| | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ︵2023 ᠣᠨ ᠤ 2 ᠰᠠᠷ᠎ᠠ ᠶᠢᠨ 28 ᠤ ᠡᠳᠦᠷ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠠᠴᠠ ᠪᠠᠲᠤᠯᠠᠪᠠ︶ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ | ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 203 ᠬᠥᠮᠥᠨ᠂ ᠲᠥᠪ | ᠬᠤᠷᠢᠶᠠᠨ ᠤ ᠣᠷᠣᠯᠠᠭᠴᠢ ᠭᠡᠰᠢᠭᠦᠨ 170 ᠬᠥᠮᠥᠨ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠡᠳ᠋ ᠱᠦᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠪᠠ᠃ | ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠭᠢᠯᠡᠪᠡ᠃ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠢ ᠡᠷᠭᠢᠯᠡᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ | ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠨᠠᠮ ᠤᠨ ᠳᠣᠲᠣᠭᠠᠳᠤ ᠭᠠᠳᠠᠭᠠᠳᠤ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠲᠠᠭᠢᠨ | ᠳᠠᠪᠲᠠᠨ ᠶᠠᠷᠢᠯᠴᠠᠨ ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ | ᠲᠡᠪᠰᠢᠭᠦᠯᠭᠦ ᠪᠠᠷ ᠪᠠᠶᠢᠭ᠎ᠠ ᠲᠦᠷᠦ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ ᠵᠢᠱᠢᠭᠳᠡᠭᠴᠢ ᠶᠢᠨ | ᠰᠠᠨᠠᠭᠤᠯᠭ᠎ᠠ ᠶᠢᠨ ᠨᠡᠷᠡᠰ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ | ᠪᠠᠲᠤᠯᠠᠭᠠᠳ᠂ ᠡᠨᠡ ᠬᠤᠶᠠᠷ ᠰᠠᠨᠠᠭᠤᠯᠭ᠎ᠠ ᠶᠢᠨ ᠨᠡᠷᠡᠰ ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ | ᠪᠦᠯᠭᠦᠮ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠭᠦ ᠪᠠᠷ ᠲᠣᠭᠲᠠᠪᠠ᠃ ᠥᠷᠭᠡᠨ ᠢᠶᠠᠷ ᠰᠠᠨᠠᠯ | ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠭᠰᠠᠨ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠰᠢ ᠶᠢᠨ ᠫᠢᠩ ︽ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ᠡᠬᠡ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ | ᠲᠣᠳᠣᠷᠬᠠᠶᠢᠯᠠᠯᠲᠠ ᠬᠢᠪᠡ᠃ ᠪᠦᠭᠦᠳᠡ ᠬᠤᠷᠠᠯ ᠠᠴᠠ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ | ᠶᠣᠰᠣᠭᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠭᠦ ᠪᠠᠷ ᠵᠥᠪᠰᠢᠶᠡᠷᠡᠪᠡ᠃ | ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ | ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ | ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠤᠯᠤᠰ | ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠵᠢᠶᠠᠩ ᠽᠧ ᠮᠢᠨ | ᠨᠥᠬᠦᠷ ᠢ ᠶᠡᠭᠡ ᠪᠠᠷ ᠡᠮᠭᠡᠨᠢᠨ ᠭᠠᠰᠢᠭᠤᠳᠠᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠰᠠᠶᠢᠲᠤᠷ | ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ | ᠳᠡᠭᠡᠭᠰᠢᠯᠡᠬᠦ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ | ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠳᠤᠮᠳᠠᠳᠤ | ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠠᠶᠠᠨ ᠢ ᠡᠬᠢᠯᠡᠭᠦᠯᠵᠦ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠮ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠰᠢᠨ᠎ᠡ ᠠᠯᠬᠤᠮ ᠢ | ᠠᠯᠬᠤᠵᠠᠢ ᠭᠡᠵᠦ ᠰᠠᠨᠠᠯ ᠨᠢᠭᠡᠲᠡᠢ ᠦᠵᠡᠪᠡ᠃ | ᠪᠦᠭᠦᠳᠡ ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ | ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠲᠠᠶᠢᠴᠢᠯᠠᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ᠂ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ | ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠪᠣᠯᠣᠨ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ | ᠰᠢᠰᠲ᠋ᠧᠮᠲᠦ ᠴᠢᠨᠠᠷ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠨᠠᠮ ᠪᠠ | ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ | ᠭᠠᠷᠭᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠪᠠᠰᠠ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ ᠭᠡᠵᠦ | ᠦᠵᠡᠪᠡ᠃ | ᠪᠦᠭᠦᠳᠠ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ᠂ ᠡᠨᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠭᠡᠳᠤ ᠶᠢᠨ ᠠᠴᠢ | ᠬᠤᠯᠪᠣᠭᠳᠠᠯ ᠲᠠᠢ ᠶᠤᠮ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ | ᠵᠢᠯᠣᠭᠤᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠭᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠲᠠᠢ | ᠵᠣᠬᠢᠴᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠴᠡᠭᠡ ᠳᠤ ᠵᠣᠬᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ | ᠨᠠᠮ ᠤᠨ ᠲᠥᠪ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠮᠵᠢ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠪᠠ ᠣᠷᠣᠨ ᠨᠤᠲᠤᠭ ᠢ | ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠨᠠᠮ ᠤᠨ | ᠤᠳᠤᠷᠢᠳᠤᠯᠭ᠎ᠠ ᠶᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠡᠭᠦᠷᠭᠡ | ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭᠵᠢᠭᠦᠯᠵᠦ᠂ ᠪᠠᠶᠢᠭᠤᠯᠤᠮᠵᠢ ᠲᠣᠭᠲᠠᠴᠠ ᠶᠢᠨ | ᠲᠠᠯ᠎ᠠ ᠪᠠᠷ ᠨᠡᠩ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠠᠩ ᠥᠨᠳᠥᠷ ᠪᠦᠲᠦᠮᠵᠢᠲᠡᠶ | ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠪᠣᠯᠣᠨ ᠤᠯᠤᠰ ᠤᠨ | ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠥᠨᠳᠥᠷᠴᠡ ᠠᠴᠠ ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠢᠴᠡᠳ ᠲᠠᠨᠢᠵᠤ᠂ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠶ᠋ᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ | ᠴᠢᠨᠠᠷ ᠢ ᠡᠷᠡᠰ ᠬᠠᠮᠠᠭᠠᠯᠠᠵᠤ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ | ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ | ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠰᠤᠷᠤᠯᠴᠠᠵᠤ ᠤᠬᠠᠭᠤᠯᠤᠨ | ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠴᠢᠶᠠᠯᠠᠪᠤᠷᠢ ᠶᠢ | ᠪᠠᠶᠠᠯᠢᠭᠵᠢᠭᠤᠯᠤᠨ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠯᠠᠨ ᠤ ᠦᠵᠡᠵᠦ | ᠰᠣᠨᠢᠷᠬᠠᠬᠤ ᠳᠤᠷᠠᠲᠠᠢ ᠭᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠤᠯᠭ᠎ᠠ ᠳᠤ | ᠣᠷᠣᠭᠤᠯᠬᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠷᠣᠭᠤᠯᠬᠤ᠂ ᠬᠤᠳᠠ ᠬᠥᠳᠡᠭᠡ ᠨᠡᠶᠢᠭᠡᠮ | ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠳᠤ | ᠣᠷᠣᠭᠤᠯᠬᠤ᠂ ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠰᠢᠨ᠎ᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠳᠤ ᠣᠷᠣᠭᠤᠯᠬᠤ᠂ ᠰᠦᠯᠵᠢᠶᠡᠨ ᠤ ᠦᠷᠳᠡᠭᠡ ᠳᠤ ᠣᠷᠣᠭᠤᠯᠬᠤ ᠶᠢ ᠠᠬᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠦᠨᠡᠨ ᠬᠦ | ᠬᠠᠳᠠᠩᠰᠢᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠦᠷᠭᠦᠯᠵᠢᠯᠡᠨ ᠪᠦᠭᠦ ᠲᠠᠯ᠎ᠠ ᠪᠠᠷ ᠰᠤᠷᠤᠯᠴᠠᠬᠤ᠂ ᠪᠦᠭᠦ | ᠲᠠᠯ᠎ᠠ ᠪᠠᠷ ᠡᠵᠡᠮᠰᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠰᠢᠨ᠎ᠡ | ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠢ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠠ ᠲᠡᠭᠦᠨ ᠤ ᠳᠤᠮᠳᠠ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠣᠯᠪᠠᠰᠤᠷᠠᠩᠭᠤᠢ ᠡᠵᠡᠮᠰᠢᠵᠦ᠂ ᠰᠢᠨ᠎ᠡ ᠴᠠᠭ ᠦᠶ᠎ᠡ | ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ᠂ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦᠯᠢ ᠴᠣᠭᠴᠠ ᠪᠠᠷ ᠨᠢ | ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠲᠥᠰᠥᠯ᠂ ᠪᠣᠳᠠᠲᠠᠢ ᠠᠷᠭ᠎ᠠ ᠬᠡᠮᠵᠢᠶ᠎ᠡ ᠶᠢ ᠲᠤᠰ | ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠶᠢᠲᠤᠷ | ᠲᠣᠭᠲᠠᠭᠠᠵᠤ᠂ ᠰᠠᠶᠢᠲᠤᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ | ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ᠃ | ᠪᠦᠭᠦᠳᠡ ᠬᠤᠷᠠᠯ ᠠᠴᠠ᠂ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠲᠦᠷᠭᠡᠰᠦᠨ ᠬᠥᠭᠵᠢᠵᠦ᠂ ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠨᠢ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ | ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠤᠬᠳᠠᠭᠠᠯᠳᠤ ᠪᠤᠰᠤ ᠴᠢᠨᠠᠷ ᠵᠢᠱᠢᠬᠦᠶ᠎ᠡ | ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ ᠬᠤᠭᠤᠴᠠᠭᠠᠨ ᠳᠤ ᠣᠷᠣᠵᠠᠢ᠂ ᠡᠷᠬᠡᠪᠰᠢ ᠶᠡᠭᠡ ᠰᠠᠯᠬᠢ ᠰᠢᠷᠦᠭᠦᠨ | ᠳᠠᠪᠠᠯᠭᠠᠨ ᠴᠢᠨᠠᠭᠰᠢᠯᠠᠪᠠᠯ ᠳᠣᠬᠰᠢᠨ ᠳᠠᠪᠠᠯᠭᠠᠨ ᠰᠢᠷᠦᠭᠦᠨ ᠲᠤᠯᠭᠢᠯᠳᠠ ᠶᠢᠨ ᠬᠦᠨᠳᠦ ᠶᠡᠭᠡ ᠰᠢᠯᠭᠠᠯᠲᠠ ᠶᠢ | ᠳᠤᠭᠤᠯᠬᠤ ᠪᠠᠷ ᠪᠡᠯᠡᠳᠬᠡᠬᠦ ᠬᠡᠷᠡᠭᠲᠡᠢ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ ᠯᠡ | ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ᠂ ᠬᠡᠷᠡᠭᠴᠡᠭᠡ ᠪᠠᠭᠠᠰᠴᠤ᠂ ᠬᠠᠩᠭᠠᠯᠭ᠎ᠠ | ᠳᠠᠭᠠᠷᠢᠯᠲᠠ ᠳᠤ ᠤᠴᠠᠷᠠᠵᠤ᠂ ᠵᠢᠱᠢᠯᠲᠡ ᠪᠠᠭᠤᠷᠠᠢ ᠪᠣᠯᠤᠭᠰᠠᠨ ᠭᠤᠷᠪᠠᠨ ᠳᠠᠪᠬᠤᠷ ᠳᠠᠷᠤᠯᠲᠠ ᠮᠥᠨ ᠯᠡ ᠨᠡᠯᠢᠶᠡᠳ | ᠶᠡᠭᠡ ᠪᠠᠶᠢᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ | ᠵᠢᠱᠢᠯᠲᠡ ᠠᠴᠠ ᠳᠠᠪᠠᠭᠰᠠᠨ ᠬᠦᠴᠦᠨ ᠵᠦᠢᠯ ᠨᠦᠭᠦᠳ ᠡᠭᠦᠰᠴᠦ ᠮᠡᠳᠡᠨ᠎ᠡ᠃ ᠪᠦᠭᠦ ᠨᠠᠮ ᠤᠨ ᠨᠥᠬᠦᠳ ᠡᠷᠬᠡᠪᠰᠢ | ᠢᠲᠡᠭᠡᠯ ᠵᠣᠷᠢᠭ ᠢᠶᠠᠨ ᠪᠠᠲᠤᠳᠬᠠᠨ᠂ ᠪᠠᠶᠢᠯᠳᠤᠬᠤ ᠪᠣᠳᠣᠯᠭ᠎ᠠ ᠶᠢᠨ ᠰᠡᠷᠭᠡᠭ ᠪᠠᠶᠢᠳᠠᠯ ᠢᠶᠠᠨ ᠪᠠᠲᠤᠯᠠᠵᠤ᠂ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠ ᠶᠢ ᠨᠡᠩ ᠰᠠᠶᠢᠨ ᠨᠢᠭᠡᠳᠦᠯᠲᠡᠢ ᠲᠥᠯᠥᠪᠵᠢᠭᠦᠯᠬᠦ︾ | ᠶᠢ ᠪᠡᠶᠡᠯᠡᠭᠦᠯᠵᠦ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠵᠦ᠂ ︽ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠴᠢᠷᠮᠠᠶᠢᠨ | ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ | ᠲᠦᠪᠰᠢᠨ ᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ | ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ | ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠬᠦᠴᠦᠯᠡᠨ ᠴᠢᠩᠭᠠᠳᠬᠠᠵᠤ᠂ | ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠢᠯᠠᠩᠭᠤᠶ᠎ᠠ ᠬᠤᠳᠠ | ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠵᠦ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ | ᠃ | ᠪᠦᠭᠦᠳᠠ ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠥᠲᠥᠯᠥᠨ | ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠶᠢᠨ | ᠰᠢᠰᠲ᠋ᠧᠮ ᠤᠨ ᠬᠤᠷᠠᠮᠳᠤᠯ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ | ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠨᠡᠶᠢᠭᠡᠮ ᠵᠢᠷᠤᠮ ᠤᠨ | ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠣᠲᠣ ᠦᠶ᠎ᠡ ᠶᠢᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠲᠥᠰᠥᠪᠯᠡᠬᠦ ᠬᠡᠷᠡᠭᠲᠡᠢ᠃ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ | ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ | ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠠᠶᠢᠳᠠᠯ ᠪᠣᠯᠣᠨ ᠡᠷᠡᠰ ᠪᠠᠲᠤ ᠪᠠᠶᠢᠳᠠᠯ ᠢᠶᠠᠨ | ᠴᠠᠭ ᠢᠮᠠᠭᠲᠠ ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ ᠭᠦᠭᠵᠢᠭᠦ ᠶᠢ ᠠᠬᠢᠭᠤᠯᠬᠤ ᠬᠡᠷᠡᠭᠲᠡᠢ᠃ ᠪᠦᠭᠦ ᠨᠠᠮ ᠤᠨ | ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠬᠦ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠨᠤᠯ ᠤᠨ | ᠰᠤᠷᠤᠯᠴᠠᠯᠭ᠎ᠠ ᠪᠠ ᠠᠰᠢᠭᠯᠠᠯᠲᠠ ᠶᠢ ᠴᠢᠩᠭᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ | ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠵᠦ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠪᠦᠯᠬᠦᠮᠳᠡᠨ | ᠬᠠᠮᠵᠢᠯᠴᠠᠭᠰᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠴᠢᠳᠠᠮᠠᠭᠠᠢ ᠠᠵᠢᠯᠯᠠᠵᠤ ᠠᠮᠵᠢᠯᠲᠠ ᠣᠯᠬᠤ | ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠴᠢᠩᠭ᠎ᠠ ᠪᠠᠶᠢᠬᠤ ᠭᠦᠭ ᠠᠶᠠᠰ ᠢᠶᠠᠷ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ ᠶᠢ ᠡᠷᠴᠢᠮᠵᠢᠭᠦᠯᠵᠦ᠂ ᠦᠷᠭᠦᠯᠵᠢᠯᠡᠨ ︽ᠲᠦᠷᠪᠡᠨ ᠰᠤᠷᠲᠠᠯ︾ ᠢ | ᠭᠦᠨᠵᠡᠭᠡᠶᠢᠷᠡᠭᠦᠯᠦᠨ ᠵᠠᠰᠠᠵᠤ᠂ ᠪᠠᠶᠢᠴᠠᠭᠠᠨ ᠰᠤᠳᠤᠯᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠭᠢᠮᠯᠡᠭᠦ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ | ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠪᠣᠳᠠᠲᠠᠢ ᠠᠮᠵᠢᠯᠲᠠ ᠪᠦᠲᠦᠮᠵᠢ ᠭᠠᠷᠭᠠᠬᠤ | ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠪᠦᠭᠦᠳᠠ ᠬᠤᠷᠠᠯ ᠠᠴᠠ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ | ᠪᠠᠲᠤ ᠴᠡᠭᠡᠵᠢᠯᠡᠵᠦ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ | ᠲᠡᠮᠡᠴᠡᠰᠦᠭᠡᠢ ᠭᠡᠵᠦ ᠤᠷᠢᠶᠠᠯᠠᠪᠠ᠃ | |