2 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠤᠨ ᠶᠠᠩ ᠶᠤᠸᠠᠨ ᠵᠠᠢ ᠳᠤ | ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠲᠠᠢ ᠳᠣᠲᠣᠨᠣ ᠪᠠᠷ ᠠᠭᠤᠯᠵᠠᠪᠠ᠃ | | | | 2 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠤᠨ ᠶᠠᠩ ᠶᠤᠸᠠᠨ | ᠵᠠᠢ ᠳᠤ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠲᠠᠢ ᠳᠣᠲᠣᠨᠣ ᠪᠠᠷ | ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠶᠢᠨ ᠪᠡᠭᠡᠵᠢᠩ ᠳᠤ ᠪᠡᠶ᠎ᠡ ᠪᠠᠨ | ᠪᠠᠶᠢᠴᠠᠭᠠᠯᠭᠠᠵᠤ ᠰᠤᠪᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠪᠠ᠃ ᠰᠢ ᠶᠢᠨ ᠫᠢᠩ᠂ ᠳᠤᠮᠳᠠᠳᠤ ᠺᠠᠮᠪᠤᠵᠠ | ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ | ᠳᠤᠮᠳᠠᠳᠤ ᠺᠠᠮᠪᠤᠵᠠ ᠶᠢᠨ ᠨᠥᠬᠦᠷᠯᠡᠯ ᠶᠠᠪᠤᠬᠤ ᠲᠤᠳᠤᠮ ᠪᠠᠬᠢᠵᠢᠵᠦ᠂ ᠳᠤᠮᠳᠠᠳᠤ ᠺᠠᠮᠪᠤᠵᠠ ᠶᠢᠨ ᠬᠠᠷᠢᠯᠴᠠᠭ᠎ᠠ | ᠨᠢᠭᠡᠨᠲᠡ ᠤᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠪᠣᠯᠵᠠᠢ᠃ ᠤᠰᠤ ᠶᠢ ᠨᠢ ᠤᠤᠭᠤᠪᠠᠯ ᠡᠬᠢ ᠶᠢ ᠨᠢ | ᠪᠤᠳᠤ ᠭᠡᠳᠡᠭ᠂ ᠡᠨᠡ ᠨᠢ ᠳᠤᠮᠳᠠᠳᠤ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠣᠯᠣᠨ | ᠡᠴᠢᠭᠡ ᠬᠠᠭᠠᠨ ᠤ ᠪᠠᠶᠢᠭᠤᠯᠤᠨ ᠪᠤᠶᠢᠵᠢᠭᠤᠯᠤᠭᠰᠠᠨ ᠭᠦᠨ ᠵᠤᠵᠠᠭᠠᠨ ᠨᠥᠬᠦᠷᠯᠡᠯ ᠤᠨ ᠠᠴᠢ ᠶᠤᠮ᠃ ᠤᠯᠤᠰ ᠤᠨ | ᠸᠠᠩ ᠪᠣᠯᠣᠨ ᠸᠠᠩ ᠤᠨ ᠡᠬᠡ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠬᠥᠭᠵᠢᠯᠲᠡ ᠶᠢ ᠪᠡᠶ᠎ᠡ ᠪᠠᠷ ᠢᠶᠠᠨ | ᠥᠩᠭᠡᠷᠡᠭᠦᠯᠦᠭᠴᠢ᠂ ᠭᠡᠷᠡᠴᠢᠯᠡᠭᠴᠢ ᠮᠥᠨ᠂ ᠢᠮᠠᠭᠲᠠ ᠳᠤᠮᠳᠠᠳᠤ ᠤᠯᠤᠰ ᠤᠨ ᠬᠥᠭᠵᠢᠯᠲᠡ ᠶᠢ ᠬᠠᠯᠠᠮᠵᠢᠯᠠᠭᠰᠠᠭᠠᠷ | ᠢᠷᠡᠪᠡ᠂ ᠲᠠᠨᠠᠷ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠨᠠᠶᠢᠵᠠ ᠮᠥᠨ᠃ 2020 ᠣᠨ ᠳᠤ ᠪᠢ | ᠸᠠᠩ ᠤᠨ ᠡᠬᠡ ᠳᠤ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠭᠰᠠᠨ ᠨᠢ ᠸᠠᠩ ᠤᠨ ᠡᠬᠡ ᠳᠤᠮᠳᠠᠳᠤ | ᠺᠠᠮᠪᠤᠵᠠ ᠶᠢᠨ ᠨᠥᠬᠦᠷᠯᠡᠯ ᠤᠨ ᠦᠢᠯᠡᠰ ᠲᠤ ᠦᠵᠡᠭᠦᠯᠦᠭᠰᠡᠨ ᠣᠨᠴᠠᠭᠠᠶ ᠬᠤᠪᠢ ᠨᠡᠮᠡᠷᠢ ᠳᠤ ᠲᠠᠯᠠᠷᠬᠠᠬᠤ ᠶᠢᠨ | ᠲᠥᠯᠥᠭᠡ ᠶᠤᠮ᠃ ᠪᠢᠳᠡ ᠳᠤᠮᠳᠠᠳᠤ ᠺᠠᠮᠪᠤᠵᠠ ᠶᠢᠨ ᠨᠥᠬᠦᠷᠯᠡᠯ ᠤᠨ ᠪᠤᠤᠬᠢᠶ᠎ᠠ ᠶᠢ ᠲᠤᠰᠴᠤ᠂ ᠳᠤᠮᠳᠠᠳᠤ ᠺᠠᠮᠪᠤᠵᠠ | ᠬᠠᠳᠠᠨ ᠪᠠᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠩᠬᠡ ᠲᠠᠶᠢᠪᠤᠩ ᠬᠥᠭᠵᠢᠯᠲᠡ᠂ | ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠨ᠎ᠠ᠃ ᠳᠤᠮᠳᠠᠳᠤ ᠤᠯᠤᠰ ᠳᠤᠷᠠᠲᠠᠶ᠎ᠠ | ᠺᠠᠮᠪᠤᠵᠠ ᠶᠢᠨ ᠬᠢᠨ ᠲᠠᠢ ︽ᠠᠯᠮᠠᠰ ᠴᠢᠯᠠᠭᠤ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ ᠪᠦᠲᠦᠴᠡ ᠶᠢ | ᠴᠢᠷᠮᠠᠶᠢᠨ ᠪᠠᠶᠢᠭᠤᠯᠵᠤ᠂ ᠺᠠᠮᠪᠤᠵᠠ ᠶᠢᠨ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ | ᠵᠢᠭᠠᠰᠤ ᠠᠮᠤ ᠶᠢᠨ ᠬᠤᠩᠭᠢᠯ︾ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠳᠤᠮᠳᠠᠳᠤ ᠺᠠᠮᠪᠤᠵᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠤᠨ᠎ᠠ᠃ ᠺᠠᠮᠪᠤᠵᠠ ᠶᠢᠨ ︽ᠤᠯᠤᠰ ᠤᠨ ᠸᠠᠩ ᠤᠨ | ᠠᠵᠢᠯᠯᠠᠬᠤ ᠠᠩᠭᠢ︾ ᠶᠢᠨ ᠠᠵᠢᠯ ᠢᠶᠠᠨ ᠥᠷᠨᠢᠭᠦᠯᠬᠦ ᠶᠢ ᠳᠤᠮᠳᠠᠳᠤ ᠤᠯᠤᠰ ᠦᠷᠭᠦᠯᠵᠢᠯᠡᠨ ᠳᠡᠮᠵᠢᠵᠦ᠂ | ᠺᠠᠮᠪᠤᠵᠠ ᠶᠢᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | ᠰᠢᠬᠠᠮᠦᠨᠢ ᠪᠣᠯᠣᠨ ᠮᠤᠨᠢᠯᠢᠶᠧ᠂ ᠲᠡᠷᠢᠭᠦᠯᠡᠭᠴᠢ ᠰᠢ ᠶᠢᠨ ᠫᠢᠩ ᠪᠣᠯᠣᠨ ᠫᠧᠩ ᠯᠢ ᠶᠤᠸᠠᠨ ᠫᠷᠤᠹᠧᠰᠰᠤᠷ | ᠪᠢᠳᠡᠨ ᠤ ᠳᠤᠮᠳᠠᠳᠤ ᠤᠯᠤᠰ ᠲᠤ ᠪᠡᠶ᠎ᠡ ᠪᠠᠨ ᠪᠠᠶᠢᠴᠠᠭᠠᠯᠭᠠᠵᠤ ᠰᠤᠪᠢᠯᠠᠬᠤ ᠳᠤ ᠨᠠᠷᠢᠨ ᠲᠣᠬᠢᠷᠠᠭᠤᠯᠤᠯᠲᠠ ᠬᠢᠵᠦ | ᠨᠢᠮᠪᠠᠢ ᠬᠠᠷᠠᠭᠠᠯᠵᠠᠯ ᠦᠵᠡᠭᠦᠯᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ | ᠳᠤᠮᠳᠠᠳᠤ ᠤᠯᠤᠰ ᠠᠴᠠ ᠺᠠᠮᠪᠤᠵᠠ ᠳᠤ ᠬᠠᠷᠠᠮ ᠦᠭᠡᠢ ᠬᠠᠪᠰᠤᠷᠤᠯᠭ᠎ᠠ ᠪᠠ ᠳᠡᠮᠵᠢᠯᠭᠡ ᠦᠵᠡᠭᠦᠯᠦᠭᠰᠡᠭᠡᠷ ᠢᠷᠡᠵᠠᠢ᠂ | ᠺᠠᠮᠪᠤᠵᠠ ᠶᠢᠨ ᠬᠢᠨ ᠭᠦᠨ ᠲᠠᠯᠠᠷᠬᠠᠵᠤ ᠪᠠᠶᠢᠨ᠎ᠠ᠃ ᠪᠢᠳᠡ ᠳᠤᠮᠳᠠᠳᠤ ᠤᠯᠤᠰ ᠤᠨ ᠬᠥᠭᠵᠢᠯᠲᠡ ᠶᠢ ᠢᠮᠠᠭᠲᠠ | ᠨᠢᠭᠲᠠ ᠠᠩᠬᠠᠷᠴᠤ᠂ ᠳᠤᠮᠳᠠᠳᠤ ᠤᠯᠤᠰ ᠤᠨ ᠣᠯᠣᠭᠰᠠᠨ ᠠᠮᠵᠢᠯᠲᠠ ᠪᠦᠲᠦᠮᠵᠢ ᠳᠤ ᠴᠢᠩ ᠰᠡᠳᠬᠢᠯ ᠠᠴᠠ ᠪᠠᠨ | ᠪᠠᠶᠠᠷᠯᠠᠵᠤ ᠪᠠᠶᠢᠨ᠎ᠠ᠃ ᠺᠠᠮᠪᠤᠵᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ | ᠨᠢᠭᠡ ᠵᠠᠮ︾ ᠤᠨ ᠰᠠᠨᠠᠭᠠᠴᠢᠯᠠᠭ᠎ᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠣᠶᠢᠯᠠᠭᠠᠭᠳᠠᠬᠤᠨ ᠢ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ | ᠺᠠᠮᠪᠤᠵᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠡᠯ᠎ᠡ | ᠬᠦᠷᠢᠶᠡᠨ ᠤ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠺᠠᠮᠪᠤᠵᠠ ᠳᠤᠮᠳᠠᠳᠤ ᠶᠢᠨ | ᠤᠯᠠᠮᠵᠢᠯᠠᠯᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠨ᠎ᠠ ᠭᠡᠵᠦ ᠢᠯᠡᠳᠬᠡᠪᠡ᠃ | ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ | |