5 ᠳ᠋ᠤᠭᠠᠷ ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠲᠠᠪᠤᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠪᠠᠷᠠᠭᠤᠨ ᠣᠷᠣᠨ ᠤ ᠣᠯᠠᠨ ᠤᠯᠤᠰ ᠤᠨ ᠪᠠᠯᠠ ᠣᠷᠣᠭᠤᠯᠤᠯᠲᠠ ᠠᠷᠠᠯᠵᠢᠶᠠᠨ ᠤ ᠵᠦᠪᠳᠡᠨ | ᠬᠡᠯᠡᠯᠴᠡᠬᠦ ᠬᠤᠷᠠᠯ ︵ᠳᠣᠷᠣᠭᠰᠢ ᠲᠠᠪᠤᠳᠤᠭᠠᠷ ᠬᠤᠭᠤᠴᠠᠭᠠᠨ ᠤ ᠪᠠᠷᠠᠭᠤᠨ ᠣᠷᠣᠨ ᠤ ᠵᠦᠪᠳᠡᠨ ᠬᠡᠯᠡᠯᠴᠡᠬᠦ ᠬᠤᠷᠠᠯ | ᠭᠡᠵᠦ ᠲᠣᠪᠴᠢᠯᠠᠨ᠎ᠠ︶ ᠴᠦᠩᠴᠢᠩ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠳᠡᠳ᠋ ᠱᠦᠵᠢ᠂ ᠳᠡᠳ᠋ ᠲᠡᠷᠢᠭᠦᠯᠡᠭᠴᠢ ᠯᠦᠸᠧ ᡁᠢ ᠬᠤ᠋ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠠᠷᠠᠯᠵᠢᠶᠠᠨ ᠤ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠯᠵᠢᠶ᠎ᠠ ᠶᠢ | ᠠᠬᠢᠭᠤᠯᠬᠤ ᠵᠥᠪᠯᠡᠯ ᠪᠣᠯᠤᠨ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ᠂ | ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ 29 ᠲᠥᠯᠥᠭᠡᠯᠡᠬᠦ ᠠᠵᠤ | ᠠᠬᠤᠶᠢᠯᠠᠯ ᠤᠨ 200 ᠭᠠᠷᠤᠶ ᠬᠥᠮᠦᠨ ᠬᠤᠷᠠᠯ ᠳᠤ ᠣᠷᠣᠯᠴᠠᠵᠠᠶ᠃ | | | | | | ᠯᠦᠸᠧ ᡁᠢ ᠬᠤ᠋ ᠲᠠᠪᠤᠳᠤᠭᠠᠷ ᠬᠤᠭᠤᠴᠠᠭᠠᠨ ᠤ ᠪᠠᠷᠠᠭᠤᠨ ᠣᠷᠣᠨ ᠤ ᠵᠦᠪᠳᠡᠨ ᠬᠡᠯᠡᠯᠴᠡᠬᠦ ᠬᠤᠷᠠᠯ ᠤᠨ | ᠡᠬᠢᠯᠡᠯᠲᠡ ᠶᠢᠨ ᠶᠣᠰᠣᠯᠠᠯ ᠵᠢᠴᠢ 2023 ᠣᠨ ᠤ ᠡᠬᠡ ᠬᠠᠭᠤᠷᠠᠢ ᠪᠠ ᠳᠠᠯᠠᠢ ᠲᠠᠩᠭᠢᠰ ᠤᠨ ᠰᠢᠨ᠎ᠡ ᠵᠠᠮ ᠤᠨ ᠤᠯᠠᠨ | ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠳᠡᠭᠡᠳᠦ ᠳᠠᠪᠬᠤᠷᠭ᠎ᠠ ᠶᠢᠨ ᠬᠠᠮᠲᠤ ᠶᠢᠨ ᠠᠭᠤᠯᠵᠠᠯᠲᠠ | ᠵᠡᠷᠭᠡ ᠴᠢᠬᠤᠯᠠ ᠠᠵᠢᠯᠯᠠᠭ᠎ᠠ ᠳᠤ ᠣᠷᠣᠯᠴᠠᠭᠰᠠᠨ ᠪᠥᠭᠡᠳ ᠮᠤᠵᠢ ᠣᠷᠣᠨ ᠬᠤᠳᠠ ᠶᠢᠨ ᠬᠠᠮᠲᠤᠷᠠᠯᠴᠠᠭᠠᠨ ᠤ | ᠣᠷᠳᠣᠨ ᠤ ᠥᠪᠥᠷ ᠮᠣᠩᠭᠤᠯ ᠤᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠤ ᠦᠵᠡᠭᠦᠯᠭᠡ ᠶᠢᠨ ᠲᠣᠭᠤᠷᠢᠭ | ᠪᠣᠯᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠵᠡᠭᠦᠯᠭᠡ ᠶᠢᠨ ᠲᠣᠭᠤᠷᠢᠭ ᠤᠨ ᠥᠪᠥᠷ | ᠮᠣᠩᠭᠤᠯ ᠤᠨ ᠣᠷᠳᠣᠨ ᠳᠤ ᠬᠦᠷᠴᠦ ᠲᠣᠭᠤᠷᠢᠨ ᠦᠵᠡᠵᠦ ᠵᠢᠭᠠᠨ ᠵᠢᠯᠣᠭᠤᠳᠪᠠ᠃ | | | | | | ᠥᠪᠥᠷ ᠮᠣᠩᠭᠤᠯ ᠤᠨ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠤ ᠦᠵᠡᠭᠦᠯᠭᠡ ᠶᠢᠨ ᠲᠣᠭᠤᠷᠢᠭ ᠲᠤ | ᠥᠪᠡᠷᠲᠡᠭᠡᠨ ᠵᠠᠰᠠᠬᠤ ᠣᠷᠣᠨ ᠤ 8 ᠲᠣᠮᠣ ᠠᠵᠤ ᠦᠢᠯᠡᠰ ᠤᠨ ᠪᠦᠯᠦᠭᠯᠡᠯ᠂ 16 ᠭᠤᠤᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠵᠢᠴᠢ ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ ᠪᠣᠯᠤᠨ ᠡᠯ᠎ᠡ ᠤᠯᠤᠰ ᠤᠨ | ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢ | ᠭᠤᠤᠯᠳᠠᠯᠭ᠎ᠠ ᠲᠠᠢ ᠤᠬᠠᠭᠤᠯᠵᠤ᠂ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠲᠣᠰᠣ ᠲᠠᠲᠠᠬᠤ ᠡᠰᠢ᠂ ᠬᠥᠩᠭᠡᠨ | ᠴᠠᠭᠠᠨ ᠤ ᠰᠢᠷᠢᠰ ᠦᠢᠯᠡᠳᠭᠦᠨ᠂ ᠢᠳᠡᠪᠬᠢᠵᠢᠭᠦᠯᠦᠭᠰᠡᠨ ᠨᠡᠭᠦᠷᠡᠰᠦ ᠵᠡᠷᠭᠡ ᠠᠵᠤ ᠦᠢᠯᠡᠳᠪᠦᠷᠢ ᠶᠢᠨ ᠦᠢᠯᠡᠳᠭᠦᠨ | ᠪᠣᠯᠤᠨ ᠢᠮᠠᠭᠠᠨ ᠨᠣᠯᠤᠤᠷ ᠤᠨ ᠦᠢᠯᠡᠳᠭᠦᠨ᠂ ᠦᠨᠳᠦᠰᠦᠲᠡᠨ ᠤ ᠰᠣᠶᠣᠯ ᠤᠨ ᠡᠭᠦᠳᠦᠯᠲᠡ ᠶᠢᠨ ᠦᠢᠯᠡᠳᠭᠦᠨ᠂ | ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠡᠶ᠃ ᠢᠮᠠᠭᠠᠨ | ᠨᠣᠯᠤᠤᠷ ᠤᠨ ᠪᠦᠲᠦᠭᠡᠭᠳᠡᠬᠦᠨ ᠦᠵᠡᠭᠴᠢᠳ ᠤᠨ ᠪᠠᠭ᠋ᠠᠷᠬᠠᠯ ᠢ ᠲᠠᠲᠠᠵᠤ᠂ ᠰᠠᠨ ᠫᠠᠩ ᠳ᠋ᠠᠨ ᠨᠡᠷᠡᠨ ᠬᠤᠸᠠᠷ ᠤᠨ | ᠦᠷ᠎ᠡ ᠪᠠ ᠦᠨᠢᠶᠡᠨ ᠰᠦ᠋ ᠵᠢᠶᠠᠩᠶ᠋ᠢᠦ ᠵᠡᠷᠭᠡ ᠨᠢ ᠦᠵᠡᠭᠦᠯᠭᠡ ᠶᠢᠨ ᠣᠷᠳᠣᠨ ᠤ ᠨᠠᠷᠠᠲᠤ ᠦᠢᠯᠡᠳᠭᠦᠨ ᠪᠣᠯᠪᠠ᠃ | ᠲᠥᠪᠯᠡᠷᠡᠭᠦᠯᠦᠨ ᠳᠡᠯᠭᠡᠨ ᠦᠵᠡᠭᠦᠯᠬᠦ ᠪᠠᠷ ᠳᠡᠮᠵᠢᠨ᠂ ᠦᠵᠡᠰᠬᠦᠯᠡᠩ ᠳᠤ ᠣᠷᠣᠯᠴᠠᠭᠰᠠᠨ 29 ᠠᠵᠤ ᠠᠬᠤᠶᠢᠯᠠᠯ | ᠬᠠᠮᠲᠤᠷᠠᠨ ᠠᠵᠢᠯᠯᠠᠬᠤ 253 ᠬᠡᠷᠡᠭᠯᠡᠭᠴᠢ ᠲᠠᠢ ᠶᠠᠷᠢᠯᠴᠠᠵᠤ᠂ ᠬᠠᠮᠲᠤᠷᠠᠨ ᠠᠵᠢᠯᠯᠠᠬᠤ ᠰᠠᠨᠠᠮᠵᠢ ᠲᠣᠭᠲᠠᠭᠰᠠᠨ | ᠵᠠᠬᠢᠶᠠᠯᠠᠭ᠎ᠠ ᠶᠢᠨ ᠵᠣᠭᠤᠰ ᠤᠨ ᠲᠤᠭ᠎ᠠ ᠨᠡᠶᠢᠲᠡ 289 ᠲᠦᠮᠡᠨ ᠲᠥᠭᠦᠷᠢᠭ᠂ ᠲᠤᠬᠠᠶ ᠶᠢᠨ ᠲᠠᠯᠠᠪᠠᠶ ᠶᠢᠨ | ᠪᠣᠷᠣᠯᠠᠭᠤᠯᠭ᠎ᠠ ᠨᠡᠶᠢᠲᠡ 16.3 ᠲᠦᠮᠡᠨ ᠲᠥᠭᠦᠷᠢᠭ ᠲᠤ ᠬᠦᠷᠴᠡᠶ᠃ | 5 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠳᠠᠯᠳᠤᠭᠠᠨ ᠤ ᠶᠠᠪᠤᠳᠠᠯ ᠤᠨ | ᠶᠠᠮᠤᠨ ᠤ ︽ᠳᠤᠮᠳᠠᠳᠤ ᠤᠯᠤᠰ ᠲᠤ ᠪᠠᠯᠠ ᠣᠷᠣᠭᠤᠯᠬᠤ ᠣᠨ︾ ᠤ ᠰᠢᠷᠢᠰ ᠠᠵᠢᠯᠯᠠᠭ᠎ᠠ ᠶᠢᠨ ᠪᠠᠷᠠᠭᠤᠨ ᠬᠡᠰᠡᠭ ᠤᠨ | ᠭᠠᠵᠠᠷ ᠣᠷᠣᠨ ᠤ ᠲᠤᠰᠬᠠᠶ ᠲᠠᠨᠢᠯᠴᠠᠭᠤᠯᠬᠤ ᠬᠤᠷᠠᠯ ᠴᠦᠩᠴᠢᠩ ᠤᠨ ᠶᠤᠸᠠᠢ ᠯᠠᠶ ᠣᠯᠠᠨ ᠤᠯᠤᠰ ᠤᠨ ᠬᠤᠷᠠᠯ ᠤᠨ | ᠲᠥᠪ ᠲᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ 6 ᠭᠤᠤᠯᠳᠠᠯᠭ᠎ᠠ ᠲᠠᠢ ᠭᠠᠳᠠᠭᠠᠳᠤ ᠪᠠᠯᠠ ᠶᠢᠨ ᠲᠥᠷᠥᠯ | ᠵᠦᠢᠯ ᠨᠢ ᠲᠥᠷᠥᠯ ᠵᠦᠢᠯ ᠤᠨ ᠲᠣᠭᠯᠠᠯᠲᠠ ᠶᠢᠨ ᠰᠤᠷᠢᠯᠲᠠ ᠳᠤ ᠣᠷᠣᠯᠴᠠᠵᠤ᠂ ᠬᠤᠷᠠᠯ ᠳᠤ ᠣᠷᠣᠯᠴᠠᠭᠰᠠᠨ | ᠤᠯᠤᠰ ᠠᠯᠤᠰᠯᠠᠭᠰᠠᠨ ᠺᠣᠮᠫᠠᠨᠢ᠂ ᠭᠠᠳᠠᠭᠠᠳᠤ ᠪᠠᠯᠠ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠵᠡᠷᠭᠡ ᠲᠥᠷᠥᠯ | ᠵᠦᠢᠯ ᠤᠨ ᠦᠨᠳᠦᠰᠦᠨ ᠪᠠᠶᠢᠳᠠᠯ ᠪᠠ ᠪᠠᠯᠠ ᠣᠷᠣᠭᠤᠯᠤᠯᠲᠠ ᠶᠢᠨ ᠳᠠᠪᠠᠭᠤᠯᠢᠭ ᠢ ᠲᠠᠨᠢᠯᠴᠠᠭᠤᠯᠪᠠ᠃ | | | | | | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠭᠠᠳᠠᠭᠠᠳᠤ ᠶᠢᠨ ᠪᠠᠯᠠ ᠣᠷᠣᠭᠤᠯᠤᠭᠴᠢ ᠠᠮᠧᠷᠢᠺᠠ ᠶᠢᠨ | ᠠᠭᠠᠷ ᠤᠨ ᠦᠢᠯᠡᠳᠭᠦᠨ ᠤ ᠺᠣᠮᠫᠠᠨᠢ ᠶᠢᠨ ᠤᠷᠢᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠦᠸᠧ ᠵᠧᠤ ᠮᠢᠩ ᠪᠠᠷᠠᠭᠤᠨ | ᠤᠷᠤᠨ ᠤ ᠵᠦᠪᠳᠡᠨ ᠬᠡᠯᠡᠯᠴᠡᠬᠦ ᠬᠤᠷᠠᠯ ᠤᠨ ᠠᠭᠠᠷ ᠤᠨ ᠦᠢᠯᠡᠳᠭᠦᠨ ᠤ ᠺᠣᠮᠫᠠᠨᠢ ᠶᠢᠨ ᠦᠵᠡᠭᠦᠯᠭᠡ ᠶᠢᠨ | ᠪᠠᠶᠢᠷᠢᠨ ᠳᠤ ᠬᠦᠷᠴᠦ᠂ ᠠᠭᠠᠷ ᠤᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠭᠦᠨ ︵ᠳᠤᠮᠳᠠᠳᠤ ᠤᠯᠤᠰ︶ ᠤ | ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠹᠧᠩ ᠶᠠᠨ ᠲᠠᠢ ᠠᠭᠤᠯᠵᠠᠪᠠ᠃ | | | | | | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠪᠡᠯᠡ ᠶᠢᠨ ᠲᠤᠰᠬᠠᠢ ᠠᠩᠬᠢ ᠶᠢᠨ ᠪᠠᠷᠠᠭᠤᠨ ᠣᠷᠣᠨ ᠤ | ᠪᠦᠷᠢᠯᠳᠦᠬᠦᠨ ᠤ ᠹᠢᠯᠢᠮ ᠤᠨ ᠬᠤᠷᠠᠯ ᠵᠡᠷᠭᠡ ᠴᠢᠬᠤᠯᠠ ᠬᠤᠷᠠᠯ᠂ ᠶᠠᠷᠢᠶᠠᠨ ᠤ ᠲᠠᠪᠴᠠᠩ᠂ ᠲᠠᠨᠢᠯᠴᠠᠭᠤᠯᠬᠤ | ᠠᠵᠢᠯᠯᠠᠭ᠎ᠠ ᠪᠠᠷᠠᠭᠤᠨ ᠬᠡᠰᠡᠭ ᠤᠨ ᠭᠠᠵᠠᠷ ᠣᠷᠣᠨ ᠤ ᠵᠥᠪᠳᠡᠨ ᠬᠡᠯᠡᠯᠴᠡᠬᠦ ᠬᠤᠷᠠᠯ ᠤᠨ ᠬᠤᠭᠤᠴᠠᠭᠠᠨ ᠳᠤ ᠵᠡᠷᠭᠡᠪᠡᠷ | ᠬᠤᠷᠠᠯᠳᠤᠪᠠ᠃ | |