ᠰᠢ ᠶᠢᠨ ᠫᠢᠩ ᠯᠢ ᠵᠠᠨ ᠱᠣ᠋ ᠸᠠᠩ ᠶᠠᠩ ᠯᠢ ᠴᠢᠶᠠᠩ ᠸᠠᠩ ᠬᠤ᠋ ᠨᠢᠩ ᠬᠠᠨ ᠵᠧᠩ ᠼᠠᠢ ᠴᠢ ᠳ᠋ᠢᠩ ᠰᠢᠤᠸᠠᠢ | ᠰᠢᠶᠠᠩ | ᠯᠢ ᠰᠢ ᠸᠠᠩ ᠴᠢ ᠱᠠᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ ᠵᠤᠤ ᠯᠧ ᠵᠢᠢ ᠬᠤᠷᠠᠯ ᠢ ᠡᠷᠭᠢᠯᠡᠪᠡ | ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠵᠡᠷᠭᠡ ᠶᠢ | ᠰᠣᠨᠣᠰᠪᠠ | | | | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ᠂ ᠯᠢ ᠵᠠᠨ | ᠱᠣ᠋᠂ ᠸᠠᠩ ᠶᠠᠩ᠂ ᠯᠢ ᠴᠢᠶᠠᠩ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ | ᠸᠠᠩ ᠴᠢ ᠱᠠᠨ ᠨᠠᠷ ᠬᠤᠷᠠᠯ ᠳᠤ ᠣᠷᠣᠯᠴᠠᠵᠠᠢ᠃ ᠵᠢᠦᠢ ᠫᠧᠩ ᠰᠡᠭᠦᠳᠡᠷᠯᠡᠪᠡ | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | 5 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ | ᠰᠢᠨ᠎ᠡ ᠨᠢᠭᠡ ᠬᠤᠭᠤᠴᠠᠭᠠᠨ ᠤ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠦᠪᠡᠳᠡᠭᠰᠢ ᠬᠤᠷᠠᠯ ᠳᠤ | ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠎ᠡ᠃ | ᠬᠠᠪᠤᠷ ᠤᠨ ᠡᠬᠢᠨ ᠤ ᠪᠡᠭᠡᠵᠢᠩ ᠬᠤᠲᠠᠨ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠦᠮᠡᠨ ᠪᠣᠳᠠᠰ | ᠲᠥᠯᠵᠢᠨ ᠠᠮᠢᠯᠠᠨ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠡᠭᠡ ᠶᠣᠰᠣᠯᠠᠯ ᠤᠨ ᠲᠠᠩᠬᠢᠮ ᠳᠤ ᠲᠥᠪ | ᠬᠢᠴᠢᠶᠡᠩᠭᠦᠢ ᠪᠥᠭᠡᠳ ᠭᠦᠷ ᠬᠥᠭᠵᠢᠶᠡᠨᠲᠡᠢ ᠠᠭᠤᠷ ᠠᠮᠢᠰᠬᠤᠯ ᠢᠶᠠᠷ ᠪᠢᠯᠬᠠᠵᠤ᠂ ᠲᠡᠷᠢᠭᠦᠯᠡᠭᠴᠢᠳ ᠤᠨ ᠲᠠᠶᠢᠰᠠᠨ ᠤ | ᠭᠤᠣᠯ ᠳᠤᠮᠳᠠ ᠡᠯᠭᠦᠭᠰᠡᠨ ᠤᠯᠤᠰ ᠤᠨ ᠰᠦᠯᠳᠡ ᠬᠤᠷᠴᠠ ᠤᠯᠠᠭᠠᠨ ᠲᠤᠬ ᠯᠤᠭ᠎ᠠ ᠥᠩᠭᠡ ᠢᠯᠭᠠᠷᠠᠨ ᠭᠡᠷᠡᠯ | ᠰᠠᠴᠤᠷᠠᠩᠬᠠᠨ ᠬᠠᠷᠠᠭᠳᠠᠨ᠎ᠠ᠃ | | | | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠵᠤᠤ ᠯᠧ ᠵᠢᠢ ᠡᠭᠢᠯᠡᠯᠲᠡ ᠶᠢᠨ ᠬᠤᠷᠠᠯ ᠢ ᠡᠷᠭᠢᠯᠡᠵᠡᠢ᠃ ᠬᠤᠸᠠᠩ ᠵᠢᠩ ᠸᠧᠨ | ᠰᠡᠭᠦᠳᠡᠷᠯᠡᠪᠡ | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠵᠤᠤ ᠯᠧ ᠵᠢᠢ ᠶᠡᠭᠡ ᠬᠤᠷᠠᠯ ᠢ ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠭᠠᠨ ᠵᠢᠶᠧ᠂ ᠯᠢ ᠬᠤᠩ ᠵᠦᠩ᠂ ᠸᠠᠩ ᠳ᠋ᠦᠩ | ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ | ᠸᠧᠢ᠂ ᠦ᠋ ᠸᠧᠢ ᠬᠤᠸᠠ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ | ᠰᠠᠭᠠᠲᠠᠪᠠ᠃ | ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠯᠢ ᠴᠢᠶᠠᠩ᠂ ᠸᠠᠩ ᠬᠤ᠋ ᠨᠢᠩ᠂ ᠬᠠᠨ | ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ | ᠰᠠᠭᠠᠲᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠤ 2977 ᠬᠥᠮᠥᠨ ᠣᠷᠤᠯᠴᠠᠬᠤ ᠶᠣᠰᠣᠲᠠᠢ᠃ 5 ᠤ ᠦᠳᠡ ᠶᠢᠨ ᠡᠮᠦᠨᠡᠬᠢ | ᠬᠤᠷᠠᠯ ᠳᠤ 2948 ᠬᠥᠮᠥᠨ ᠣᠷᠣᠯᠴᠠᠵᠤ᠂ 29 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ | ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠦᠳᠡ ᠶᠢᠨ ᠡᠮᠦᠨᠡᠬᠢ 9 ᠴᠠᠭ ᠲᠤ᠂ ᠵᠣᠣ ᠯᠧ ᠵᠢᠢ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠡᠬᠢᠯᠡᠯ᠎ᠡ ᠭᠡᠵᠦ ᠨᠡᠶᠢᠲᠡᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ᠂ ᠴᠡᠷᠢᠭ ᠤᠨ | ᠬᠥᠭᠵᠢᠮ ᠤᠨ ᠠᠩᠭᠢ ᠶᠢᠨ ᠬᠥᠭᠵᠢᠮ ᠤᠨ ᠬᠠᠪᠰᠤᠷᠭᠠᠯ ᠳᠣᠣᠷ᠎ᠠ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ | ᠳᠠᠭᠤᠯᠠᠪᠠ᠃ | | | | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠡᠢ᠃ ᠷᠣᠣ ᠠᠢ ᠮᠢᠨ ᠰᠡᠭᠦᠳᠡᠷᠯᠡᠪᠡ | | ᠬᠤᠷᠠᠯ ᠤᠨ ᠵᠥᠪᠯᠡᠭᠦ ᠵᠦᠢᠯᠡᠰ ᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠡᠭᠡᠷ᠎ᠡ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠨᠢ 2 ᠬᠡᠰᠡᠭ ᠢᠶᠠᠷ ᠪᠦᠷᠢᠯᠳᠦᠵᠡᠢ᠄ ᠨᠢᠭᠡ᠂ ᠥᠩᠭᠡᠷᠡᠭᠰᠡᠨ | ᠨᠢᠭᠡ ᠵᠢᠯ ᠪᠠ ᠲᠠᠪᠤᠨ ᠵᠢᠯ ᠤᠨ ᠠᠵᠢᠯ ᠤᠨ ᠡᠷᠭᠢᠴᠡᠭᠦᠯᠦᠯ︔ ᠬᠤᠶᠠᠷ᠂ ᠡᠨᠡ ᠵᠢᠯ ᠤᠨ ᠵᠠᠰᠠᠭ ᠤᠨ ᠣᠷᠳᠣᠨ ᠤ | ᠠᠵᠢᠯ ᠤᠨ ᠲᠤᠬᠠᠢ ᠰᠠᠨᠠᠭᠤᠯᠭ᠎ᠠ᠃ | ᠯᠢ ᠺᠧ ᠴᠢᠶᠠᠩ ᠢᠯᠡᠳᠬᠡᠯ ᠳᠡᠭᠡᠨ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ | ᠲᠦᠢᠯ ᠤᠨ ᠴᠢᠬᠤᠯᠠ ᠨᠢᠭᠡ ᠵᠢᠯ ᠪᠣᠯᠣᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠᠲᠠᠢ ᠬᠤᠷᠠᠯᠳᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ᠃ ᠲᠤᠬᠰᠢᠨ ᠰᠠᠯᠬᠢ | ᠰᠢᠷᠦᠭᠦᠨ ᠳᠠᠪᠠᠯᠭᠠᠨ ᠪᠦᠬᠦᠢ ᠳᠡᠯᠡᠬᠡᠢ ᠶᠢᠨ ᠣᠷᠴᠢᠨ ᠨᠥᠬᠦᠴᠡᠯ ᠪᠣᠯᠣᠨ ᠪᠡᠷᠬᠡ ᠬᠠᠲᠠᠭᠤᠵᠢᠯᠲᠠᠢ ᠤᠯᠤᠰ ᠤᠨ | ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ | ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠲᠣᠭᠲᠠᠭᠤᠨ ᠡᠷᠭᠢᠯᠲᠡ᠂ ᠬᠥᠭᠵᠢᠯᠲᠡ ᠶᠢᠨ ᠶᠠᠰᠤ ᠴᠢᠨᠠᠷ ᠤᠨ | ᠲᠣᠭᠲᠠᠭᠤᠨ ᠳᠡᠭᠡᠭᠰᠢᠯᠡᠯᠲᠡ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢ ᠪᠡᠶᠡᠯᠡᠭᠦᠯᠵᠦ | ᠂ ᠮᠠᠨ ᠤ ᠤᠯᠤᠰ ᠤᠨ ᠬᠥᠭᠵᠢᠯᠲᠡ ᠲᠦᠢᠯ ᠤᠨ ᠭᠢᠯᠪᠠᠷ ᠪᠤᠰᠤ ᠪᠠᠷ ᠲᠡᠮᠡᠴᠡᠨ ᠣᠯᠣᠭᠰᠠᠨ ᠰᠢᠨ᠎ᠡ ᠠᠮᠵᠢᠯᠲᠠ | ᠪᠦᠲᠦᠮᠵᠢ ᠶᠢ ᠣᠯᠵᠠᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠥᠩᠭᠡᠷᠡᠭᠰᠡᠨ ᠲᠠᠪᠤᠨ ᠵᠢᠯ ᠪᠣᠯ ᠲᠦᠢᠯ ᠤᠨ ᠶᠡᠷᠦ ᠪᠤᠰᠤ ᠶᠢᠨ᠂ | ᠲᠦᠢᠯ ᠤᠨ ᠵᠢᠷ ᠤᠨ ᠪᠤᠰᠤ ᠶᠢᠨ ᠶᠤᠮ᠃ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠠ ᠳᠡᠯᠡᠬᠡᠢ ᠶᠢᠨ ᠬᠤᠪᠢᠰᠤᠯᠲᠠ ᠶᠢᠨ ᠲᠦᠷᠭᠡᠨ | ᠬᠤᠪᠢᠷᠠᠯᠲᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ᠂ | ᠤᠯᠤᠰ ᠤᠨ ᠳᠣᠲᠣᠭᠠᠳᠤ ᠶᠢᠨ ᠠᠵᠤ ᠠᠬᠤᠢ ᠤᠷᠤᠭᠤᠳᠠᠬᠤ ᠵᠡᠷᠭᠡ ᠤᠯᠠᠨ ᠳᠠᠪᠬᠤᠷ ᠰᠢᠯᠭᠠᠯᠲᠠ ᠶᠢ ᠳᠠᠭᠠᠭᠠᠵᠤ᠂ | ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠡᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠰᠢᠨ᠎ᠡ ᠶᠢ ᠡᠭᠦᠳᠴᠦ᠂ ᠠᠵᠤ ᠠᠬᠤᠢ ᠶᠢᠨ ᠡᠷᠭᠢᠯᠲᠡ | ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠪᠠ︔ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠪᠠ︔ | ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ | ᠪᠦᠲᠦᠭᠡᠯᠴᠢ ᠬᠦᠴᠦᠨ ᠢ ᠨᠠᠩ ᠶᠡᠭᠡ ᠪᠠᠷ ᠭᠦᠭᠵᠢᠭᠡᠪᠠ︔ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ | ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠦᠨ ᠲᠡᠰ ᠳᠡᠪᠰᠢᠭᠦ ᠶᠢ ᠠᠭᠢᠭᠤᠯᠪᠠ︔ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠶᠢ | ᠥᠷᠭᠡᠳᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ | ᠪᠠᠯᠭᠠᠰᠤᠵᠢᠯᠲᠠ ᠶᠢ ᠠᠭᠢᠭᠤᠯᠪᠠ︔ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠭᠡᠷᠡᠭᠵᠢᠭᠦᠯᠪᠠ︔ ᠭᠠᠳᠠᠭᠠᠳᠤ | ᠨᠡᠭᠡᠭᠡᠯᠲᠡ ᠪᠠᠨ ᠡᠷᠡᠰ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠤᠯᠠᠨ ᠤᠯᠤᠰ ᠤᠨ | ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠠ︔ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠭᠢᠭᠤᠯᠪᠠ︔ | ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠠᠵᠢᠯ ᠦᠢᠯᠡᠰ ᠤᠨ | ᠬᠥᠭᠵᠢᠯᠲᠡ ᠶᠢ ᠲᠦᠷᠭᠡᠳᠭᠡᠪᠠ︔ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠠ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠭᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠪᠠᠲᠤᠯᠠᠪᠠ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠡᠳᠡᠭᠡᠷ ᠵᠢᠯ ᠳᠤ ᠮᠠᠨ ᠤ ᠤᠯᠤᠰ ᠤᠨ ᠬᠥᠭᠵᠢᠯᠲᠡ ᠳᠤ ᠣᠯᠣᠭᠰᠠᠨ | ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ | ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠮᠠᠨ ᠤ ᠤᠯᠤᠰ ᠪᠣᠯ ᠬᠥᠭᠵᠢᠵᠦ ᠪᠠᠶᠢᠭ᠎ᠠ ᠲᠣᠮᠣ ᠤᠯᠤᠰ ᠮᠥᠨ᠂ | ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ | ᠪᠠᠶᠢᠬᠤ ᠠᠰᠠᠭᠤᠳᠠᠯ ᠮᠥᠨ ᠬᠦ ᠲᠣᠪᠤᠶᠢᠮ᠎ᠠ ᠣᠷᠣᠰᠢᠵᠤ ᠪᠠᠶᠢᠭᠰᠠᠭᠠᠷ ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ᠃ | ᠠᠰᠠᠭᠤᠳᠠᠯ ᠪᠠ ᠥᠷᠢᠰᠦᠯᠳᠦᠭᠡᠨ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠵᠠᠰᠠᠭ ᠤᠨ | ᠣᠷᠳᠣᠨ ᠤ ᠠᠵᠢᠯ ᠢ ᠰᠠᠶᠢᠵᠢᠷᠠᠭᠤᠯᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠵᠦ ᠪᠤᠯᠬᠤ | ᠦᠭᠡᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠬᠥᠭᠵᠢᠯᠲᠡ ᠶᠢᠨ ᠭᠤᠣᠯ | ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% | ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠳᠤ 1200 ᠲᠦᠮᠡ ᠣᠷᠴᠢᠮ ᠬᠥᠮᠥᠨ ᠳᠤ ᠰᠢᠨ᠎ᠡ ᠪᠠᠷ ᠠᠵᠢᠯ | ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ | ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠦᠯᠲᠡ ᠶᠢ 3% ᠣᠷᠴᠢᠮ | ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ | ᠦᠨᠳᠦᠰᠦᠨ ᠳᠡᠭᠡᠨ ᠠᠳᠠᠯᠢ ᠠᠯᠬᠤᠮ ᠳᠤ ᠪᠠᠶᠢᠯᠭᠠᠨ᠎ᠠ︔ ᠭᠠᠳᠠᠭᠠᠳᠤ ᠠᠴᠠ ᠤᠷᠤᠭᠤᠯᠬᠤ ᠪᠠ ᠭᠠᠳᠠᠭᠠᠳᠤ ᠳᠤ | ᠭᠠᠷᠭᠠᠬᠤ ᠶᠢ ᠲᠣᠭᠲᠠᠭᠤᠨ ᠪᠠᠶᠢᠯᠭᠠᠬᠤ ᠶᠢ ᠠᠬᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠤᠯᠤᠰ ᠤᠨ | ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ 1.3 | ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠠ ᠭᠤᠣᠯ ᠪᠤᠯᠬᠤ ᠪᠣᠬᠢᠷᠳᠤᠯ | ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠨᠡᠭᠦᠷᠡᠰᠦ ᠴᠢᠯᠠᠭᠤᠨ ᠲᠣᠰᠣ ᠬᠡᠢ ᠵᠡᠷᠭᠡ | ᠴᠢᠯᠠᠭᠤᠵᠢᠮᠠᠯ ᠡᠨᠧᠷᠭᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ ᠠᠮᠢ ᠠᠬᠤᠢ ᠣᠷᠴᠢᠨ ᠲᠣᠭᠤᠷᠢᠨ ᠤ | ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠵᠠᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠺᠧ ᠴᠢᠶᠠᠩ ᠬᠡᠳᠦᠨ | ᠵᠦᠢᠯ ᠤᠨ ᠭᠤᠣᠯᠳᠠᠯᠭ᠎ᠠ ᠶᠢ ᠳᠤᠷᠠᠳᠴᠠᠢ᠄ ᠨᠢᠭᠡ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ | ᠥᠷᠭᠡᠳᠭᠡᠨ᠎ᠡ︔ ᠬᠤᠶᠠᠷ ᠲᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ᠎ᠠ︔ ᠭᠤᠷᠪᠠ ᠳᠤ᠂ ︽ᠬᠤᠶᠠᠷ ᠥᠴᠥᠬᠡᠨ ᠴᠦ ᠭᠤᠶᠢᠪᠢᠰᠢ ᠦᠭᠡᠢ ᠪᠠᠶᠢᠬᠤ︾ ᠶᠢ ᠦᠨᠡᠨ ᠬᠦ | ᠨᠠᠶᠢᠳᠠᠪᠤᠷᠢᠵᠢᠭᠤᠯᠤᠨ᠎ᠠ︔ᠳᠥᠷᠪᠡ ᠳᠤ᠂ ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠨ ᠤᠷᠤᠭᠤᠯᠬᠤ ᠪᠠ | ᠠᠰᠢᠬᠯᠠᠨ᠎ᠠ︔ ᠲᠠᠪᠤ ᠳᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠨ᠎ᠠ︔ ᠵᠢᠷᠭᠤᠭ᠎ᠠ ᠳᠤ᠂ ᠠᠮᠤ ᠪᠤᠳᠠᠭᠠᠨ ᠤ ᠦᠢᠯᠡᠳᠪᠦᠷᠢᠯᠡᠯ ᠢ | ᠲᠣᠭᠲᠠᠪᠤᠷᠢᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠢᠭᠤᠯᠤᠨ᠎ᠠ︔ ᠲᠤᠯᠤᠭ᠎ᠠ ᠳᠤ᠂ | ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠭᠢᠭᠤᠯᠤᠨ᠎ᠠ︔ ᠨᠠᠢᠮᠠ ᠳᠤ᠂ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ ᠬᠥᠭᠵᠢᠭᠦᠯᠦᠨ᠎ᠡ᠃ | ᠢᠯᠡᠳᠬᠡᠯ ᠳᠤ᠂ ᠯᠢ ᠺᠧ ᠴᠢᠶᠠᠩ ᠪᠠᠰᠠ ᠦᠨᠳᠦᠰᠦᠲᠡᠨ᠂ ᠱᠠᠰᠢᠨ ᠰᠤᠷᠲᠠᠬᠤᠨ ᠪᠣᠯᠣᠨ ᠬᠠᠷᠢᠶᠠᠲᠤ ᠨᠠᠷ ᠤᠨ | ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ᠂ | ᠰᠢᠶᠠᠩᠭᠠᠩ᠂ ᠣᠣᠮᠧᠨ ᠤ ᠬᠥᠭᠵᠢᠯᠲᠡ ᠪᠣᠯᠣᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠯᠴᠠᠭ᠎ᠠ | ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢᠨ ᠲᠤᠬᠠᠢ ᠲᠣᠳᠣᠷᠬᠠᠶᠢᠯᠠᠨ | ᠥᠭᠦᠯᠡᠵᠡᠢ᠃ | ᠯᠢ ᠺᠧ ᠴᠢᠶᠠᠩ ᠤᠨ ᠢᠯᠡᠳᠬᠡᠯ ᠬᠠᠯᠠᠭᠤᠨ ᠠᠯᠠᠭ᠎ᠠ ᠲᠡᠰᠢᠯᠲᠡ ᠶᠢ ᠣᠯᠪᠠ᠃ | ᠬᠤᠷᠠᠯ ᠤᠨ ᠵᠥᠪᠯᠡᠭᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2023 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ᠂ ᠲᠥᠷᠥ ᠶᠢᠨ | ᠶᠠᠪᠤᠳᠠᠯ ᠤᠨ ᠬᠤᠷᠢᠶᠠᠨ ᠤ 2022 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ | ᠪᠠᠶᠢᠳᠠᠯ ᠬᠢᠭᠡᠳ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ | ᠮᠡᠳᠡᠭᠦᠯᠦᠯᠲᠡ ᠵᠢᠴᠢ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ | ᠪᠠᠶᠢᠴᠠᠭᠠᠨ᠎ᠠ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ | ᠳᠠᠷᠤᠭ᠎ᠠ ᠸᠠᠩ ᠴᠧᠨ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ | ᠲᠣᠳᠣᠷᠬᠠᠶᠢᠯᠠᠯᠲᠠ ᠬᠢᠪᠡ᠃ | ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠳᠤ᠂ | ᠬᠠᠤᠯᠢ ᠲᠣᠭᠲᠠᠭᠠᠬᠤ ᠪᠣᠯ ᠤᠯᠤᠰ ᠤᠨ ᠴᠢᠬᠤᠯᠠ ᠤᠯᠤᠰ ᠲᠦᠷᠦ ᠶᠢᠨ ᠠᠵᠢᠯᠯᠠᠭ᠎ᠠ ᠮᠥᠨ᠂ ᠨᠠᠮ ᠤᠨ ᠵᠣᠷᠢᠯᠲᠠ | ᠪᠠ ᠠᠷᠠᠳ ᠲᠦᠮᠡᠨ ᠤ ᠵᠣᠷᠢᠭ ᠰᠠᠨᠠᠭ᠎ᠠ ᠶᠢ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢᠶᠠᠷ ᠳᠠᠮᠵᠢᠭᠤᠯᠤᠨ | ᠲᠦᠷᠦ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠬᠤ ᠶᠠᠪᠤᠴᠠ ᠮᠥᠨ᠂ ᠲᠡᠷᠡ ᠨᠢ ᠨᠠᠮ ᠪᠠ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠵᠤ ᠪᠠᠶᠢᠳᠠᠭ᠃ ᠬᠠᠤᠯᠢ ᠲᠣᠭᠲᠠᠭᠠᠬᠤ ᠬᠠᠤᠯᠢ ᠪᠣᠯ | ᠤᠯᠤᠰ ᠤᠨ ᠬᠠᠤᠯᠢ ᠲᠣᠭᠲᠠᠭᠠᠬᠤ ᠳᠦᠷᠢᠮ ᠪᠠ ᠬᠠᠤᠯᠢ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠨᠡᠶᠢᠭᠡᠮ | ᠵᠢᠷᠤᠮ ᠤᠨ ᠬᠠᠤᠯᠢᠵᠢᠯ ᠤᠨ ᠨᠢᠭᠡᠳᠦᠯ ᠢ ᠬᠠᠮᠠᠭᠠᠯᠠᠬᠤ ᠦᠨᠳᠦᠰᠦᠨ ᠬᠠᠤᠯᠢ ᠴᠠᠭᠠᠵᠠ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠲᠤᠬᠠᠢ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠵᠢᠯ ᠢ | ᠠᠬᠢᠭᠤᠯᠵᠤ᠂ ᠲᠡᠦᠬᠡᠲᠦ ᠴᠢᠨᠠᠷᠲᠠᠢ ᠠᠮᠵᠢᠯᠲᠠ ᠣᠯᠵᠠᠢ᠃ ᠶᠡᠷᠦᠩᠬᠡᠢ ᠱᠦᠵᠢ ᠰᠢ ᠶᠢᠨ ᠫᠢᠩ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ | ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠨᠢ ᠰᠢᠨ᠎ᠡ ᠴᠠᠭ | ᠦᠶ᠎ᠡ ᠶᠢᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠲᠣᠭᠲᠠᠭᠠᠬᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠵᠢᠭᠠᠵᠤ ᠭᠠᠷᠭᠠᠵᠠᠢ᠃ | ᠲᠣᠳᠣᠷᠬᠠᠶᠢᠯᠠᠯᠲᠠ ᠳᠤ᠂ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠰᠢᠨ᠎ᠡ ᠴᠠᠭ | ᠦᠶ᠎ᠡ ᠳᠤ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠬᠠᠤᠯᠢᠵᠢᠯ ᠢᠶᠠᠷ ᠳᠠᠮᠵᠢᠭᠤᠯᠤᠨ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ︔ ᠰᠢᠨ᠎ᠡ ᠴᠠᠭ ᠦᠶ᠎ᠡ ᠳᠤ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ | ᠬᠥᠭᠵᠢᠭᠦᠯᠵᠦ᠂ ᠬᠠᠤᠯᠢᠵᠢᠯ ᠢᠶᠠᠷ ᠳᠠᠮᠵᠢᠭᠤᠯᠤᠨ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ | ᠪᠠᠲᠤᠯᠠᠬᠤ ᠶᠢᠨ ᠪᠤᠰᠤᠳᠴᠢ ᠱᠠᠭᠠᠷᠳᠠᠯᠭ᠎ᠠ ᠮᠥᠨ︔ ᠰᠢᠨ᠎ᠡ ᠴᠠᠭ ᠦᠶ᠎ᠡ ᠳᠤ ᠪᠦᠭᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ᠂ ᠨᠡᠶᠢᠭᠡᠮ ᠵᠢᠷᠤᠮ ᠤᠨ | ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ︔ ᠰᠢᠨ᠎ᠡ ᠴᠠᠭ ᠦᠶ᠎ᠡ ᠳᠤ | ᠥᠭᠡᠷᠡᠴᠢᠯᠡᠯᠲᠡ ᠪᠠ ᠬᠠᠤᠯᠢᠵᠢᠯ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠭᠰᠡᠨ ᠦᠢᠯᠡᠳᠦᠯᠭᠡ ᠶᠢᠨ | ᠲᠤᠷᠰᠢᠯᠭ᠎ᠠ ᠶᠢ ᠳ᠋ᠦᠩᠨᠡᠵᠦ᠂ ᠬᠠᠤᠯᠢᠵᠢᠯ ᠤᠨ ᠳᠣᠣᠷ᠎ᠠ ᠥᠭᠡᠷᠡᠴᠢᠯᠡᠯᠲᠡ ᠶᠢ ᠠᠬᠢᠭᠤᠯᠬᠤ ᠪᠠ ᠥᠭᠡᠷᠡᠴᠢᠯᠡᠯᠲᠡ ᠶᠢᠨ | ᠳᠤᠮᠳᠠ ᠬᠠᠤᠯᠢᠵᠢᠯ ᠢ ᠲᠡᠭᠦᠯᠳᠡᠷᠵᠢᠭᠦᠯᠬᠦ ᠶᠢ ᠨᠢᠭᠡᠳᠬᠡᠬᠦ ᠶᠢ ᠨᠡᠩ ᠰᠠᠶᠢᠲᠤᠷ ᠪᠠᠷᠢᠮᠲᠠᠯᠠᠬᠤ ᠶᠢᠨ ᠠᠬᠤᠶᠢᠴᠢ | ᠱᠠᠭᠠᠷᠳᠠᠯᠭ᠎ᠠ ᠪᠣᠯᠣᠨ᠎ᠠ᠃ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠨᠡᠶᠢᠳᠡ 37 ᠵᠦᠢᠯ | ᠪᠠᠶᠢᠨ᠎ᠠ᠃ ᠨᠢᠭᠡ ᠳᠤ᠂ ᠬᠠᠤᠯᠢ ᠲᠣᠭᠲᠠᠭᠠᠬᠤ ᠵᠢᠯᠤᠭᠤᠳᠬᠤ ᠦᠵᠡᠯ ᠰᠠᠨᠠᠭ᠎ᠠ ᠪᠠ ᠵᠠᠷᠴᠢᠮ ᠢ ᠲᠡᠭᠦᠯᠳᠡᠷᠵᠢᠭᠦᠯᠦᠨ᠎ᠡ︔ | ᠬᠤᠶᠠᠷ ᠲᠤ᠂ ᠦᠨᠳᠦᠰᠦᠨ ᠬᠠᠤᠯᠢ ᠳᠤ ᠨᠡᠶᠢᠴᠡᠭᠦ ᠡᠰᠡᠬᠦ ᠶᠢ ᠬᠢᠨᠠᠨ ᠪᠠᠶᠢᠴᠠᠭᠠᠬᠤ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠲᠣᠳᠣᠷᠬᠠᠶᠢᠯᠠᠨ᠎ᠠ︔ ᠭᠤᠷᠪᠠ ᠳᠤ᠂ ᠬᠠᠤᠯᠢ ᠲᠣᠭᠲᠠᠭᠠᠬᠤ ᠰᠢᠢᠳᠪᠦᠷᠢᠲᠦ ᠪᠣᠳᠣᠯᠭ᠎ᠠ ᠬᠢᠭᠡᠳ | ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠶᠢ ᠵᠤᠯᠭᠠᠯᠴᠠᠭᠤᠯᠬᠤ᠂ ᠨᠢᠭᠡᠳᠦᠭᠦᠯᠬᠦ ᠳᠦᠷᠢᠮ ᠲᠣᠭᠲᠠᠴᠠ ᠶᠢ | ᠲᠡᠭᠦᠯᠳᠡᠷᠵᠢᠭᠦᠯᠦᠨ᠎ᠡ︔ ᠳᠥᠷᠪᠡ ᠳᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠡᠷᠬᠡ ᠶᠢᠨ ᠬᠡᠪᠴᠢᠶ᠎ᠡ᠂ ᠬᠠᠤᠯᠢ ᠲᠣᠭᠲᠠᠭᠠᠬᠤ ᠲᠡᠰ | ᠳᠠᠷᠠᠭᠠᠯᠠᠯ ᠪᠠ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ︔ ᠲᠠᠪᠤ ᠳᠤ᠂ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠥᠬᠦᠪᠦᠷᠢᠯᠡᠬᠦ ᠴᠢᠬᠤᠯᠠᠲᠠᠢ ᠬᠤᠯᠪᠣᠭᠳᠠᠯ ᠪᠦᠬᠦᠢ ᠠᠭᠤᠯᠭ᠎ᠠ ᠳᠤ | ᠵᠣᠭᠢᠴᠠᠭᠤᠯᠤᠨᠠ︔ ᠵᠢᠷᠭᠤᠭ᠎ᠠ ᠳᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ | ᠲᠣᠭᠲᠠᠭᠠᠯ ᠤᠨ ᠡᠷᠬᠡ ᠶᠢᠨ ᠬᠡᠪᠴᠢᠶ᠎ᠡ ᠪᠠ ᠲᠠᠰ ᠳᠠᠷᠠᠭᠠᠯᠠᠯ ᠢ ᠲᠡᠭᠦᠯᠳᠡᠷᠵᠢᠭᠦᠯᠦᠨ᠎ᠡ︔ ᠳᠣᠯᠤᠭ᠎ᠠ ᠳᠤ᠂ | ᠳᠡᠩᠰᠡᠯᠡᠵᠦ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ᠎ᠡ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠢ | ᠪᠠᠶᠢᠭᠤᠯᠬᠤ ᠲᠤᠬᠠᠢ ᠲᠣᠭᠲᠠᠭᠠᠯ ᠢ ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠤᠨ | ᠡᠷᠭᠢᠯᠡᠭᠴᠢ ᠭᠡᠰᠢᠭᠦᠨ᠂ ᠳᠡᠳ᠋ ᠡᠷᠭᠢᠯᠡᠭᠴᠢ ᠭᠡᠰᠢᠭᠦᠨ᠂ ᠭᠡᠰᠢᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ᠶᠢ | ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠡᠷᠭᠢᠯᠡᠭᠴᠢ ᠭᠡᠰᠢᠭᠦᠨ᠂ ᠳᠡᠳ᠋ | ᠡᠷᠭᠢᠯᠡᠭᠴᠢ ᠭᠡᠰᠢᠭᠦᠨ᠂ ᠭᠡᠰᠢᠭᠦᠨ ᠤ ᠨᠡᠷᠡᠰ ᠢ ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ | ᠡᠷᠭᠢᠯᠡᠭᠴᠢ ᠭᠡᠰᠢᠭᠦᠨ᠂ ᠳᠡᠳ᠋ ᠡᠷᠭᠢᠯᠡᠭᠴᠢ ᠭᠡᠰᠢᠭᠦᠨ᠂ ᠭᠡᠰᠢᠭᠦᠨ ᠤ ᠨᠡᠷᠡᠰ ᠢ ᠪᠠᠲᠤᠯᠠᠪᠠ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ | ᠱᠢ ᠲᠠᠢ ᠹᠧᠩ᠂ ᠯᠢᠦ ᠾᠧ᠂ ᠯᠢᠦ ᠭᠦᠸᠧ ᠵᠦᠩ᠂ ᠰᠢᠦᠢ ᠴᠢ ᠯᠢᠶᠠᠩ᠂ ᠰᠦᠨ ᠴᠦᠨ ᠯᠠᠨ᠂ ᠯᠢ ᠱᠤ᠋ ᠯᠧᠢ᠂ | ᠶᠠᠩ ᠰᠢᠶᠣᠣ ᠳ᠋ᠦ᠋᠂ ᠾᠧ ᠸᠧᠢ ᠳ᠋ᠦᠩ᠂ ᠾᠧ ᠯᠢ ᠹᠧᠩ᠂ ᠵᠠᠩ ᠶᠢᠦ ᠰᠢᠶᠠ᠂ ᠵᠠᠩ ᠭᠦᠸᠧ ᠴᠢᠩ᠂ ᠴᠧᠨ | ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠬᠤ᠋ ᠴᠦᠨ ᠬᠤᠸᠠ᠂ ᠶᠤᠸᠠᠨ ᠵᠢᠶᠠ ᠵᠢᠶᠦ᠋ᠨ᠂ ᠬᠤᠸᠠᠩ | ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ | ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠧ ᠰᠢᠶᠠᠩ᠂ ᠴᠧᠨ ᠵᠦ᠂ | ᠪᠠᠳᠮᠠᠫᠷᠠᠩᠯᠠᠢ᠂ ᠸᠧᠢ ᠹᠧᠩ ᠾᠧ᠂ ᠸᠠᠩ ᠶᠦᠩ᠂ ᠵᠣᠣ ᠺᠧ ᡁᠢ᠂ ᠵᠧᠦ ᠴᠢᠶᠠᠩ᠂ ᠵᠠᠩ ᠵᠢᠶᠦ᠋ᠨ᠂ ᠯᠢᠦ ᠴᠢ | ᠪᠦᠦ᠂ ᠫᠠᠪᠠᠯᠠ · ᠭᠧᠯᠤᠭ᠍ᠨᠡᠮᠵᠢᠯ᠂ ᠸᠠᠨ ᠭᠠᠩ᠂ ᠾᠧ ᠾᠧᠦ ᠬᠤᠸᠠ᠂ ᠯᠦ ᠵᠠᠨ ᠭᠦᠩ᠂ ᠮᠠ ᠪᠢᠶᠣᠣ᠂ ᠴᠧᠨ | ᠰᠢᠶᠣᠣ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠪᠠᠭᠠᠲᠤᠷ᠂ | ᠸᠠᠩ ᠶᠦᠩ ᠴᠢᠩ᠂ ᠰᠦ᠋ ᠬᠤᠶ᠂ ᠭᠦ᠋ ᠱᠸᠡᠭ ᠽᠦ᠂ ᠯᠢᠦ ᠰᠢᠨ ᠴᠧᠩ᠂ ᠱᠤᠤ ᠬᠤᠩ᠂ ᠭᠤᠤ ᠶᠦᠨ ᠯᠦᠩ᠂ | ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠯᠢ ᠱᠠᠩ ᠹᠦ᠋᠂ ᠯᠢᠦ ᠵᠧᠨ ᠯᠢ᠂ ᠮᠢᠶᠣᠣ | ᠬᠤᠸᠠ᠂ ᠵᠠᠩ ᠱᠧᠩ ᠮᠢᠨ ᠨᠠᠷ ᠪᠤᠢ᠃ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ | ᠰᠤᠯᠠ ᠣᠷᠣᠯᠴᠠᠬᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠪᠠ᠃ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ | ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ | ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ | ᠪᠦᠯᠭᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠬᠰᠠᠨ ᠪᠤᠶᠤ ᠶᠡᠭᠡ | ᠬᠤᠷᠠᠯ ᠢ ᠰᠤᠯᠠ ᠰᠣᠨᠣᠰᠴᠠᠢ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠪᠠ᠃ | |