2023 ᠣᠨ ᠤ 1— 2 ᠳ᠋ᠤᠭᠠᠷ ᠰᠠᠷ᠎ᠠ ᠪᠣᠯᠲᠠᠯᠠᠬᠢ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2023/3/29
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠠᠨᠵᠤᠤᠷ ᠬᠤᠲᠠ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄  ᠣᠳᠣ 2023 ᠣᠨ ᠤ 1— 2 ᠳ᠋ᠤᠭᠠᠷ ᠰᠠᠷ᠎ᠠ ᠪᠣᠯᠲᠠᠯᠠᠬᠢ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯᠯᠠᠭᠠᠨ ᠤ ᠪᠠᠶᠢᠳᠠᠯ ᠢ ᠳᠣᠣᠷᠠᠬᠢ ᠮᠡᠲᠦ ᠮᠡᠳᠡᠭᠡᠯᠡᠶ᠎ᠡ᠄  ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 881.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 4.8% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠠᠴᠠ ᠦᠵᠡᠪᠡᠯ᠂ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠶᠢᠨ ᠶᠡᠷᠦᠩᠬᠡᠶ ᠬᠡᠮᠵᠢᠶ᠎ᠡ ᠨᠢ ᠪᠥᠬᠦ ᠣᠷᠣᠨ ᠤ ᠡᠮᠦᠨ᠎ᠡ ᠭᠤᠷᠪᠠ ᠳᠤ ᠪᠠᠶᠢᠵᠤ᠂ ᠲᠣᠰ ᠲᠣᠰ 193.6᠂ 167.4 ᠪᠠ 109.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ 53.4% ᠶᠢ ᠡᠵᠡᠯᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠥᠬᠡᠬᠤᠲᠠ᠂ ᠠᠯᠠᠱᠠ ᠠᠶᠢᠮᠠᠭ᠂ ᠣᠷᠳᠣᠰ ᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ ᠲᠣᠰ ᠲᠣᠰ 7.6%᠂ 7.4%᠂ 7.2% ᠢᠶᠠᠷ ᠨᠡᠮᠡᠭᠳᠡᠵᠦ᠂ ᠪᠥᠬᠦ ᠣᠷᠣᠨ ᠤ ᠨᠡᠮᠡᠭᠳᠡᠯ ᠤᠨ ᠬᠤᠷᠳᠤᠴᠠ ᠶᠢ ᠨᠡᠶᠢᠲᠡ 2.5 ᠵᠠᠭᠤᠨ ᠤ ᠨᠢᠭᠡᠴᠢ ᠳᠡᠭᠡᠭᠰᠢᠯᠡᠭᠦᠯᠪᠡ᠃  ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ 294.4 ᠳ᠋ᠦᠩᠰᠢᠭᠤᠷ ᠲᠥᠭᠦᠷᠢᠭ ᠲᠤ ᠬᠦᠷᠴᠦ᠂ ᠠᠩᠬ᠎ᠠ ᠤᠳᠠᠭ᠎ᠠ ᠣᠨ ᠤ ᠡᠮᠦᠨ᠎ᠡ ᠬᠤᠶᠠᠷ ᠰᠠᠷ᠎ᠠ ᠳᠤ 200 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠪᠠᠨ 53.8% ᠪᠠᠷ ᠨᠡᠮᠡᠭᠳᠡᠪᠡ᠃ ᠡᠭᠦᠨ ᠳᠤ᠄ ᠭᠠᠳᠠᠭᠠᠳᠤ ᠭᠠᠷᠭᠠᠯᠲᠠ 110.6 ᠳ᠋ᠦᠩᠰᠢᠭᠤᠷ ᠲᠥᠭᠦᠷᠢᠭ ᠲᠤ ᠬᠦᠷᠴᠦ᠂ ᠠᠩᠬ᠎ᠠ ᠤᠳᠠᠭ᠎ᠠ ᠣᠨ ᠤ ᠡᠮᠦᠨ᠎ᠡ ᠬᠤᠶᠠᠷ ᠰᠠᠷ᠎ᠠ ᠳᠤ 100 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠪᠠᠨ 36% ᠪᠠᠷ ᠨᠡᠮᠡᠭᠳᠡᠪᠡ᠃ ᠭᠠᠳᠠᠭᠠᠳᠤ ᠣᠷᠣᠭᠤᠯᠤᠯᠲᠠ 183.8 ᠳ᠋ᠦᠩᠰᠢᠭᠤᠷ ᠲᠥᠭᠦᠷᠢᠭ ᠲᠤ ᠬᠦᠷᠴᠦ᠂ ᠠᠩᠬ᠎ᠠ ᠤᠳᠠᠭ᠎ᠠ ᠣᠨ ᠤ ᠡᠮᠦᠨ᠎ᠡ ᠬᠤᠶᠠᠷ ᠰᠠᠷ᠎ᠠ ᠳᠤ 150 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠪᠠᠨ 66.9% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠶᠢᠨ ᠲᠠᠯ᠎ᠠ ᠠᠴᠠ ᠠᠪᠴᠤ ᠦᠵᠡᠪᠡᠯ᠂ ᠪᠠᠶᠠᠨᠨᠠᠭᠤᠷ ᠬᠤᠲᠠ᠂ ᠮᠠᠨᠵᠤᠤᠷ ᠬᠤᠲᠠ᠂ ᠪᠤᠭᠤᠲᠤ ᠬᠤᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠳᠤ ᠭᠠᠷᠭᠠᠭᠰᠠᠨ ᠶᠡᠷᠦᠩᠬᠡᠶ ᠬᠡᠮᠵᠢᠶ᠎ᠡ ᠲᠣᠰ ᠲᠣᠰ 65.8᠂ 46.0 ᠪᠠ 42.1 ᠳ᠋ᠦᠩᠰᠢᠭᠤᠷ ᠲᠥᠭᠦᠷᠢᠭ ᠪᠠᠶᠢᠵᠤ᠂ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠪᠠᠶᠠᠨᠨᠠᠭᠤᠷ ᠬᠤᠲᠠ᠂ ᠮᠠᠨᠵᠤᠤᠷ ᠬᠤᠲᠠ᠂ ᠤᠯᠠᠭᠠᠨᠬᠠᠳᠠ ᠬᠤᠲᠠ᠂ ᠪᠤᠭᠤᠲᠤ ᠬᠤᠲᠠ ᠶᠢᠨ ᠪᠥᠬᠦ ᠣᠷᠣᠨ ᠤ ᠭᠠᠳᠠᠭᠠᠳᠤ ᠣᠷᠤᠭᠤᠯᠤᠯᠲᠠ ᠭᠠᠷᠭᠠᠯᠲᠠ  ᠶᠢᠨ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ ᠨᠡᠮᠡᠷᠢ ᠨᠡᠯᠢᠶᠡᠳ ᠶᠡᠭᠡ ᠪᠠᠶᠢᠵᠤ᠂ ᠲᠣᠰ ᠲᠣᠰ 31.0᠂ 30.5᠂ 18.9 ᠪᠠ 17.0 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ ᠮᠠᠨᠵᠤᠤᠷ ᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠡᠷᠢᠶᠡᠨ ᠬᠤᠲᠠ᠂ ᠠᠯᠠᠱᠠ ᠠᠶᠢᠮᠠᠭ ᠵᠡᠷᠭᠡ 7 ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠨᠢ 2 ᠣᠷᠣᠨ ᠲᠤᠭ᠎ᠠ ᠠᠴᠠ ᠳᠡᠭᠡᠭᠰᠢ ᠪᠠᠶᠢᠨ᠎ᠠ᠃  ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ 2.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 34.2% ︵ᠨᠣᠭᠤᠯᠵᠤ ᠪᠣᠳᠤᠪᠠᠯ 3620 ᠲᠦᠮᠡᠨ ᠳ᠋ᠣᠯᠯᠠᠷ᠂ ᠠᠳᠠᠯᠢ ᠬᠤᠭᠤᠴᠠᠭᠠᠨ ᠤ ᠬᠢ ᠠᠴᠠ ᠪᠠᠨ 26.0% ᠢᠶᠠᠷ ᠨᠡᠮᠡᠭᠳᠡᠪᠡ︶ ᠢᠶᠠᠷ ᠨᠡᠮᠡᠭᠳᠡᠪᠡ᠃ ᠪᠥᠬᠦ ᠣᠷᠣᠨ ᠳᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 12 ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 4 ᠨᠡᠮᠡᠭᠳᠡᠪᠡ᠃ ᠨᠡᠮᠡᠭᠳᠡᠯ ᠤᠨ ᠲᠠᠯ᠎ᠠ ᠠᠴᠠ ᠦᠵᠡᠪᠡᠯ᠂ ᠣᠷᠳᠣᠰ ᠬᠤᠲᠠ ᠨᠢᠭᠡᠳᠦᠭᠡᠷ ᠲᠤ ᠣᠷᠣᠵᠤ᠂ 9400 ᠲᠦᠮᠡᠨ ᠲᠥᠭᠦᠷᠢᠭ ᠨᠡᠮᠡᠭᠳᠡᠪᠡ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠲᠠ᠂ ᠦᠬᠠᠶ ᠬᠤᠳᠠ᠂ ᠠᠯᠠᠱᠠ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠶᠢᠨ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠨᠢ ᠲᠡᠭ ᠪᠣᠯᠤᠨ᠎ᠠ᠃ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠠᠳᠠᠯᠢ ᠬᠤᠭᠤᠴᠠᠭᠠᠨ ᠤ ᠬᠢ ᠠᠴᠠ ᠪᠠᠨ 100 % ᠪᠠᠷ ᠪᠠᠭᠤᠷᠠᠪᠠ᠃  ᠪᠥᠬᠦ ᠣᠷᠣᠨ ᠳᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠤ ᠪᠠᠯᠠ ᠣᠷᠣᠭᠤᠯᠬᠤ ᠲᠥᠷᠥᠯ ᠵᠦᠢᠯ 7     ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 2 ᠨᠡᠮᠡᠭᠳᠡᠵᠦ᠂ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠲᠣᠭᠲᠠᠭᠰᠠᠨ ᠪᠠᠯᠠ ᠣᠷᠣᠭᠤᠯᠤᠯᠲᠠ ᠶᠢᠨ ᠲᠤᠭ᠎ᠠ 1.48 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 93.1% ᠪᠠᠷ ᠪᠠᠭᠤᠷᠠᠪᠠ᠃ ᠭᠠᠳᠠᠭᠠᠳᠤ ᠳᠤ ᠭᠠᠷᠭᠠᠭᠰᠠᠨ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 1.37 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 68.7% ᠪᠠᠷ ᠪᠠᠭᠤᠷᠠᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠣᠷᠳᠣᠰ ᠬᠤᠲᠠ᠂ ᠪᠠᠶᠠᠨᠨᠠᠭᠤᠷ ᠬᠤᠲᠠ ᠡᠮᠦᠨ᠎ᠡ ᠡᠩᠨᠡᠭᠡᠨ ᠳᠤ ᠤᠷᠤᠵᠤ᠂ ᠲᠣᠰ ᠲᠣᠰ 6194 ᠲᠦᠮᠡᠨ ᠳ᠋ᠣᠯᠯᠠᠷ᠂ 93 ᠲᠦᠮᠡᠨ ᠳ᠋ᠣᠯᠯᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠣᠷᠳᠣᠰ ᠬᠤᠲᠠ᠂ ᠪᠠᠶᠠᠨᠨᠠᠭᠤᠷ ᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 2.48 ᠳᠠᠬᠢᠨ ᠪᠠ 93.0% ᠪᠠᠷ ᠨᠡᠮᠡᠭᠳᠡᠪᠡ᠃  ᠪᠥᠬᠦ ᠣᠷᠣᠨ ᠤ ᠪᠣᠭᠤᠮᠲᠠ ᠪᠠᠷ ᠣᠷᠤᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1347.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 203.6% ᠪᠠᠷ ᠨᠡᠮᠡᠭᠳᠡᠪᠡ᠂ ᠡᠭᠦᠨ ᠳᠤ᠂ ᠬᠢᠯᠢ ᠪᠠᠷ ᠣᠷᠣᠭᠤᠯᠤᠭᠰᠠᠨ ᠬᠡᠮᠵᠢᠶ᠎ᠡ ᠨᠢ 1234.7 ᠲᠦᠮᠡᠨ ᠲᠣᠨ ᠳᠤ ᠬᠦᠷᠴᠦ᠂ 254.5% ᠪᠠᠷ ᠨᠡᠮᠡᠭᠳᠡᠪᠡ᠃ ᠬᠢᠯᠢ ᠪᠠᠷ ᠭᠠᠷᠭᠠᠭᠰᠠᠨ ᠬᠡᠮᠵᠢᠶ᠎ᠡ ᠨᠢ 113.0 ᠲᠦᠮᠡᠨ ᠲᠣᠨ ᠳᠤ ᠬᠦᠷᠴᠦ᠂ 18.2% ᠢᠶᠠᠷ ᠨᠡᠮᠡᠭᠳᠡᠪᠡ᠃ ᠣᠷᠣᠰ ᠤᠨ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 321.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.8% ᠪᠠᠷ ᠨᠡᠮᠡᠭᠳᠡᠪᠡ᠂ ᠡᠭᠦᠨ ᠳᠤ᠂ ᠬᠢᠯᠢ ᠪᠠᠷ ᠣᠷᠣᠭᠤᠯᠤᠭᠰᠠᠨ ᠬᠡᠮᠵᠢᠶ᠎ᠡ ᠨᠢ 270.1 ᠲᠦᠮᠡᠨ ᠲᠣᠨ ᠳᠤ ᠬᠦᠷᠴᠦ᠂ 82.5% ᠪᠠᠷ ᠨᠡᠮᠡᠭᠳᠡᠪᠡ᠃ ᠬᠢᠯᠢ ᠪᠠᠷ ᠭᠠᠷᠭᠠᠭᠰᠠᠨ ᠬᠡᠮᠵᠢᠶ᠎ᠡ 50.9 ᠲᠦᠮᠡᠨ ᠲᠣᠨ ᠳᠤ ᠬᠦᠷᠴᠦ᠂ 11.8% ᠪᠠᠷ ᠨᠡᠮᠡᠭᠳᠡᠪᠡ᠃ ᠥᠪᠥᠷ ᠮᠣᠩᠭᠤᠯ ᠤᠨ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1026.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 310.2 % ᠢᠶᠠᠷ ᠨᠡᠮᠡᠭᠳᠡᠪᠡ᠂ ᠡᠭᠦᠨ ᠳᠤ᠂ ᠬᠢᠯᠢ ᠪᠠᠷ ᠣᠷᠤᠭᠤᠯᠤᠭᠰᠠᠨ ᠨᠢ 964.6 ᠲᠦᠮᠡᠨ ᠲᠣᠨ ᠳᠤ ᠬᠦᠷᠴᠦ᠂ 381.5 % ᠪᠠᠷ ᠨᠡᠮᠡᠭᠳᠡᠪᠡ᠃ ᠬᠢᠯᠢ ᠪᠠᠷ ᠭᠠᠷᠭᠠᠭᠰᠠᠨ ᠨᠢ 62.1 ᠲᠦᠮᠡᠨ ᠲᠣᠨ ᠳᠤ ᠬᠦᠷᠴᠦ᠂ 24.3 % ᠪᠠᠷ ᠨᠡᠮᠡᠭᠳᠡᠪᠡ᠃ ᠨᠡᠮᠡᠭᠳᠡᠯ ᠤᠨ ᠲᠠᠯ᠎ᠠ ᠠᠴᠠ ᠦᠵᠡᠪᠡᠯ᠂ ᠭᠠᠭᠴᠠᠮᠤᠳᠤ ᠵᠠᠰᠠᠮᠠᠯ ᠵᠠᠮ ᠤᠨ ᠪᠣᠭᠤᠮᠲᠠ᠂ ᠴᠡᠭᠡ ᠵᠠᠰᠠᠮᠠᠯ ᠵᠠᠮ ᠤᠨ ᠪᠣᠭᠤᠮᠲᠠ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠶᠢᠨ ᠪᠦᠬᠦ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠦᠵᠡᠭᠦᠯᠦᠭᠰᠡᠨ ᠳᠠᠶᠢᠴᠢᠯᠠᠬᠤ ᠦᠢᠯᠡᠳᠦᠯ ᠨᠡᠯᠢᠶᠡᠳ ᠶᠡᠭᠡ ᠪᠠᠶᠢᠵᠤ᠂ ᠪᠦᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠭᠠᠭᠴᠠᠮᠤᠳᠤ ᠵᠠᠰᠠᠮᠠᠯ ᠵᠠᠮ ᠤᠨ ᠪᠣᠭᠤᠮᠲᠠ᠂ ᠮᠠᠨᠳᠤᠯ ᠵᠠᠰᠠᠮᠠᠯ ᠵᠠᠮ ᠤᠨ ᠪᠣᠭᠤᠮᠲᠠ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 547.3%᠂ 441.6%᠂ 249.4% ᠪᠠᠷ ᠨᠡᠮᠡᠭᠳᠡᠪᠡ᠃ ᠪᠥᠬᠦ ᠣᠷᠣᠨ ᠤ ᠪᠣᠭᠤᠮᠲᠠ ᠪᠠᠷ ᠣᠷᠣᠵᠤ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 24.4 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 521.2% ᠪᠠᠷ ᠨᠡᠮᠡᠭᠳᠡᠪᠡ᠂ ᠡᠭᠦᠨ ᠳᠤ᠂ ᠬᠢᠯᠢ ᠪᠠᠷ 12.3 ᠲᠦᠮᠡᠨ ᠬᠥᠮᠦᠨ ᠤᠳᠠᠭ᠎ᠠ ᠣᠷᠤᠵᠤ᠂ 528.1% ᠪᠠᠷ ᠨᠡᠮᠡᠭᠳᠡᠪᠡ᠃ ᠬᠢᠯᠢ ᠪᠠᠷ 12.1 ᠲᠦᠮᠡᠨ ᠬᠥᠮᠦᠨ ᠤᠳᠠᠭ᠎ᠠ ᠭᠠᠷᠴᠤ᠂ 514.3% ᠪᠠᠷ ᠨᠡᠮᠡᠭᠳᠡᠪᠡ᠃ ᠬᠢᠯᠢ ᠪᠠᠷ ᠣᠷᠣᠵᠤ ᠭᠠᠷᠤᠭᠰᠠᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠲᠤᠭ᠎ᠠ 17.5 ᠲᠦᠮᠡᠨ ᠴᠤᠪᠤᠭ᠎ᠠ ᠲᠡᠷᠭᠡ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 418.4% ᠪᠠᠷ ᠨᠡᠮᠡᠭᠳᠡᠨ᠂ ᠡᠭᠦᠨ ᠳᠤ᠂ ᠬᠢᠯᠢ ᠪᠠᠷ 8.4 ᠲᠦᠮᠡᠨ ᠴᠤᠪᠤᠭ᠎ᠠ ᠲᠡᠷᠭᠡ ᠤᠳᠠᠭ᠎ᠠ ᠣᠷᠤᠵᠤ᠂ 418.0% ᠪᠠᠷ ᠨᠡᠮᠡᠭᠳᠡᠪᠡ᠃ ᠬᠢᠯᠢ ᠪᠠᠷ 9.1 ᠲᠦᠮᠡᠨ ᠴᠤᠪᠤᠭ᠎ᠠ ᠲᠡᠷᠭᠡ ᠤᠳᠠᠭ᠎ᠠ ᠭᠠᠷᠴᠤ᠂ 418.8% ᠪᠠᠷ ᠨᠡᠮᠡᠭᠳᠡᠪᠡ᠃ ᠪᠥᠬᠦ ᠣᠷᠣᠨ ᠤ ᠬᠢᠯᠢ ᠪᠠᠷ ᠣᠷᠣᠵᠤ ᠭᠠᠷᠤᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 1238 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠂ ᠡᠭᠦᠨ ᠳᠤ᠂ ᠮᠠᠨᠵᠤᠤᠷ ᠪᠣᠭᠤᠮᠲᠠ ᠶᠢᠨ ᠬᠢᠯᠢ ᠪᠠᠷ ᠣᠷᠣᠵᠤ ᠭᠠᠷᠤᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 765 ᠪᠠᠶᠢᠵᠤ᠂ 12.5% ᠪᠠᠷ ᠨᠡᠮᠡᠭᠳᠡᠪᠡ᠃ ᠡᠷᠢᠶᠡᠨ ᠬᠤᠲᠠ ᠶᠢᠨ ᠪᠣᠭᠤᠮᠲᠠ ᠪᠠᠷ ᠣᠷᠣᠵᠤ ᠭᠠᠷᠤᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 473 ᠪᠠᠶᠢᠵᠤ᠂ 6.2% ᠢᠶᠠᠷ ᠪᠠᠭᠤᠷᠠᠪᠠ᠃ 
 
ᠢᠷᠡᠯᠲᠡ᠄ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号