ᠰᠢ ᠶᠢᠨ ᠫᠢᠩ ᠲᠦᠷᠺ᠂ ᠰᠢᠷᠢᠶ᠎ᠡ ᠳᠤ ᠴᠢᠩᠭ᠎ᠠ ᠬᠦᠴᠦᠲᠡᠢ ᠭᠠᠵᠠᠷ ᠬᠥᠳᠡᠯᠦᠯᠲᠡ ᠡᠭᠦᠰᠦᠭᠰᠡᠨ ᠲᠤᠬᠠᠢ ᠲᠦᠷᠺ ᠤᠨ ᠶᠡᠷᠦᠩᠬᠡᠶᠢᠯᠡᠭᠴᠢ ᠠᠶᠢᠷᠳᠣ᠋ ᠊᠊ ᠠᠨ᠂ ᠰᠢᠷᠢᠶ᠎ᠡ ᠶᠢᠨ ᠶᠡᠷᠦᠩᠬᠡᠶᠢᠯᠡᠭᠴᠢ ᠪᠠᠱᠠᠷ ᠲᠤ ᠲᠤᠰ ᠲᠤᠰ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/2/7
    2 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠺ᠂ ᠰᠢᠷᠢᠶ᠎ᠡ ᠳᠤ ᠴᠢᠩᠭ᠎ᠠ ᠬᠦᠴᠦᠲᠡᠢ ᠭᠠᠵᠠᠷ ᠬᠥᠳᠡᠯᠦᠯᠲᠡ ᠡᠭᠦᠰᠦᠭᠰᠡᠨ ᠲᠤᠬᠠᠢ ᠲᠦᠷᠺ ᠤᠨ ᠶᠡᠷᠦᠩᠬᠡᠶᠢᠯᠡᠭᠴᠢ ᠠᠶᠢᠷᠳᠣ᠋ ᠆ ᠠᠨ᠂ ᠰᠢᠷᠢᠶ᠎ᠡ ᠶᠢᠨ ᠶᠡᠷᠦᠩᠬᠡᠶᠢᠯᠡᠭᠴᠢ ᠪᠠᠱᠠᠷ ᠲᠤ ᠲᠤᠰ ᠲᠤᠰ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃    ᠰᠢ ᠶᠢᠨ ᠫᠢᠩ᠂ ᠡᠷᠬᠢᠮ ᠤᠯᠤᠰ ᠲᠤ ᠴᠢᠩᠭ᠎ᠠ ᠬᠦᠴᠦᠲᠡᠢ ᠭᠠᠵᠠᠷ ᠬᠥᠳᠡᠯᠦᠯᠲᠡ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ ᠶᠢᠨ ᠬᠢᠨ ᠪᠣᠯᠣᠨ ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ  ᠪᠠᠨ ᠢᠯᠡᠳᠬᠡᠵᠦ ᠪᠠᠶᠢᠨ᠎ᠠ᠃ ᠶᠡᠷᠦᠩᠬᠡᠶᠢᠯᠡᠭᠴᠢ ᠠᠪᠤᠭᠠᠢ ᠶᠢᠨ ᠤᠳᠤᠷᠢᠳᠤᠯᠭ᠎ᠠ ᠳᠣᠣᠷ᠎ᠠ᠂ ᠡᠷᠬᠢᠮ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠯᠠᠪᠲᠠᠢ ᠭᠠᠮᠰᠢᠭ ᠤᠨ ᠨᠥᠯᠥᠭᠡ ᠶᠢ ᠡᠷᠲᠡᠬᠡᠨ ᠢᠯᠡᠨ ᠳᠠᠪᠠᠵᠤ᠂ ᠭᠡᠷ ᠣᠷᠣᠨ ᠢᠶᠠᠨ ᠳᠠᠭᠢᠨ ᠪᠦᠲᠦᠭᠡᠨ ᠪᠠᠶᠢᠭᠤᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号