ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ  ᠤᠨ ᠥᠷᠢᠰᠦᠯᠳᠦᠭᠡᠨ ᠤ ᠴᠢᠨᠠᠷᠲᠠᠢ ᠵᠥᠪᠳᠡᠯᠴᠡᠬᠦ ᠠᠷᠭ᠎ᠠ ᠮᠠᠶ᠋ᠢᠭ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠣᠭᠤᠮᠲᠠ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠶᠢᠨ ᠬᠠᠮᠢᠶ᠎ᠠ ᠪᠦᠬᠦᠢ ᠦᠢᠯᠡᠴᠢᠯᠡᠭᠡ ᠶᠢ ᠬᠤᠳᠠᠯᠳᠤᠨ ᠠᠪᠬᠤ ᠠᠯᠪᠠᠨ ᠵᠠᠷ
ᠨᠡᠶᠢᠲᠡᠯᠡᠭᠰᠡᠨ ᠴᠠᠭ᠄
2023/4/28
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠥᠷᠢᠰᠦᠯᠳᠦᠭᠡᠨ ᠤ ᠴᠢᠨᠠᠷᠲᠠᠢ ᠵᠥᠪᠳᠡᠯᠴᠡᠬᠦ ᠠᠷᠭ᠎ᠠ ᠮᠠᠶ᠋ᠢᠭ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠣᠭᠤᠮᠲᠠ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠬᠠᠮᠢᠶ᠎ᠠ ᠪᠦᠬᠦᠢ ᠦᠢᠯᠡᠴᠢᠯᠡᠭᠡ ᠶᠢ ᠬᠤᠳᠠᠯᠳᠤᠨ ᠠᠪᠬᠤ ᠪᠤᠯᠤᠨ᠎ᠠ᠂ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠳ ᠨᠡᠷ᠎ᠡ ᠮᠡᠳᠡᠭᠦᠯᠵᠦ ᠤᠷᠤᠯᠴᠠᠬᠤ ᠶᠢ ᠪᠠᠶᠠᠷᠯᠠᠨ ᠤᠭᠳᠤᠵᠤ ᠪᠠᠶᠢᠨ᠎ᠠ᠃  ᠨᠢᠭᠡ᠂ ᠲᠥᠷᠥᠯ ᠵᠦᠢᠯ ᠤᠨ ᠲᠣᠶᠢᠮᠣᠴᠢᠯᠠᠯ  ᠲᠦᠷᠦᠯ ᠵᠦᠢᠯ ᠤᠨ ᠨᠡᠷᠡᠶᠢᠳᠦᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠣᠭᠤᠮᠲᠠ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ  ᠬᠡᠷᠡᠭᠴᠡᠭᠡ ᠱᠠᠭᠠᠷᠳᠠᠯᠭ᠎ᠠ᠄  ᠨᠢᠭᠡ᠂ ᠬᠡᠷᠡᠭᠴᠡᠭᠡ᠄ ᠭᠤᠷᠪᠠᠳᠠᠭᠢ ᠡᠲᠡᠭᠡᠳ ᠲᠤ ᠨᠠᠶᠢᠳᠠᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠣᠭᠤᠮᠲᠠ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃  ᠬᠤᠶᠠᠷ᠂ ᠴᠠᠭ᠄ ᠭᠡᠷ᠎ᠡ ᠲᠣᠭᠲᠠᠭᠰᠠᠨ ᠠᠴᠠ ᠡᠬᠢᠯᠡᠨ ᠨᠡᠶᠢᠲᠡ 12 ᠰᠠᠷ᠎ᠠ᠃  ᠭᠤᠷᠪᠠ᠂ ᠬᠢᠷᠢ ᠬᠡᠮ ᠤᠨ ᠱᠠᠭᠠᠷᠳᠠᠯᠭ᠎ᠠ  1. ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ;  2. ᠬᠤᠳᠠᠯᠳᠤᠭᠠᠨ ᠤ ᠰᠠᠶᠢᠨ ᠢᠲᠡᠭᠡᠮᠵᠢ ᠲᠠᠢ ᠪᠥᠭᠡᠳ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠪᠦᠷᠢᠨ ᠲᠡᠭᠦᠯᠳᠡᠷ ᠳᠦᠷᠢᠮ ᠲᠠᠢ ᠪᠠᠶᠢᠬᠤ︔  3. ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠨᠥᠬᠦᠴᠡᠯ ᠪᠠ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔  4. ᠬᠠᠤᠯᠢ ᠶᠣᠰᠣᠭᠠᠷ ᠭᠠᠶᠢᠯᠢ ᠲᠤᠰᠢᠶᠠᠭᠰᠠᠨ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠰᠠᠶᠢᠨ ᠲᠡᠮᠳᠡᠭᠯᠡᠯ ᠲᠠᠢ ᠪᠠᠶᠢᠬᠤ︔  5. ᠡᠵᠡᠩᠨᠡᠯᠲᠡ ᠶᠢᠨ ᠠᠵᠢᠯᠯᠠᠭ᠎ᠠ ᠳᠤᠮᠳᠠ ᠪᠠᠨ ᠬᠦᠨᠳᠦ ᠨᠣᠴᠢᠲᠠᠢ  ᠪᠠᠷ ᠬᠠᠤᠯᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠪᠠᠶᠢᠬᠤ︔  6. ᠲᠣᠮᠢᠯᠠᠬᠤ ᠪᠠᠷ ᠪᠠᠶᠢᠭ᠎ᠠ ᠲᠦᠷᠦᠯ ᠵᠦᠢᠯ ᠤᠨ ᠬᠠᠷᠢᠭᠤᠴᠠᠯᠭᠠᠲᠠᠨ ᠨᠢ ᠬᠤᠯᠪᠣᠭᠳᠠᠯ ᠪᠦᠬᠦᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠶᠢᠬᠤ᠃  ᠲᠥᠰᠥᠪ ᠤᠨ ᠵᠣᠭᠤᠰᠤᠨ ᠤ ᠲᠤᠭ᠎ᠠ  10 ᠲᠦᠮᠡᠨ ᠲᠥᠭᠦᠷᠢᠭ  ᠬᠤᠶᠠᠷ᠂ ᠵᠥᠪᠳᠡᠯᠴᠡᠬᠦ ᠵᠠᠷᠴᠢᠮ  ᠥᠷᠢᠰᠦᠯᠳᠦᠭᠡᠨ ᠤ ᠴᠢᠨᠠᠷᠲᠠᠢ ᠪᠠᠷ ᠵᠥᠪᠳᠡᠯᠴᠡᠬᠦ ᠳᠤ ᠡᠷᠬᠡ ᠲᠡᠭᠰᠢ᠂ ᠲᠥᠪ ᠭᠤᠣᠯᠴᠢ᠂ ᠰᠢᠨᠵᠢᠯᠡᠬᠦ ᠤᠬᠠᠭᠠᠨᠴᠢ ᠪᠠ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠨ᠎ᠠ᠃ ᠨᠡᠷ᠎ᠡ ᠮᠡᠳᠡᠭᠦᠯᠬᠦ ᠦᠶ᠎ᠡ ᠳᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠳ ᠢ ᠣᠯᠵᠤ ᠮᠡᠳᠡᠮᠡᠭᠴᠡ ᠬᠢᠷᠢ ᠬᠡᠮ ᠢ ᠨᠢ ᠬᠠᠰᠤᠬᠤ ᠪᠥᠭᠡᠳ ᠮᠠᠨ ᠤ  ᠠᠯᠪᠠᠨ ᠭᠡᠷ ᠤᠨ ᠪᠤᠰᠤᠳ ᠶᠠᠮᠠᠷᠪᠠ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ  ᠪᠤᠯᠭᠠᠨ᠎ᠠ᠃ ᠠᠵᠤ ᠠᠬᠤᠶᠢᠯᠠᠯ ᠤᠨ  ᠲᠦᠷᠢᠮ ᠲᠣᠭᠲᠠᠭᠠᠯ   ᠠᠴᠠ ᠵᠥᠷᠢᠴᠡᠭᠰᠡᠨ ᠪᠠᠶᠢᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠰᠢᠢᠳᠪᠦᠷᠢᠯᠡᠭᠦᠯᠦᠨ᠎ᠡ᠃  ᠭᠤᠷᠪᠠ᠂ ᠵᠥᠪᠳᠡᠯᠴᠡᠬᠦ ᠠᠷᠭ᠎ᠠ  ᠮᠠᠨ ᠤ  ᠨᠢᠭᠡᠴᠢ ᠬᠤᠳᠠᠯᠳᠤᠨ ᠠᠪᠬᠤ ᠳᠤᠭᠤᠶᠢᠯᠠᠩ ᠪᠠᠶᠢᠭᠤᠯᠵᠤ ᠲᠣᠰ ᠤᠳᠠᠭᠠᠨ ᠤ ᠬᠤᠳᠠᠯᠳᠤᠨ ᠠᠪᠬᠤ ᠠᠵᠢᠯ ᠢ ᠬᠠᠷᠢᠭᠤᠴᠠᠭᠤᠯᠬᠤ  ᠪᠦᠭᠡᠳ᠂ ᠬᠠᠩᠭᠠᠯᠭ᠎ᠠ ᠶᠢᠨ ᠬᠤᠳᠠᠯᠳᠤᠭᠠᠴᠢᠨ ᠤ ᠵᠥᠪᠳᠡᠯᠴᠡᠬᠦ ︵ᠠᠶᠠᠳᠠᠬᠤ︶ ᠪᠢᠴᠢᠭ ᠮᠠᠲ᠋ᠧᠷᠢᠶᠠᠯ ᠢ ᠮᠠᠨ ᠤ  ᠠᠯᠪᠠᠨ ᠭᠡᠷ ᠤᠨ ᠥᠷᠢᠰᠦᠯᠳᠦᠭᠡᠨ ᠤ ᠴᠢᠨᠠᠷᠲᠠᠢ ᠵᠥᠪᠳᠡᠯᠴᠡᠨ ᠦᠨᠡᠯᠡᠬᠦ ᠨᠠᠷᠢᠨ ᠳᠦᠷᠢᠮ ᠤᠨ ᠶᠣᠰᠣᠭᠠᠷ ᠶᠡᠷᠦᠩᠬᠡᠶᠢᠯᠡᠨ ᠦᠨᠡᠯᠡᠨ ᠲᠣᠭᠲᠠᠭᠠᠵᠤ᠂ ᠬᠠᠮᠤᠭ  ᠤᠨ ᠡᠴᠦᠰ ᠲᠤ ᠨᠢᠭᠡ ᠬᠠᠩᠭᠠᠯᠭ᠎ᠠ ᠶᠢᠨ ᠬᠤᠳᠠᠯᠳᠤᠭᠠᠴᠢᠨ ᠢ ᠰᠣᠩᠭᠤᠨ ᠲᠣᠭᠲᠠᠭᠠᠨ᠎ᠠ᠃  ᠳᠥᠷᠪᠡ᠂ ᠵᠥᠪᠳᠡᠯᠴᠡᠬᠦ ︵ᠠᠶᠠᠳᠠᠬᠤ︶ ᠪᠢᠴᠢᠭ ᠮᠠᠲ᠋ᠧᠷᠢᠶᠠᠯ ᠢᠶᠠᠨ ᠲᠤᠰᠢᠶᠠᠬᠤ ᠡᠴᠦᠰ ᠤᠨ ᠴᠠᠭ  2023 ᠣᠨ ᠤ 5 ᠳ᠋ᠤᠭᠠᠷ ᠰᠠᠷ᠎ᠠ ᠶᠢᠨ 4 ᠤ ᠡᠳᠦᠷ ᠠᠴᠠ 2023 ᠣᠨ ᠤ 5 ᠳ᠋ᠤᠭᠠᠷ ᠰᠠᠷ᠎ᠠ ᠶᠢᠨ 9 ᠤ ᠡᠳᠦᠷ ᠪᠣᠯᠲᠠᠯ᠎ᠠ᠂  ᠠᠵᠢᠯᠯᠠᠬᠤ ᠡᠳᠦᠷ ᠪᠦᠷᠢ ᠶᠢᠨ ᠦᠳᠡ ᠶᠢᠨ ᠡᠮᠦᠨᠡᠬᠢ 9᠄ 30 ︱ 11᠄ 30 ᠴᠠᠭ᠂ ᠦᠳᠡ ᠶᠢᠨ ᠬᠤᠶᠢᠨᠠᠬᠢ 2᠄ 30 ︱ 4᠄ 30 ᠴᠠᠭ  ᠲᠤ ᠮᠠᠨ ᠤ ᠨᠢᠭᠡᠴᠢ ᠶᠢᠨ 428 ᠳ᠋ᠤᠭᠠᠷ ᠠᠯᠪᠠᠨ ᠭᠡᠷ ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠪᠠ ᠵᠥᠪᠳᠡᠯᠴᠡᠬᠦ ︵ᠠᠶᠠᠳᠠᠬᠤ︶ ᠪᠢᠴᠢᠭ ᠮᠠᠲ᠋ᠧᠷᠢᠶᠠᠯ ᠢᠶᠠᠨ ᠲᠤᠰᠢᠶᠠᠨ᠎ᠠ᠃ ᠵᠥᠪᠬᠡᠨ ᠬᠠᠮᠢᠶ᠎ᠠ ᠪᠦᠬᠦᠢ ᠬᠢᠷᠢ ᠬᠡᠮ ᠲᠠᠢ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠶᠢ ᠭᠥᠯᠢᠶᠡᠨ ᠠᠪᠬᠤ ᠠᠴᠠ ᠪᠢᠰᠢ᠂ ᠬᠤᠪᠢ ᠬᠥᠮᠥᠨ ᠤ ᠨᠡᠷ᠎ᠡ ᠮᠡᠳᠡᠭᠦᠯᠬᠦ ᠶᠢ ᠭᠥᠯᠢᠶᠡᠨ ᠠᠪᠬᠤ ᠦᠭᠡᠢ᠃  ᠵᠥᠪᠳᠡᠯᠴᠡᠬᠦ ︵ᠠᠶᠠᠳᠠᠬᠤ︶ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠄ 2023 ᠣᠨ ᠤ 5 ᠳ᠋ᠤᠭᠠᠷ ᠰᠠᠷ᠎ᠠ ᠶᠢᠨ 9 ᠤ ᠡᠳᠦᠷ ᠤᠨ 17᠄ 00 ᠴᠠᠭ  ᠲᠠᠪᠤ᠂ ᠨᠡᠷ᠎ᠡ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄  1. ᠨᠡᠷ᠎ᠡ ᠮᠡᠳᠡᠭᠦᠯᠦᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ︔  2. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠵᠤ᠂ ᠠᠵᠤ ᠠᠬᠤᠶᠢᠯᠠᠯ ᠤᠨ ᠲᠠᠮᠠᠭ᠎ᠠ ᠳᠠᠷᠤᠭᠰᠠᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾︔  3. ᠤᠯᠤᠰ ᠤᠨ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠤᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠪᠥᠭᠡᠳ ᠬᠦᠴᠦᠨ ᠲᠠᠢ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ︔  4. ᠲᠦᠷᠦᠯ ᠵᠦᠢᠯ ᠤᠨ ᠠᠭᠤᠯᠭ᠎ᠠ ᠵᠢᠴᠢ ᠱᠠᠭᠠᠷᠳᠠᠯᠭ᠎ᠠ ᠶᠢ ᠦᠨᠳᠦᠰᠦᠯᠡᠵᠤ ᠨᠠᠶᠢᠷᠠᠭᠤᠯᠤᠨ  ᠪᠢᠴᠢᠭᠰᠡᠨ ᠵᠥᠪᠳᠡᠯᠴᠡᠬᠦ ︵ᠠᠶᠠᠳᠠᠬᠤ︶ ᠪᠢᠴᠢᠭ ᠮᠠᠲ᠋ᠧᠷᠢᠶᠠᠯ᠃  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢᠬᠤᠳᠠᠯᠳᠤᠨ ᠠᠪᠬᠤ  ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ  ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠤᠮᠧᠷ5 ᠳ᠋ᠤᠭᠠᠷ ᠠᠰᠠᠷ ᠤᠨ 4 ᠳ᠋ᠦ᠋ᠭᠡᠷ ᠳᠠᠪᠬᠤᠷᠭ᠎ᠠ      ᠬᠠᠷᠢᠯᠴᠠᠬᠤ ᠬᠥᠮᠥᠨ᠄  ᠢᠦᠢ ᠱᠢ 13604717002                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ                                 2023ᠤᠨ ᠤ 4 ᠳ᠋ᠦ᠋ᠭᠡᠷ ᠰᠠᠷ᠎ᠠ ᠶᠢᠨ26 ᠤ ᠡᠳᠤᠷ  
 
ᠢᠷᠡᠯᠲᠡ᠄ ᠪᠣᠭᠤᠮᠲᠠ ᠶᠢᠨ ᠠᠯᠪᠠᠨ ᠭᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号