ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤ ᠨᠢ ᠰᠢᠯᠭᠠᠨ ᠠᠪᠴᠤ ᠬᠢᠨᠠᠨ ᠲᠣᠭᠲᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/5/25
  ᠮᠠᠨ ᠤ ᠣᠷᠣᠨ ᠤ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠲᠤᠬᠠᠶ ᠶᠢᠨ ᠲᠠᠯᠠᠪᠠᠶ ᠶᠢ ᠰᠢᠯᠭᠠᠨ ᠬᠤᠷᠢᠶᠠᠵᠤ ᠬᠢᠨᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠭᠤᠴᠢᠨ ᠠᠵᠤ ᠠᠬᠤᠶᠢᠯᠠᠯ ᠤᠨ ᠬᠢᠷᠢ ᠬᠡᠮ ᠢ ᠰᠢᠨ᠎ᠡ ᠪᠠᠷ ᠮᠠᠭᠠᠳᠯᠠᠨ ᠲᠣᠭᠲᠠᠭᠠᠬᠤ ᠪᠠ ᠰᠢᠨ᠎ᠡ ᠠᠵᠤ ᠠᠬᠤᠶᠢᠯᠠᠯ ᠵᠥᠪᠰᠢᠶᠡᠷᠡᠯ ᠤᠯᠬᠤ ᠶᠢ ᠲᠦᠷᠭᠡᠬᠡᠨ ᠪᠡᠶᠡᠯᠡᠭᠦᠯᠵᠦ᠂ ᠠᠵᠢᠯ ᠲᠥᠷᠥᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ︽ᠬᠤᠶᠠᠷ ᠰᠢᠯᠢᠳᠡᠭ︾ ᠭᠡᠬᠦ ᠲᠤᠰᠬᠠᠶ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠳᠤ ᠬᠦᠴᠢᠷᠳᠡᠬᠦ ᠠᠰᠠᠭᠤᠳᠠᠯ ᠢ ᠰᠢᠢᠳᠪᠦᠷᠢᠯᠡᠨ᠂ ︽ᠠᠵᠤ ᠠᠬᠤᠶᠢᠯᠠᠯ ᠤᠴᠢᠷ ᠶᠠᠪᠤᠳᠠᠯ ᠪᠦᠲᠦᠭᠡᠬᠦ ᠳᠤ ᠬᠦᠴᠢᠷ ᠦᠭᠡᠢ ᠂ ᠠᠷᠠᠳ ᠢᠷᠭᠡᠳ ᠤᠴᠢᠷ ᠶᠠᠪᠤᠳᠠᠯ ᠪᠦᠲᠦᠭᠡᠬᠦ ᠳᠤ ᠬᠥᠮᠥᠨ ᠢ ᠭᠤᠶᠤᠬᠤ ᠦᠭᠡᠢ︾ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 18 ᠤ ᠡᠳᠦᠷ ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠣᠮᠢᠯᠠᠨ ᠰᠠᠭᠤᠯᠭᠠᠵᠤ ᠣᠷᠣᠨ ᠤ ᠳᠣᠲᠣᠷ᠎ᠠ ᠭᠠᠳᠠᠨᠠᠬᠢ ᠠᠵᠢᠯ ᠲᠥᠷᠥᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠪᠠ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ᠂ ᠡᠳ᠋ ᠤᠨ ᠶᠠᠪᠤᠳᠠᠯ ᠵᠡᠷᠭᠡ ᠬᠠᠮᠢᠶ᠎ᠠ ᠪᠥᠬᠦᠶ ᠬᠦᠷᠢᠶᠡᠨ ᠳᠠᠬᠢ ᠲᠠᠪᠤᠨ ᠲᠤᠰᠬᠠᠶ ᠮᠡᠷᠭᠡᠵᠢᠯᠲᠡᠨ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠰᠢᠯᠢ ᠶᠢᠨ ᠭᠤᠤᠯ ᠠᠶᠢᠮᠠᠭ᠂ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠪᠤᠭᠤᠲᠤ ᠬᠤᠲᠠ ᠵᠡᠷᠭᠡ ᠰᠢᠯᠭᠠᠨ ᠠᠪᠬᠤ ᠨᠥᠬᠦᠴᠡᠯ ᠳᠤ ᠨᠡᠶᠢᠴᠡᠬᠦ 6 ᠠᠵᠤ ᠠᠬᠤᠶᠢᠯᠠᠯ ᠳᠤ ᠬᠦᠷᠴᠦ ᠲᠤᠰᠬᠠᠶ ᠮᠡᠷᠭᠡᠵᠢᠯᠲᠡᠨ ᠤ ᠲᠤᠬᠠᠶ ᠶᠢᠨ ᠭᠠᠵᠠᠷ ᠲᠤ ᠨᠢ ᠰᠢᠯᠭᠠᠨ ᠬᠤᠷᠢᠶᠠᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃        ᠰᠢᠯᠭᠠᠨ ᠠᠪᠴᠤ ᠬᠢᠨᠠᠨ ᠲᠣᠭᠲᠠᠭᠠᠬᠤ ᠳᠤᠭᠤᠶᠢᠯᠠᠩ ᠨᠢ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠠᠵᠢᠯ ᠤᠨ ᠠᠬᠢᠴᠠ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠬᠤ ᠶᠢᠨ ᠬᠠᠮᠲᠤ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠵᠤ ᠬᠢᠨᠠᠨ ᠲᠣᠭᠲᠠᠭᠠᠬᠤ ᠪᠠᠷᠢᠮᠵᠢᠶ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ᠂ ᠪᠡᠯᠡᠳᠬᠡᠮᠵᠢ ᠲᠥᠬᠦᠭᠡᠷᠦᠮᠵᠢ᠂ ᠠᠮᠤᠷ ᠲᠦᠪᠰᠢᠨ ᠤ ᠳᠦᠷᠢᠮ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠳᠤ ᠪᠦᠬᠦ ᠲᠠᠯ᠎ᠠ ᠪᠠᠷ ᠨᠠᠷᠢᠨ ᠨᠢᠮᠪᠠᠶ ᠬᠢᠨᠠᠨ ᠰᠢᠯᠭᠠᠯᠲᠠ ᠬᠢᠬᠦ ᠬᠡᠷᠡᠭᠲᠡᠶ᠃ ᠰᠢᠯᠭᠠᠨ ᠬᠤᠷᠢᠶᠠᠵᠤ ᠬᠢᠨᠠᠨ ᠲᠣᠭᠲᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠢᠨ᠎ᠡ ᠬᠠᠭᠤᠴᠢᠨ ᠠᠵᠤ ᠠᠬᠤᠶᠢᠯᠠᠯ ᠲᠣᠰ ᠲᠣᠰ ᠭᠤᠶᠤᠴᠢᠯᠠᠬᠤ ᠪᠠᠷ ᠵᠥᠪᠰᠢᠶᠡᠷᠡᠯ ᠣᠯᠤᠭᠰᠠᠨ ᠪᠠ ᠬᠢᠷᠢ ᠬᠡᠮ ᠢ ᠳᠠᠬᠢᠨ ᠰᠢᠨ᠎ᠡ ᠪᠠᠷ ᠮᠠᠭᠠᠳᠯᠠᠨ ᠲᠣᠭᠲᠠᠭᠠᠬᠤ ᠪᠠᠷ ᠠᠵᠠ ᠲᠣᠬᠢᠶᠠᠯ ᠪᠣᠯᠭᠠᠵᠤ᠂ ᠠᠷᠢᠭᠤᠨ ᠴᠡᠪᠡᠷ᠂ ᠣᠷᠴᠢᠨ ᠠᠬᠤᠶ ᠶᠢᠨ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠪᠣᠳᠠᠲᠠᠶ ᠶᠢ ᠡᠷᠬᠢᠮᠯᠡᠨ ᠡᠵᠡᠩᠨᠡᠵᠦ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ᠂ ᠨᠠᠩ ᠣᠯᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠲᠥᠷᠥᠯ ᠤᠨ ᠬᠥᠭᠵᠢᠯᠲᠡ ᠳᠤ ᠣᠷᠣᠯᠴᠠᠵᠤ᠂ ᠨᠡᠶᠢᠭᠡᠮ ᠳᠤ ᠨᠠᠩ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠶ᠃ ᠬᠠᠤᠯᠢ ᠲᠣᠭᠲᠠᠭᠠᠯ ᠶᠣᠰᠣᠭᠠᠷ ᠰᠢᠯᠭᠠᠨ ᠠᠪᠬᠤ ᠪᠠ ᠬᠢᠨᠠᠨ ᠲᠣᠭᠲᠠᠭᠠᠬᠤ ᠳᠤᠭᠤᠶᠢᠯᠠᠩ ᠤᠨ ᠬᠢᠨ ᠪᠡᠶ᠎ᠡ ᠶᠢ ᠨᠢ ᠬᠡᠮᠵᠢᠵᠦ ᠬᠤᠪᠴᠠᠰᠤ ᠡᠰᠬᠡᠬᠦ ᠵᠠᠷᠴᠢᠮ ᠶᠣᠰᠣᠭᠠᠷ᠂ ᠠᠵᠤ ᠠᠬᠤᠶᠢᠯᠠᠯ ᠤᠨ ᠪᠣᠳᠠᠲᠤ ᠪᠠᠶᠢᠳᠠᠯ ᠢ ᠦᠨᠳᠦᠰᠦᠯᠡᠨ 6 ᠠᠵᠤ ᠠᠬᠤᠶᠢᠯᠠᠯ ᠳᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠦᠯ ᠢ ᠲᠥᠯᠥᠪᠵᠢᠭᠦᠯᠵᠦ᠂ ᠡᠯ᠎ᠡ ᠠᠵᠤ ᠠᠬᠤᠶᠢᠯᠠᠯ ᠤᠨ ᠬᠢᠨ ᠲᠣᠭᠲᠠᠭᠰᠠᠨ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠪᠡᠶᠡᠯᠡᠭᠦᠯᠦᠭᠰᠡᠨ ᠪᠥᠭᠡᠳ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ︽ᠠᠵᠤ ᠠᠬᠤᠶᠢᠯᠠᠯ ᠢ ᠪᠠᠴᠢᠮᠳᠠᠭᠤᠯᠬᠤ︾ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃        ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠢᠯᠣᠭᠤᠳᠴᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠶ ᠪᠠᠷ ᠰᠢᠢᠳᠪᠦᠷᠢᠯᠡᠨ᠂ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ︽ᠬᠤᠳᠠᠯᠳᠤᠭᠠᠨ ᠤ ᠶᠠᠪᠤᠳᠠᠯ ᠤᠨ ᠠᠷᠠᠳ ᠤᠨ ᠲᠥᠯᠥᠭᠡ︾ ᠪᠠᠶᠢᠬᠤ ᠵᠣᠷᠢᠯᠲᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠪᠤᠯᠤᠨ᠎ᠠ᠃
5.25.jpg
5.25—2.jpg
 
 
ᠢᠷᠡᠯᠲᠡ᠄ ᠪᠦᠲᠦᠭᠡᠨ ᠪᠠᠶᠢᠭᠤᠯᠤᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号