᠨ ᠯᠠᠨ ᠪᠣᠯᠣᠨ ᠮᠢᠶᠣᠣ ᠬᠤᠸᠠ ᠬᠤᠷᠠᠯ ᠳᠤ | ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠡᠪ | ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ | ᠲᠦᠷᠦ ᠶᠢᠨ ᠠᠵᠢᠯ ᠤᠨ ᠬᠡᠯᠲᠡᠰ᠂ ᠬᠤᠨᠠᠨ ᠮᠤᠵᠢ ᠶᠢᠨ ᠴᠠᠩᠱᠠ ᠬᠤᠲᠠ᠂ ᠯᠢᠶᠣᠤᠨᠢᠩ ᠮᠤᠵᠢ ᠶᠢᠨ ᠹᠦᠱᠦ᠋ᠨ | ᠬᠤᠲᠠ ᠪᠣᠯᠣᠨ ᠯᠧᠢ ᠹᠧᠩ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠴᠡᠷᠢᠭ ᠠᠩᠭᠢ ᠶᠢᠨ ᠬᠠᠷᠢᠭᠤᠴᠠᠯᠭᠠᠲᠠᠨ | ᠨᠥᠬᠦᠳ᠂ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠡᠭᠡᠷ᠎ᠡ ᠦᠭᠡ ᠬᠡᠯᠡᠵᠡᠢ᠃ | ᠶᠠᠷᠢᠯᠴᠠᠬᠤ ᠬᠤᠷᠠᠯ ᠢ ᠲᠥᠪ ᠤᠨ ᠤᠬᠠᠭᠤᠯᠬᠤ ᠬᠡᠯᠲᠡᠰ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠠᠵᠢᠯᠯᠠᠬᠤ ᠬᠤᠷᠢᠶ᠎ᠠ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠵᠥᠪᠯᠡᠯ ᠤᠨ | ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ ᠬᠠᠮᠲᠤᠷᠠᠨ ᠡᠷᠭᠢᠯᠡᠪᠡ᠃ | | |