ᠤᠨᠢᠨ ᠳᠡᠭᠡᠷ᠎ᠡ ᠨᠢ ᠬᠦᠴᠦᠯᠡᠵᠦ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠬᠥᠬᠡᠬᠤᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠪᠣᠳᠠᠲᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2023/5/16
  5ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠥᠬᠡᠬᠤᠲᠠ ᠳᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠵᠧᠵᠢᠶᠠᠩ ᠤᠨ ᠷᠦᠩ ᠱᠧᠩ ᠬᠤᠪᠢ ᠡᠵᠡᠮᠳᠡᠭᠰᠡᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠱᠦᠶ ᠷᠦᠩ ᠨᠠᠷ ᠲᠠᠢ ᠲᠣᠰ ᠲᠣᠰ ᠠᠭᠤᠯᠵᠠᠨ ᠶᠠᠷᠢᠯᠴᠠᠪᠠ᠃  ᠵᠧᠵᠢᠶᠠᠩ ᠤᠨ ᠷᠦᠩ ᠱᠧᠩ ᠬᠤᠪᠢ ᠡᠵᠡᠮᠳᠡᠭᠰᠡᠨ ᠪᠦᠯᠦᠭᠯᠡᠯ 1989 ᠣᠨ ᠳᠤ ᠪᠠᠶᠢᠭᠤᠯᠤᠭᠳᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠᠶᠢᠵᠤ᠂ ᠣᠳᠣᠬᠠᠨ ᠳᠤ ᠨᠢᠭᠡᠨᠲᠡ ᠴᠢᠯᠠᠭᠤᠨ ᠲᠣᠰᠣ᠂ ᠬᠢᠮᠢ ᠶᠢᠨ ᠰᠢᠷᠬᠡᠭ᠂ ᠬᠡᠷ ᠪᠠᠶᠢᠰᠢᠩ ᠭᠠᠵᠠᠷ ᠬᠥᠷᠥᠩᠭᠡ᠂ ᠪᠠᠷᠠᠭᠠᠨ ᠤ ᠭᠦᠢᠯᠭᠡᠭᠡ᠂ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠵᠡᠷᠭᠡ ᠠᠵᠤ ᠦᠢᠯᠡᠰ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠪᠦᠯᠦᠭᠯᠡᠯ ᠪᠣᠯᠵᠣ ᠬᠥᠭᠵᠢᠭᠰᠡᠨ ᠪᠠᠶᠢᠨ᠎ᠠ᠃ ᠪᠦᠯᠦᠭᠯᠡᠯ ᠨᠢ ᠳᠡᠯᠡᠬᠡᠶ ᠶᠢᠨ 500 ᠬᠦᠴᠦᠷᠬᠡᠭ ᠤᠨ 255 ᠳ᠋ᠤᠭᠠᠷ ᠲᠤ ᠵᠢᠭᠰᠠᠭᠠᠭᠳᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ ᠤᠨ 76 ᠳ᠋ᠤᠭᠠᠷ ᠲᠤ ᠵᠢᠭᠰᠠᠭᠠᠭᠳᠠᠵᠤ᠂ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ 13 ᠳ᠋ᠤᠭᠠᠷ ᠲᠤ ᠵᠢᠭᠰᠠᠭᠠᠭᠳᠠᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ 2 ᠳ᠋ᠤᠭᠠᠷ ᠲᠤ ᠵᠢᠭᠰᠠᠭᠠᠭᠳᠠᠪᠠ᠃  5 ᠳ᠋ᠤᠭᠠᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠵᠧᠵᠢᠶᠠᠩ ᠤᠨ ᠷᠦᠩ ᠱᠧᠩ ᠬᠤᠪᠢ ᠡᠵᠡᠮᠳᠡᠭᠰᠡᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠱᠦᠶ ᠷᠦᠩ ᠨᠠᠷ ᠲᠤ ᠪᠠᠷ᠎ᠠ ᠪᠣᠯᠵᠣ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠤᠬᠠᠶ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃  ᠯᠢ ᠱᠦᠢ ᠷᠦᠩ ᠨᠠᠷ ᠤᠷᠢᠳ ᠬᠤᠵᠢᠳ ᠲᠣᠭᠲᠠᠬᠤ ᠠᠵᠤ ᠦᠢᠯᠡᠰ ᠤᠨ ᠬᠦᠷᠢᠶᠡᠯᠡᠩ᠂ ᠵᠢᠦ ᠲᠠᠢ ᠪᠦᠯᠦᠭᠯᠡᠯ ᠤᠨ 100 ᠲᠦᠮᠡᠨ ᠲᠣᠨ ᠤ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠬᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠶᠠᠷ ᠲᠠᠯ᠎ᠠ ᠪᠠᠷ ᠢᠶᠠᠨ ᠵᠧᠵᠢᠶᠠᠩ ᠤᠨ ᠷᠦᠩ ᠱᠧᠩ ᠬᠤᠪᠢ ᠡᠵᠡᠮᠳᠡᠭᠰᠡᠨ ᠪᠦᠯᠦᠭᠯᠡᠯ ᠤᠨ ᠬᠥᠬᠡᠬᠤᠲᠠ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠲᠤᠬᠠᠢ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠪᠠ᠃  5 ᠳ᠋ᠤᠭᠠᠷ ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠳᠤᠭᠤᠶᠢᠯᠠᠩ ᠳᠠᠭᠠᠭᠤᠯᠤᠨ ᠾᠧᠹᠧᠢ ᠳᠤ ᠬᠦᠷᠴᠦ ᠱᠤᠸᠠᠩ ᠵᠢᠶᠧ ᠴᠠᠬᠢᠯᠭᠠᠨ ᠤ ᠾᠧᠹᠧᠢ ᠬᠢᠵᠠᠭᠠᠷᠲᠤ ᠺᠣᠮᠫᠠᠨᠢ ᠪᠠᠷ ᠲᠣᠭᠤᠷᠢᠨ ᠦᠵᠡᠵᠦ᠂ ᠵᠢᠨᠢᠩ ᠳᠤ ᠬᠦᠷᠴᠦ ᠱᠠᠨᠳᠦ᠋ᠩ ᠤᠨ ᠭᠤᠤ ᠳ᠋ᠧᠩ ᠰᠠᠶ ᠡᠨᠧᠷᠭᠢ ᠶᠢᠨ ᠪᠦᠯᠦᠭᠯᠡᠯ᠂ ᠱᠠᠨᠳᠦ᠋ᠩ ᠤᠨ ᠴᠤᠸᠠᠩ ᠰᠢᠶᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷ ᠲᠣᠭᠤᠷᠢᠨ ᠦᠵᠡᠵᠦ᠂ ᠰᠢᠨ᠎ᠡ ᠡᠨᠧᠷᠭᠢ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠬᠦ ᠬᠦᠷᠢᠶᠡᠨ ᠳᠠᠬᠢ ᠬᠠᠮᠲᠤᠷᠠᠯᠴᠠᠭ᠎ᠠ᠂ ᠪᠠᠯ ᠴᠢᠯᠠᠭᠤᠨ ᠠᠯᠺᠧᠨ ᠤ ᠲᠥᠷᠥᠯ ᠵᠦᠢᠯ ᠢ ᠨᠡᠭᠡᠭᠡᠨ ᠬᠥᠭᠵᠢᠭᠦᠯᠬᠦ ᠵᠡᠷᠭᠡ ᠤᠴᠢᠷ ᠶᠠᠪᠤᠳᠠᠯ ᠢ ᠵᠣᠯᠭᠠᠭᠤᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠥᠬᠡᠬᠤᠲᠠ ᠶᠢᠨ ᠳᠡᠳ᠋ ᠳᠠᠷᠤᠭ᠎ᠠ ᠯᠢ ᠰᠢᠶᠤᠤ ᠶᠠᠨ᠂ ᠨᠡᠭᠡᠭᠡᠯᠲᠡᠲᠦ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠤᠷᠪᠤᠯᠵᠢᠯᠠᠪᠠ ᠃ 
 
ᠢᠷᠡᠯᠲᠡ᠄ ᠪᠠᠯᠠ ᠣᠷᠣᠭᠤᠯᠤᠯᠲᠠ ᠬᠠᠮᠲᠤᠷᠠᠯᠴᠠᠭ᠎ᠠ ᠵᠣᠬᠢᠴᠠᠭᠤᠯᠬᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号