ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠨᠠᠮ ᠤᠨ ᠰᠤᠷᠭᠠᠭᠤᠯᠢ 3 ᠰᠠᠷ᠎ᠠ ᠶᠢᠨ 1 ᠤ ᠡᠳᠦᠷ | ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ | ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠭᠢᠯᠡᠭᠦ ᠶᠣᠰᠣᠯᠠᠯ ᠶᠠᠪᠤᠭᠤᠯᠪᠠ᠃ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠢ᠃ ᠲᠡᠷᠡ᠂ | ᠨᠠᠮ ᠤᠨ ᠰᠤᠷᠭᠠᠭᠤᠯᠢ ᠶᠢᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠪᠣᠯ ᠳᠠᠷᠤᠢ ᠨᠠᠮ ᠳᠤ ᠴᠢᠳᠠᠪᠤᠷᠢᠲᠠᠨ | ᠬᠥᠮᠥᠵᠢᠭᠦᠯᠵᠦ᠂ ᠨᠠᠮ ᠳᠤ ᠠᠷᠭ᠎ᠠ ᠪᠣᠳᠣᠯᠭ᠎ᠠ ᠭᠠᠷᠭᠠᠵᠤ ᠦᠭᠭᠦ ᠶᠠᠪᠤᠳᠠᠯ ᠪᠣᠯᠣᠨ᠎ᠠ᠃ ᠡᠯ᠎ᠡ ᠱᠠᠲᠤᠨ ᠤ ᠨᠠᠮ ᠤᠨ | ᠰᠤᠷᠭᠠᠭᠤᠯᠢ ᠡᠨᠡ ᠬᠦ ᠤᠭ ᠰᠠᠨᠠᠭ᠎ᠠ ᠪᠠᠨ ᠪᠠᠲᠤ ᠰᠠᠬᠢᠵᠤ᠂ ᠡᠷᠡᠮᠡᠬᠡᠶᠢᠯᠡᠨ ᠤᠷᠤᠭᠰᠢᠯᠠᠵᠤ᠂ ᠬᠦᠴᠦᠯᠡᠨ ᠴᠢᠷᠮᠠᠶᠢᠵᠤ | ᠵᠢᠳᠬᠦᠯ ᠴᠢᠷᠮᠠᠶᠢᠯᠭ᠎ᠠ ᠭᠠᠷᠭᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | | | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ᠂ | ᠳ᠋ᠢᠩ ᠰᠢᠤᠸᠠᠢ ᠰᠢᠶᠠᠩ ᠣᠷᠣᠯᠴᠠᠵᠠᠢ᠃ ᠦᠳᠡ ᠶᠢᠨ ᠡᠮᠦᠨᠡᠬᠢ 10 ᠴᠠᠭ ᠲᠤ ᠬᠤᠷᠠᠯ ᠡᠬᠢᠯᠡᠪᠡ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | | | | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠪᠣᠯ ᠨᠠᠮ ᠤᠨ ᠰᠤᠷᠭᠠᠭᠤᠯᠢ ᠶᠢᠨ ᠠᠵᠢᠯ | ᠦᠢᠯᠡᠰ ᠤᠨ ᠡᠷᠬᠡᠪᠰᠢ ᠢᠮᠠᠭᠲᠠ ᠪᠠᠷᠢᠮᠲᠠᠯᠠᠬᠤ ᠤᠯᠤᠰ ᠲᠥᠷᠥ ᠶᠢᠨ ᠵᠣᠭᠰᠣᠴᠠ ᠮᠥᠨ᠂ ᠨᠠᠮ ᠤᠨ | ᠰᠤᠷᠭᠠᠭᠤᠯᠢ ᠶᠢᠨ ᠤᠭ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ | ᠨᠠᠮ ᠤᠨ ᠲᠤᠭ ᠢᠶᠠᠷ ᠲᠤᠭ ᠲᠡᠮᠳᠡᠭ ᠢᠶᠠᠨ ᠪᠤᠯᠭᠠᠬᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ | ᠪᠤᠯᠭᠠᠬᠤ᠂ ᠨᠠᠮ ᠤᠨ ᠡᠭᠦᠷᠭᠡ ᠬᠠᠷᠢᠭᠤᠴᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠬᠤ ᠶᠢ ᠢᠮᠠᠭᠲᠠ | ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠠᠭᠤᠤ ᠶᠡᠭᠡ ᠦᠢᠯᠡᠰ ᠪᠠ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠤᠨ ᠳᠤᠮᠳᠠ ᠪᠠᠶᠢᠷᠢ ᠲᠣᠭᠲᠠᠭᠠᠯᠲᠠ ᠪᠠᠨ ᠤᠨᠤᠪᠴᠢᠳᠠᠢ ᠣᠯᠵᠤ᠂ | ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠡᠷᠬᠡᠪᠰᠢ | ᠰᠤᠷᠭᠠᠭᠤᠯᠢ ᠡᠷᠭᠢᠯᠡᠭᠦ ᠵᠥᠪ ᠴᠢᠭᠯᠡᠯ ᠢ ᠪᠠᠷᠢᠮᠲᠠᠯᠠᠵᠤ᠂ ᠨᠠᠮ ᠤᠨ ᠰᠤᠷᠭᠠᠭᠤᠯᠢ ᠨᠠᠮ ᠤᠨ ᠬᠢ ᠪᠠᠶᠢᠬᠤ ᠶᠢ ᠢᠮᠠᠭᠲᠠ | ᠪᠠᠷᠢᠮᠲᠠᠯᠠᠵᠤ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠱᠤᠭᠤᠮ ᠢ | ᠤᠬᠠᠮᠰᠠᠷ ᠠᠴᠠ ᠪᠠᠨ ᠲᠠᠭᠠᠬᠤ ᠪᠠ ᠲᠡᠭᠦᠨ ᠳᠤ ᠦᠢᠯᠡᠴᠢᠯᠡᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ | ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠭᠡᠰᠢᠭᠦᠨ ᠡᠷᠬᠡᠪᠰᠢ ᠨᠠᠮ ᠢᠶᠠᠨ | ᠬᠠᠶᠢᠷᠠᠯᠠᠬᠤ᠂ ᠨᠠᠮ ᠢᠶᠠᠨ ᠶᠠᠷᠢᠬᠤ᠂ ᠨᠠᠮ ᠳᠠᠭᠠᠨ ᠰᠠᠨᠠᠭᠠᠰᠢᠷᠠᠬᠤ᠂ ᠨᠠᠮ ᠢᠶᠠᠨ ᠪᠣᠳᠣᠯᠬᠢᠯᠠᠬᠤ ᠶᠢ ᠪᠠᠷᠢᠮᠲᠠᠯᠠᠵᠤ᠂ ︽ | ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ | ᠡᠷᠬᠡᠪᠰᠢ ᠨᠠᠮ ᠤᠨ ᠰᠤᠷᠭᠠᠭᠤᠯᠢ ᠶᠢᠨ ᠠᠵᠢᠯ ᠪᠣᠯᠣᠨ ᠨᠠᠮ ᠤᠨ ᠭᠤᠣᠯ ᠡᠭᠦᠷᠭᠡ ᠶᠢᠨ ᠤᠶᠠᠯᠳᠤᠯ ᠴᠡᠭ᠂ ᠭᠠᠷᠳᠠᠬᠤ | ᠴᠡᠭ᠂ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠨᠠᠮ ᠤᠨ ᠬᠡᠷᠡᠭᠴᠡᠭᠡ ᠶᠢ ᠴᠢᠩᠭ᠎ᠠ ᠡᠵᠡᠮᠳᠡᠨ᠂ ᠲᠤᠰ | ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠳᠤ ᠶᠠᠮᠠᠷ ᠶᠠᠩᠵᠤ ᠶᠢᠨ ᠺᠠᠳ᠋ᠷ ᠱᠠᠭᠠᠷᠳᠠᠭᠳᠠᠪᠠᠯ ᠨᠠᠮ ᠤᠨ | ᠰᠤᠷᠭᠠᠭᠤᠯᠢ ᠲᠡᠷᠡ ᠶᠠᠩᠵᠤ ᠶᠢᠨ ᠺᠠᠳ᠋ᠷ ᠢ ᠬᠥᠮᠥᠵᠢᠭᠦᠯᠬᠦ ᠭᠡᠷᠡᠭᠲᠡᠢ︔ ᠨᠠᠮ ᠠᠴᠠ ᠶᠠᠮᠠᠷ ᠴᠢᠬᠤᠯᠠ ᠶᠡᠭᠡ | ᠠᠰᠠᠭᠤᠳᠠᠯ ᠢ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠣᠯ ᠨᠠᠮ ᠤᠨ ᠰᠤᠷᠭᠠᠭᠤᠯᠢ ᠲᠡᠳᠡᠭᠡᠷ ᠲᠠᠯ᠎ᠠ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠵᠤ ᠦᠭᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠳᠤ ᠴᠢᠳᠠᠪᠤᠷᠢᠲᠠᠨ ᠬᠥᠮᠥᠵᠢᠭᠦᠯᠬᠦ ᠪᠣᠯ ᠨᠠᠮ ᠤᠨ ᠰᠤᠷᠭᠠᠭᠤᠯᠢ ᠶᠢᠨ ᠥᠪᠡᠷᠮᠢᠴᠡ | ᠤᠡᠴᠠᠭᠠᠢ ᠦᠨ᠎ᠡ ᠦᠷᠳᠡᠭ ᠪᠣᠯᠣᠨ᠎ᠠ᠃ ᠨᠠᠮ ᠤᠨ ᠰᠤᠷᠭᠠᠭᠤᠯᠢ ᠪᠣᠯ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ | ᠭᠤᠣᠯ ᠵᠢᠭᠰᠠᠭᠠᠯ ᠤᠨ ᠭᠠᠵᠠᠷ ᠮᠥᠨ᠂ ᠡᠷᠬᠡᠪᠰᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠭᠦ ᠲᠦᠷᠦ ᠪᠠᠷᠢᠬᠤ ᠭᠤᠣᠯᠯᠠᠭᠴᠢ ᠡᠩᠨᠡᠭᠡ ᠶᠢ ᠬᠥᠮᠥᠵᠢᠭᠦᠯᠦᠨ ᠪᠤᠶᠢᠵᠢᠭᠤᠯᠬᠤ ᠲᠠᠯ᠎ᠠ ᠪᠠᠷ | ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠶᠣᠰᠣ ᠶᠢ ᠤᠯᠠᠮᠵᠢᠯᠠᠬᠤ᠂ ᠮᠡᠷᠭᠡᠵᠢᠯ | ᠬᠦᠷᠲᠡᠭᠡᠬᠦ᠂ ᠡᠭᠡᠳᠡᠷᠡᠭᠡᠨ ᠢ ᠠᠷᠢᠯᠭᠠᠬᠤ ᠠᠵᠢᠯ ᠢ ᠰᠠᠶᠢᠲᠤᠷ ᠬᠢᠵᠦ᠂ ᠮᠠᠷᠺᠰ ᠤᠨ ᠦᠵᠡᠯ ᠤᠨ ᠦᠨᠡᠨ ᠶᠣᠰᠣᠨ ᠤ | ᠶᠣᠰᠣ ᠤᠴᠢᠷ ᠢ ᠰᠠᠶᠢᠲᠤᠷ ᠤᠯᠠᠮᠵᠢᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠦᠢᠯᠡᠰ ᠢ ᠰᠠᠶᠢᠲᠤᠷ | ᠠᠬᠢᠭᠤᠯᠵᠤ᠂ ᠪᠡᠶᠡᠴᠢ ᠶᠢᠷᠲᠢᠨᠴᠦ ᠪᠣᠯᠣᠨ ᠪᠤᠰᠤᠳᠴᠢ ᠶᠢᠷᠲᠢᠨᠴᠦ ᠳᠤ ᠲᠤᠯᠭᠠᠷᠠᠭᠰᠠᠨ ᠡᠭᠡᠳᠡᠷᠡᠭᠡᠨ ᠢ ᠰᠠᠶᠢᠲᠤᠷ | ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠨᠤᠯ ᠤᠨ ᠪᠣᠯᠪᠠᠰᠤᠷᠠᠯ ᠪᠣᠯ ᠤᠳᠤᠷᠢᠳᠬᠤ ᠺᠠᠳ᠋ᠷᠴᠤᠳ ᠤᠨ ᠶᠡᠷᠦᠩᠬᠡᠶᠢᠯᠡᠭᠰᠡᠨ ᠬᠡᠪ | ᠪᠣᠯᠪᠠᠰᠤᠷᠠᠯ ᠤᠨ ᠭᠤᠣᠯᠳᠠᠯᠭ᠎ᠠ ᠮᠥᠨ᠂ ᠤᠨᠤᠯ ᠤᠨ ᠲᠠᠯ᠎ᠠ ᠪᠠᠷ ᠴᠠᠭᠠᠷᠠᠬᠤ ᠪᠣᠯ ᠤᠯᠤᠰ ᠲᠦᠷᠦ ᠶᠢᠨ ᠲᠠᠯ᠎ᠠ ᠪᠠᠷ | ᠴᠠᠭᠠᠷᠠᠬᠤ ᠶᠢᠨ ᠰᠠᠭᠤᠷᠢ ᠮᠥᠨ᠂ ᠤᠯᠤᠰ ᠲᠦᠷᠦ ᠶᠢᠨ ᠲᠠᠯ᠎ᠠ ᠪᠠᠷ ᠭᠤᠶᠢᠪᠢᠰᠢ ᠦᠭᠡᠢ ᠪᠠᠶᠢᠬᠤ ᠨᠢ ᠤᠨᠤᠯ ᠤᠨ | ᠲᠠᠯ᠎ᠠ ᠪᠠᠷ ᠰᠣᠨᠣᠷ ᠰᠡᠷᠡᠮᠵᠢ ᠲᠠᠢ ᠪᠠᠶᠢᠬᠤ ᠠᠴᠠ ᠰᠢᠯᠲᠠᠭᠠᠯᠠᠭᠳᠠᠨ᠎ᠠ᠃ ᠤᠳᠤᠷᠢᠳᠬᠤ ᠺᠠᠳ᠋ᠷᠴᠤᠳ ᠲᠤ ᠠᠪᠴᠤ | ᠬᠡᠯᠡᠪᠡᠯ᠂ ᠮᠠᠷᠺᠰ ᠤᠨ ᠦᠵᠡᠯ ᠭᠡᠬᠦ ᠡᠨᠡ ᠬᠦ ᠡᠷᠳᠡᠮ ᠴᠢᠳᠠᠪᠤᠷᠢ ᠶᠢ ᠬᠡᠳᠦᠢ ᠪᠠᠲᠤ ᠡᠵᠡᠮᠰᠢᠬᠦ ᠲᠤᠳᠤᠮ ᠤᠯᠤᠰ | ᠲᠦᠷᠦ ᠶᠢᠨ ᠵᠣᠭᠰᠣᠴᠠ ᠨᠢ ᠲᠡᠳᠦᠢ ᠥᠨᠳᠥᠷ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠨᠢ ᠲᠡᠳᠦᠢ ᠴᠢᠩᠭ᠎ᠠ | ᠪᠣᠯᠵᠤ᠂ ᠴᠠᠭ ᠤᠨ ᠪᠠᠶᠢᠳᠠᠯ ᠢ ᠠᠵᠢᠭᠯᠠᠬᠤ᠂ ᠬᠥᠭᠵᠢᠯᠲᠡ ᠶᠢ ᠲᠥᠯᠥᠪᠵᠢᠭᠦᠯᠬᠦ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠳᠤ ᠲᠡᠳᠦᠢ ᠰᠠᠨᠠᠭᠠᠴᠢᠯᠠᠭ᠎ᠠ ᠲᠠᠢ ᠪᠤᠯᠳᠠᠭ᠃ ᠨᠠᠮ ᠤᠨ ᠰᠤᠷᠭᠠᠭᠤᠯᠢ ᠮᠠᠷᠺᠰ ᠤᠨ | ᠦᠵᠡᠯ ᠤᠨ ᠤᠨᠤᠯ ᠤᠨ ᠬᠥᠮᠦᠵᠢᠯ ᠪᠣᠯᠪᠠᠰᠤᠷᠠᠯ ᠢ ᠴᠢᠨᠠᠭᠰᠢᠳᠠ ᠴᠢᠩᠭᠠᠳᠬᠠᠵᠤ᠂ ᠮᠠᠷᠺᠰ ᠤᠨ ᠦᠵᠡᠯ ᠤᠨ | ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠦᠵᠡᠯ ᠰᠠᠨᠠᠭ᠎ᠠ ᠪᠠᠨ | ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠪᠣᠯ ᠤᠳᠤᠷᠢᠳᠬᠤ ᠺᠠᠳ᠋ᠷᠴᠤᠳ ᠤᠨ ᠨᠠᠮᠴᠢ ᠴᠢᠨᠠᠷ ᠢ ᠳᠠᠪᠲᠠᠨ | ᠪᠤᠯᠪᠠᠰᠤᠷᠠᠭᠤᠯᠬᠤ ︽ᠲᠣᠮᠣ ᠵᠤᠤᠬ᠎ᠠ︾ ᠮᠥᠨ᠃ ᠡᠯ᠎ᠡ ᠱᠠᠲᠤᠨ ᠤ ᠨᠠᠮ ᠤᠨ ᠰᠤᠷᠭᠠᠭᠤᠯᠢ ᠨᠠᠮᠴᠢ ᠴᠢᠨᠠᠷ ᠤᠨ | ᠬᠥᠮᠦᠵᠢᠯ ᠢ ᠵᠢᠭᠠᠨ ᠰᠤᠷᠭᠠᠯᠲᠠ ᠶᠢᠨ ᠭᠤᠣᠯ ᠠᠭᠤᠯᠭ᠎ᠠ ᠪᠤᠯᠭᠠᠵᠤ᠂ ᠬᠦᠰᠡᠯᠡᠩ ᠢᠲᠡᠭᠡᠯ ᠪᠢᠰᠢᠷᠡᠯ᠂ ᠨᠠᠮ ᠤᠨ | ᠵᠣᠷᠢᠯᠲᠠ᠂ ︽ᠲᠦᠷᠪᠡᠨ ᠲᠡᠦᠬᠡ︾᠂ ᠬᠤᠪᠢᠰᠬᠠᠯ ᠤᠨ ᠤᠯᠠᠮᠵᠢᠯᠠᠯ᠂ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠠᠶᠢᠬᠠᠨ ᠰᠤᠷᠲᠠᠯ᠂ ᠨᠠᠮ ᠤᠨ ᠰᠤᠷᠲᠠᠯ ᠴᠢᠬᠡᠴᠢ ᠵᠠᠰᠠᠭ ᠵᠡᠷᠭᠡ ᠬᠥᠮᠦᠵᠢᠯ ᠢ ᠭᠦᠨᠵᠡᠭᠡᠢ | ᠥᠷᠨᠢᠭᠦᠯᠵᠦ᠂ ᠨᠠᠮ ᠤᠨ ᠳᠦᠷᠢᠮ ᠪᠠ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠨᠠᠮᠴᠢ ᠴᠢᠨᠠᠷ ᠤᠨ ᠬᠥᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠤᠳᠤᠷᠢᠳᠬᠤ ᠺᠠᠳ᠋ᠷᠴᠤᠳ ᠤᠨ | ᠦᠵᠡᠯ ᠰᠠᠨᠠᠭᠠᠨ ᠤ ᠤᠬᠠᠮᠰᠠᠷ᠂ ᠤᠶᠤᠨ ᠰᠠᠨᠠᠭᠠᠨ ᠤ ᠲᠦᠪᠰᠢᠨ᠂ ᠶᠣᠰᠣ ᠮᠣᠷᠠᠯ ᠤᠨ ᠪᠣᠯᠪᠠᠰᠤᠷᠠᠯ ᠢᠶᠠᠨ | ᠲᠠᠰᠤᠷᠠᠯᠳᠠ ᠦᠭᠡᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠵᠥᠪ ᠡᠷᠬᠡ ᠶᠢᠨ ᠦᠵᠡᠯᠲᠡ᠂ | ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠤᠯᠭᠠᠵᠤ᠂ ᠡᠪ | ᠬᠠᠮᠲᠤᠴᠤᠳ ᠤᠨ ᠤᠯᠤᠰ ᠲᠦᠷᠤ ᠶᠢᠨ ᠣᠣᠷ ᠴᠢᠨᠠᠷ ᠢᠶᠠᠨ ᠬᠠᠳᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ᠂ ᠤᠳᠤᠷᠢᠳᠬᠤ ᠺᠠᠳ᠋ᠷᠴᠤᠳ ᠡᠷᠬᠡᠪᠰᠢ ᠡᠯ᠎ᠡ ᠲᠠᠯ᠎ᠠ ᠶᠢᠨ | ᠴᠢᠳᠠᠪᠤᠷᠢ ᠪᠠᠨ ᠪᠦᠭᠦ ᠲᠠᠯ᠎ᠠ ᠪᠠᠷ ᠴᠢᠩᠭᠠᠳᠬᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠮᠡᠷᠭᠡᠵᠢᠯᠲᠡᠨ | ᠪᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ᠨᠠᠮ ᠤᠨ ᠲᠥᠪ ᠬᠤᠷᠢᠶᠠᠨ ᠤ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ | ᠲᠤᠰᠬᠠᠶᠢᠵᠢᠭᠰᠠᠨ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ | ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠣᠯᠠᠨ ᠲᠦᠮᠡᠨ ᠳᠤ ᠦᠢᠯᠡᠴᠢᠯᠡᠬᠦ | ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠭᠤᠣᠯᠳᠠᠯᠭ᠎ᠠ ᠲᠠᠢ | ᠳᠡᠭᠡᠭᠰᠢᠯᠡᠭᠦᠯᠭᠦ ᠶᠢᠨ ᠵᠡᠷᠭᠡ ᠪᠠᠷ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠴᠢᠳᠠᠪᠤᠷᠢ ᠶᠢ | ᠬᠥᠮᠥᠵᠢᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ | ᠥᠷᠢᠰᠦᠯᠳᠦᠭᠡᠨ ᠢ ᠤᠭᠲᠤᠬᠤ᠂ ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ | ᠲᠤᠰᠬᠠᠶᠢᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠳᠤᠷᠢᠳᠬᠤ ᠠᠵᠢᠯ ᠢ ᠨᠠᠩ ᠰᠠᠶᠢᠲᠤᠷ | ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠨᠠᠮ ᠤᠨ ᠦᠵᠡᠯ ᠰᠠᠨᠠᠭ᠎ᠠ ᠤᠨᠤᠯ ᠤᠨ ᠹᠷᠣᠨᠲ ᠤᠨ ᠨᠢᠭᠡ | ᠲᠠᠯ᠎ᠠ ᠶᠢᠨ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠨᠠᠮ ᠳᠤ ᠠᠷᠭ᠎ᠠ ᠪᠣᠳᠣᠯᠭ᠎ᠠ ᠳᠡᠪᠰᠢᠭᠦᠯᠭᠦ ᠴᠢᠬᠤᠯᠠ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠤᠨᠤᠯ ᠤᠨ ᠰᠤᠳᠤᠯᠭᠠᠨ᠂ ᠠᠷᠭᠠᠴᠠᠭᠠᠬᠤ ᠪᠣᠳᠣᠯᠭ᠎ᠠ ᠶᠢᠨ | ᠰᠤᠳᠤᠯᠭᠠᠨ ᠬᠢᠬᠦ ᠡᠨᠡ ᠬᠦ ᠵᠢᠮ᠎ᠡ ᠶᠣᠰᠣ ᠶᠢ ᠰᠦᠪᠡᠭᠴᠢᠯᠡᠵᠦ᠂ ᠦᠶ᠎ᠡ ᠲᠡᠮᠵᠢᠨ ᠬᠡᠷᠡᠭᠯᠡᠬᠦ ᠶᠡᠭᠡ ᠤᠬᠠᠭᠠᠨ ᠢ | ᠰᠠᠶᠢᠲᠤᠷ ᠰᠤᠳᠤᠯᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ᠂ ᠨᠠᠮ ᠤᠨ | ᠤᠨᠤᠯ ᠤᠨ ᠰᠢᠨ᠎ᠡ ᠡᠭᠦᠳᠦᠯᠲᠡ ᠶᠢ ᠠᠬᠢᠭᠤᠯᠬᠤ᠂ ᠨᠠᠮ ᠪᠣᠯᠣᠨ ᠵᠠᠰᠠᠭ ᠤᠨ ᠣᠷᠳᠣᠨ ᠳᠤ ᠰᠠᠨᠠᠯ ᠰᠠᠨᠠᠭᠤᠯᠭ᠎ᠠ | ᠳᠤᠷᠠᠳᠴᠤ ᠠᠷᠭ᠎ᠠ ᠪᠣᠳᠣᠯᠭ᠎ᠠ ᠭᠠᠷᠭᠠᠬᠤ ᠵᠡᠷᠭᠡ ᠲᠠᠯ᠎ᠠ ᠪᠠᠷ ᠴᠢᠨᠠᠷ ᠰᠠᠶᠢᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ᠃ | ᠡᠨᠡ ᠨᠢ ᠮᠥᠨ ᠴᠦ ᠨᠠᠮ ᠤᠨ ᠰᠤᠷᠭᠠᠭᠤᠯᠢ ᠶᠢᠨ ᠥᠪᠡᠷᠮᠢᠴᠡ ᠦᠨ᠎ᠡ ᠦᠷᠳᠡᠭ ᠪᠤᠯᠬᠤ ᠶᠤᠮ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠪᠣᠯ ᠨᠠᠮ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ | ᠴᠢᠬᠤᠯᠠ ᠡᠮᠦᠨ᠎ᠡ ᠹᠷᠣᠨᠲ ᠶᠢᠨ ᠵᠢᠭᠰᠠᠭᠠᠯ ᠤᠨ ᠭᠠᠵᠠᠷ ᠪᠣᠯᠣᠨ᠎ᠠ᠂ ᠡᠷᠬᠡᠪᠰᠢ ᠨᠠᠮ ᠳᠤ ᠦᠨᠡᠨᠴᠢ ᠰᠢᠳᠤᠷᠭᠤ᠂ | ᠮᠠᠷᠺᠰ ᠤᠨ ᠦᠵᠡᠯ ᠳᠤ ᠦᠨᠡᠨᠴᠢ ᠰᠢᠳᠤᠷᠭᠤ ᠪᠠᠶᠢᠬᠤ ᠬᠥᠮᠥᠰ ᠤᠨ ᠭᠠᠷ ᠲᠤ ᠡᠵᠡᠮᠳᠡᠭᠦᠯᠬᠦ ᠬᠡᠷᠡᠭᠲᠡᠢ᠃ ᠨᠠᠮ ᠤᠨ | ᠰᠤᠷᠭᠠᠭᠤᠯᠢ ᠨᠠᠮ ᠤᠨ ᠵᠣᠷᠢᠯᠲᠠ ᠶᠢ ᠤᠬᠠᠭᠤᠯᠵᠤ᠂ ᠡᠯ᠎ᠡ ᠵᠦᠢᠯ ᠤᠨ ᠭᠠᠵᠢᠭᠤ ᠪᠤᠷᠤᠭᠤ ᠰᠤᠷᠭᠠᠯ ᠢ ᠬᠠᠨᠳᠤᠯᠭᠠᠲᠤ | ᠴᠢᠨᠠᠷᠲᠠᠢ ᠪᠠᠷ ᠰᠢᠭᠦᠮᠵᠢᠯᠡᠨ ᠨᠢᠴᠤᠭᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠢᠳᠡᠪᠬᠢᠲᠡᠢ ᠤᠬᠠᠭᠤᠯᠤᠨ | ᠲᠠᠶᠢᠯᠪᠤᠷᠢᠯᠠᠭᠴᠢ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ | ᠪᠠᠶᠢᠷᠢ ᠰᠠᠭᠤᠷᠢ ᠶᠢᠨ ᠡᠷᠡᠰ ᠬᠠᠮᠠᠭᠠᠯᠠᠭᠴᠢ ᠪᠣᠯᠵᠤ᠂ ᠨᠠᠮ ᠤᠨ ᠦᠵᠡᠯ ᠤᠬᠠᠮᠰᠠᠷ ᠤᠨ ᠭᠡᠯᠪᠡᠷᠢ ᠪᠠᠷ ᠨᠡᠶᠢᠭᠡᠮ ᠤᠨ | ᠦᠵᠡᠯ ᠰᠠᠨᠠᠭᠠᠨ ᠤ ᠤᠷᠤᠰᠬᠠᠯ ᠢ ᠬᠥᠲᠥᠯᠥᠨ ᠵᠢᠯᠤᠭᠤᠳᠬᠤ ᠨᠠᠶᠢᠳᠠᠪᠤᠷᠢᠲᠠᠢ ᠬᠤᠰᠢᠭᠤᠴᠢ ᠪᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠪᠠᠨ ᠪᠠᠲᠤ ᠰᠠᠬᠢᠬᠤ ᠳᠤ ᠡᠷᠬᠡᠪᠰᠢ | ᠰᠤᠷᠭᠠᠭᠤᠯᠢ ᠶᠢ ᠴᠢᠩᠭ᠎ᠠ ᠵᠠᠰᠠᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ | ᠬᠠᠮᠤᠭ ᠤᠨ ᠴᠢᠩᠭ᠎ᠠ ᠤᠯᠤᠰ ᠲᠦᠷᠦ ᠶᠢᠨ ᠪᠠᠷᠢᠮᠵᠢᠶ᠎ᠠ᠂ ᠡᠷᠳᠡᠮ ᠰᠢᠨᠵᠢᠯᠡᠭᠡᠨ ᠤ ᠪᠠᠷᠢᠮᠵᠢᠶ᠎ᠠ᠂ ᠵᠢᠭᠠᠨ | ᠰᠤᠷᠭᠠᠯᠲᠠ ᠶᠢᠨ ᠪᠠᠷᠢᠮᠵᠢᠶ᠎ᠠ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠵᠢᠷᠤᠮᠯᠠᠵᠤ᠂ ᠲᠥᠪ ᠪᠤᠰᠤ ᠰᠤᠷᠲᠠᠯ ᠤᠨ ︽ | ᠠᠷᠢᠭᠤᠳᠬᠠᠭᠤᠷ︾᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ︽ᠲᠣᠮᠣ ᠵᠤᠤᠬ᠎ᠠ︾᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢᠨ ︽ᠵᠦᠭᠯᠡᠭᠦᠷ︾ ᠪᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠨᠠᠮ ᠤᠨ | ᠰᠤᠷᠭᠠᠭᠤᠯᠢ ᠶᠢᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠤᠨ ᠬᠥᠮᠦᠵᠢᠯ ᠢ ᠴᠢᠩᠭᠠᠳᠬᠠᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠤᠨ ᠬᠥᠮᠦᠵᠢᠯ ᠢ ᠴᠢᠩᠭᠠᠳᠬᠠᠵᠤ᠂ | ᠨᠠᠮ ᠤᠨ ᠰᠤᠷᠭᠠᠭᠤᠯᠢ ᠶᠢᠨ ᠪᠠᠭᠰᠢ ᠨᠠᠷ ᠤᠨ ᠨᠢᠭᠡ ᠰᠡᠳᠬᠢᠯ ᠢᠶᠠᠷ ᠡᠷᠳᠡᠮ ᠰᠢᠨᠵᠢᠯᠡᠭᠡᠨ ᠬᠢᠬᠦ᠂ ᠴᠢᠩ ᠦᠨᠡᠨᠴᠢ ᠪᠠᠷ | ᠶᠣᠰᠣ ᠶᠢ ᠮᠥᠷᠳᠡᠵᠦ᠂ ᠪᠦᠭᠦ ᠰᠡᠳᠬᠢᠯ ᠢᠶᠠᠷ ᠬᠥᠮᠥᠨ ᠬᠥᠮᠥᠵᠢᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠰᠤᠷᠭᠠᠭᠤᠯᠢ ᠵᠣᠷᠢᠭᠲᠠᠢ ᠠᠳᠬᠤᠨ ᠵᠣᠷᠢᠭᠲᠠᠢ ᠬᠠᠮᠢᠶᠠᠷᠴᠤ᠂ ᠴᠢᠩᠭ᠎ᠠ ᠠᠳᠬᠤᠨ | ᠴᠢᠩᠭ᠎ᠠ ᠬᠠᠮᠢᠶᠠᠷᠴᠤ᠂ ᠰᠤᠷᠤᠯᠭᠠᠲᠠᠳ ᠲᠤ ᠨᠠᠮ ᠤᠨ ᠰᠤᠷᠭᠠᠭᠤᠯᠢ ᠳᠤ ᠠᠯᠬᠤᠨ ᠣᠷᠣᠮᠠᠭᠴᠠ ᠰᠤᠷᠤᠯᠴᠠᠬᠤ | ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ ᠢ ᠮᠡᠳᠡᠷᠡᠭᠦᠯᠬᠦ ᠬᠡᠷᠡᠭᠲᠡᠢ᠃ ᠶᠠᠰᠤ ᠴᠢᠨᠠᠷ ᠢᠶᠠᠷ | ᠰᠤᠷᠭᠠᠭᠤᠯᠢ ᠪᠠᠶᠢᠭᠤᠯᠬᠤ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠶᠢᠨ ᠠᠮᠢ ᠨᠠᠰᠤᠨ ᠤ ᠢᠨᠵᠧᠨᠧᠷᠢᠩ | ᠪᠤᠯᠭᠠᠵᠤ᠂ ᠥᠨᠳᠥᠷ ᠪᠠᠷᠢᠮᠵᠢᠶ᠎ᠠ ᠪᠠᠷ ᠰᠤᠷᠭᠠᠭᠤᠯᠢ ᠡᠷᠭᠢᠯᠡᠭᠦ ᠶᠢ ᠪᠠᠷᠢᠮᠲᠠᠯᠠᠬᠤ ᠬᠡᠷᠡᠭᠲᠡᠢ᠃ ᠴᠢᠳᠠᠪᠤᠷᠢᠲᠠᠨ ᠤ | ᠡᠩᠨᠡᠭᠡ ᠭᠡᠬᠦ ᠡᠨᠡ ᠬᠦ ᠵᠠᠩᠭᠢᠯᠠᠭ᠎ᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠢᠶᠠᠷ ᠰᠤᠷᠭᠠᠭᠤᠯᠢ ᠶᠢ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠨᠠᠮ ᠤᠨ ᠰᠤᠷᠭᠠᠭᠤᠯᠢ ᠶᠢᠨ ᠠᠵᠢᠯ ᠳᠠᠬᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠮᠠᠨ ᠤ ᠨᠠᠮ ᠤᠨ ᠨᠠᠮ ᠤᠨ ᠰᠤᠷᠭᠠᠭᠤᠯᠢ ᠡᠷᠭᠢᠯᠡᠭᠦ ᠦᠨᠳᠦᠰᠦᠨ | ᠲᠤᠷᠰᠢᠯᠭ᠎ᠠ ᠮᠥᠨ᠂ ᠮᠥᠨ ᠴᠤ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠡᠷᠡᠭᠦᠯ ᠢᠶᠠᠷ ᠭᠦᠭᠵᠢᠭᠦ ᠶᠢ | ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠪᠦᠭᠦ ᠨᠠᠮ ᠢᠶᠠᠷ ᠢᠶᠠᠨ ᠨᠠᠮ ᠤᠨ ᠰᠤᠷᠭᠠᠭᠤᠯᠢ ᠶᠢ ᠡᠷᠭᠢᠯᠡᠭᠦ ᠶᠢ | ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠡᠭᠦᠷᠭᠡ | ᠲᠤᠰᠢᠶᠠᠯᠲᠤ ᠰᠠᠯᠠᠭ᠎ᠠ ᠮᠥᠴᠢᠷ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ | ᠬᠥᠭᠵᠢᠯᠲᠡ ᠶᠢ ᠳᠡᠮᠵᠢᠭᠦ ᠬᠡᠷᠡᠭᠲᠡᠢ ᠭᠡᠵᠦ ᠴᠢᠬᠤᠯᠠᠴᠢᠯᠠᠪᠠ᠃ | ᠴᠧᠨ ᠰᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠲᠥᠪ ᠤᠨ | ᠨᠠᠮ ᠤᠨ ᠰᠤᠷᠭᠠᠭᠤᠯᠢ ᠶᠢᠨ 90 ᠵᠢᠯ ᠤᠨ ᠲᠡᠦᠬᠡᠨ ᠠᠮᠵᠢᠯᠲᠠ ᠪᠦᠲᠦᠮᠵᠢ ᠪᠣᠯᠣᠨ ᠭᠡᠷᠡᠯ ᠰᠠᠴᠤᠷᠠᠩᠭᠤᠢ ᠠᠵᠢᠯ ᠤᠨ | ᠠᠮᠵᠢᠯᠲᠠ ᠶᠢ ᠡᠷᠭᠢᠴᠡᠭᠦᠯᠦᠨ ᠳ᠋ᠦᠩᠨᠡᠵᠦ᠂ ︽ᠨᠠᠮ ᠳᠤ ᠴᠢᠳᠠᠪᠤᠷᠢᠲᠠᠨ ᠬᠥᠮᠥᠵᠢᠭᠦᠯᠬᠦ᠂ ᠨᠠᠮ ᠳᠤ ᠠᠷᠭ᠎ᠠ ᠪᠣᠳᠣᠯᠭ᠎ᠠ | ᠭᠠᠷᠭᠠᠵᠤ ᠦᠭᠭᠦ︾ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠪᠠᠲᠤ ᠰᠠᠬᠢᠬᠤ ᠶᠢᠨ ᠲᠣᠭᠤᠷᠢᠨ ᠳᠤ ᠪᠦᠭᠦ | ᠲᠠᠯ᠎ᠠ ᠪᠠᠷ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ | ᠠᠵᠢᠯ ᠦᠢᠯᠡᠰ ᠤᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠣᠨ᠎ᠠ᠃ | ᠡᠯ᠎ᠡ ᠱᠠᠲᠤᠨ ᠤ ᠨᠠᠮ ᠤᠨ ᠰᠤᠷᠭᠠᠭᠤᠯᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠠᠶᠠᠨ ᠳᠤ | ᠨᠠᠮ ᠤᠨ ᠰᠤᠷᠭᠠᠭᠤᠯᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠭᠦ ᠬᠡᠷᠡᠭᠲᠡᠢ ᠭᠡᠵᠦ ᠢᠯᠡᠳᠬᠡᠪᠡ᠃ | ᠬᠤᠷᠠᠯ ᠨᠢ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠶᠢᠨ ᠳᠤᠮᠳᠠ ᠲᠡᠭᠦᠰᠴᠡᠢ᠃ | ᠯᠢ ᠭᠠᠨ ᠵᠢᠶᠧ᠂ ᠯᠢ ᠱᠤ᠋ ᠯᠧᠢ᠂ ᠯᠢᠦ ᠶᠢᠨ ᠭᠦᠸᠧ ᠬᠤᠷᠠᠯ ᠳᠤ ᠣᠷᠣᠯᠴᠠᠪᠠ᠃ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠥᠪ ᠤᠨ ᠨᠠᠮ ᠤᠨ | ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠪᠣᠯᠣᠨ ᠳᠤᠮᠳᠠᠳᠤ ᠤᠯᠤᠰ ᠤᠨ | ᠫᠦᠳᠦ᠋ᠩ᠂ ᠵᠢᠩᠭᠠᠩᠱᠠᠨ᠂ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ | ᠪᠦᠷᠢᠯᠳᠦᠭᠦᠨ ᠵᠢᠴᠢ ᠪᠠᠭᠰᠢ ᠠᠵᠢᠯᠲᠠᠨ ᠤ ᠲᠥᠯᠥᠭᠡᠯᠡᠭᠴᠢ᠂ ᠰᠤᠷᠭᠠᠭᠤᠯᠢ ᠳᠤ ᠪᠠᠶᠢᠭ᠎ᠠ ᠰᠤᠷᠤᠯᠭᠠᠲᠠᠨ᠂ ᠲᠥᠪ ᠤᠨ | ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠤᠤᠯ ᠤᠨ ᠰᠤᠷᠭᠠᠭᠤᠯᠢ ︵ | ᠳᠡᠭᠡᠳᠦ ᠰᠤᠷᠭᠠᠭᠤᠯᠢ︶ ᠶᠢᠨ ᠤᠳᠤᠷᠢᠳᠤᠯᠭ᠎ᠠ᠂ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ | ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ | ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠳᠤᠮᠳᠠᠳᠤ ᠤᠯᠤᠰ ᠤᠨ ᠫᠦᠳᠦ᠋ᠩ᠂ ᠵᠢᠩᠭᠠᠩᠱᠠᠨ᠂ ᠶᠠᠨ ᠠᠨ ᠤ | ᠺᠠᠳ᠋ᠷ ᠤᠨ ᠳᠡᠭᠡᠳᠦ ᠰᠤᠷᠭᠠᠭᠤᠯᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ | |