2023 ᠣᠨ ᠤ 1— 4 ᠳ᠋ᠦ᠋ᠭᠡᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2023/5/25
  ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1650.2 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 9.7% ᠪᠠᠷ ᠨᠡᠮᠡᠭᠳᠡᠨ᠂ ᠪᠥᠬᠦ ᠤᠯᠤᠰ ᠠᠴᠠ 1.2 ᠵᠠᠭᠤᠨ ᠤ ᠨᠢᠭᠡᠴᠢ ᠠᠴᠠ ᠥᠨᠳᠥᠷ ᠪᠣᠯᠪᠠ᠃ ᠶᠡᠷᠦᠩᠬᠡᠶ ᠬᠡᠮᠵᠢᠶ᠎ᠡ ᠠᠴᠠ ᠦᠵᠡᠪᠡᠯ᠂ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠨᠢ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠤ᠂ ᠲᠣᠰ ᠲᠣᠰ 361.8 ᠳ᠋ᠦᠩᠰᠢᠭᠤᠷ ᠲᠥᠭᠦᠷᠢᠭ᠂ 325.7 ᠳ᠋ᠦᠩᠰᠢᠭᠤᠷ ᠲᠥᠭᠦᠷᠢᠭ᠂ 208.3 ᠳ᠋ᠦᠩᠰᠢᠭᠤᠷ ᠲᠥᠭᠦᠷᠢᠭ ᠪᠠᠶᠢᠵᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 54.3% ᠶᠢ ᠡᠵᠡᠯᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠥᠬᠡᠬᠤᠲᠠ᠂ ᠤᠯᠠᠭᠠᠨᠴᠠᠪ ᠬᠤᠲᠠ᠂ ᠠᠯᠠᠱᠠ ᠠᠶᠢᠮᠠᠭ ᠨᠢ ᠪᠥᠬᠦ ᠣᠷᠣᠨ ᠤ ᠡᠮᠦᠨ᠎ᠡ ᠭᠤᠷᠪᠠ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ ᠪᠠᠨ ᠲᠣᠰ ᠲᠣᠰ 14.7%᠂ 11.1%᠂ 10.2% ᠢᠶᠠᠷ ᠨᠡᠮᠡᠭᠳᠡᠪᠡ᠃  ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠲᠤᠭ᠎ᠠ 607.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 45.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 39.3 ᠵᠠᠭᠤᠨ ᠤ ᠨᠢᠭᠡᠴᠢ ᠠᠴᠠ ᠥᠨᠳᠥᠷ ᠪᠣᠯᠪᠠ᠃ ᠡᠭᠦᠨ ᠳᠤ᠄ ᠭᠠᠳᠠᠭᠠᠳᠤ ᠭᠠᠷᠭᠠᠯᠲᠠ 233.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 26.6% ᠪᠠᠷ ᠨᠡᠮᠡᠭᠳᠡᠪᠡ᠃ ᠭᠠᠳᠠᠭᠠᠳᠤ ᠣᠷᠣᠭᠤᠯᠤᠯᠲᠠ 373.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 59.6% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠶᠢᠨ ᠲᠠᠯ᠎ᠠ ᠠᠴᠠ ᠦᠵᠡᠪᠡᠯ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠮᠠᠨᠵᠤᠤᠷ ᠬᠤᠲᠠ ᠲᠣᠰ ᠲᠣᠰ 147.7᠂ 96.4 ᠪᠠ 92.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠪᠠᠶᠠᠨᠨᠠᠭᠤᠷ ᠬᠤᠲᠠ᠂ ᠮᠠᠨᠵᠤᠤᠷ ᠬᠤᠲᠠ᠂ ᠪᠤᠭᠤᠲᠤ ᠬᠤᠲᠠ᠂ ᠠᠯᠠᠱᠠ ᠠᠶᠢᠮᠠᠭ ᠪᠥᠬᠦ ᠣᠷᠣᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ ᠨᠡᠮᠡᠷᠢ ᠨᠡᠯᠢᠶᠡᠳ ᠶᠡᠭᠡ ᠪᠠᠶᠢᠵᠤ᠂ ᠲᠣᠰ ᠲᠣᠰ 57.7᠂ 59.3᠂ 27.0 ᠪᠠ 30.0 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ ᠮᠠᠨᠵᠤᠤᠷ ᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠡᠷᠢᠶᠡᠨ ᠬᠤᠲᠠ᠂ ᠬᠢᠩᠭᠠᠨ ᠠᠶᠢᠮᠠᠭ᠂ ᠠᠯᠠᠱᠠ ᠠᠶᠢᠮᠠᠭ᠂ ᠤᠯᠠᠭᠠᠨᠴᠠᠪ ᠬᠤᠲᠠ ᠵᠡᠷᠭᠡ 9 ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠨᠢ 2 ᠣᠷᠤᠨ ᠲᠤᠭ᠎ᠠ ᠠᠴᠠ ᠳᠡᠭᠡᠭᠰᠢ ᠪᠠᠶᠢᠨ᠎ᠠ᠃  ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ 5.2 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 81.7% ︵ᠨᠤᠭᠤᠯᠵᠤ ᠪᠤᠳᠤᠪᠠᠯ 7512 ᠲᠦᠮᠡᠨ ᠳ᠋ᠣᠯᠯᠠᠷ᠂ ᠠᠳᠠᠯᠢ ᠬᠤᠭᠤᠴᠠᠭᠠᠨ ᠤ ᠬᠢ ᠠᠴᠠ ᠪᠠᠨ 83.1% ᠪᠠᠷ ᠪᠠᠭᠤᠷᠠᠪᠠ︶ ᠪᠠᠷ ᠪᠠᠭᠤᠷᠠᠪᠠ᠃ ᠪᠥᠬᠦ ᠣᠷᠣᠨ ᠳᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 35 ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 1.7 ᠳᠠᠬᠢᠨ ︵22 ᠨᠡᠮᠡᠭᠳᠡᠪᠡ︶ ᠨᠡᠮᠡᠭᠳᠡᠪᠡ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠤᠯᠠᠭᠠᠨᠬᠠᠳᠠ ᠬᠤᠲᠠ ᠶᠢᠨ ᠪᠥᠬᠦ ᠣᠷᠣᠨ ᠤ ᠭᠠᠳᠠᠭᠠᠳᠤ ᠪᠡᠯᠡ ᠶᠢ ᠪᠣᠳᠠᠲᠠᠶ ᠬᠡᠷᠡᠭᠯᠡᠭᠰᠡᠨ ᠨᠡᠮᠡᠭᠳᠡᠯ ᠳᠤ ᠦᠵᠡᠭᠦᠯᠦᠭᠰᠡᠨ ᠨᠡᠮᠡᠷᠢ ᠨᠢᠭᠡᠳᠦᠭᠡᠷ ᠲᠤ ᠣᠷᠣᠵᠤ᠂ 1.9 ᠳ᠋ᠦᠩᠰᠢᠭᠤᠷ ᠲᠥᠭᠦᠷᠢᠭ ᠨᠡᠮᠡᠭᠳᠡᠪᠡ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠦᠬᠠᠶ ᠬᠤᠳᠠ᠂ ᠠᠯᠠᠱᠠ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠶᠢᠨ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠨᠢ ᠲᠡᠭ ᠪᠣᠯᠤᠨ᠎ᠠ᠃  ᠪᠦᠬᠦ ᠣᠷᠣᠨ ᠤ ᠭᠠᠳᠠᠭᠠᠳᠤ ᠳᠤ ᠪᠡᠯᠡ ᠣᠷᠣᠭᠤᠯᠬᠤ ᠲᠥᠷᠥᠯ ᠵᠦᠢᠯ 17 ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠪᠠᠨ 10 ᠨᠡᠮᠡᠭᠳᠡᠵᠦ᠂ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠲᠣᠭᠲᠠᠭᠰᠠᠨ ᠪᠡᠯᠡ ᠣᠷᠣᠭᠤᠯᠤᠯᠲᠠ ᠶᠢᠨ ᠲᠤᠭ᠎ᠠ 2.73 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 87.3% ᠪᠠᠷ ᠪᠠᠭᠤᠷᠠᠪᠠ᠃ ᠭᠠᠳᠠᠭᠠᠳᠤ ᠳᠠᠬᠢ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ 6.42 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 23.1% ᠪᠠᠷ ᠨᠡᠮᠡᠭᠳᠡᠨ᠂ ᠪᠥᠬᠦ ᠤᠯᠤᠰ ᠲᠤ 12 ᠳ᠋ᠤᠭᠠᠷ ᠲᠤ ᠵᠢᠭᠰᠠᠭᠠᠭᠳᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠨ 1 ᠣᠷᠣᠨ ᠲᠤᠭ᠎ᠠ ᠳᠡᠭᠡᠭᠰᠢᠯᠡᠵᠡᠶ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠣᠷᠳᠣᠰ ᠬᠤᠲᠠ᠂ ᠪᠠᠶᠠᠨᠨᠠᠭᠤᠷ ᠬᠤᠲᠠ ᠡᠮᠦᠨ᠎ᠡ ᠡᠩᠨᠡᠭᠡᠨ ᠳᠤ ᠣᠷᠣᠵᠤ᠂ ᠲᠣᠰ ᠲᠣᠰ 6194 ᠲᠦᠮᠡᠨ ᠳ᠋ᠣᠯᠯᠠᠷ᠂ 914 ᠲᠦᠮᠡᠨ ᠳ᠋ᠣᠯᠯᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ ᠠᠯᠠᠱᠠ ᠠᠶᠢᠮᠠᠭ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 9.1 ᠳᠠᠬᠢᠨ ᠪᠠ 4.5 ᠳᠠᠬᠢᠨ ᠨᠡᠮᠡᠭᠳᠡᠪᠡ᠃  ᠪᠥᠬᠦ ᠣᠷᠣᠨ ᠤ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3106.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 187.2% ᠢᠶᠠᠷ ᠨᠡᠮᠡᠭᠳᠡᠨ᠂ ᠡᠭᠦᠨ ᠳᠤ ᠬᠢᠯᠢ ᠪᠠᠷ ᠣᠷᠣᠭᠤᠯᠤᠭᠰᠠᠨ ᠬᠡᠮᠵᠢᠶ᠎ᠡ ᠨᠢ 2853.3 ᠲᠦᠮᠡᠨ ᠲᠣᠨ ᠳᠤ ᠬᠦᠷᠴᠦ᠂ 223.8% ᠪᠠᠷ ᠨᠡᠮᠡᠭᠳᠡᠪᠡ᠃ ᠬᠢᠯᠢ ᠪᠠᠷ ᠭᠠᠷᠭᠠᠭᠰᠠᠨ ᠬᠡᠮᠵᠢᠶ᠎ᠡ 252.8 ᠲᠦᠮᠡᠨ ᠲᠣᠨ ᠳᠤ ᠬᠦᠷᠴᠦ᠂ 26.1% ᠪᠠᠷ         ᠨᠡᠮᠡᠭᠳᠡᠪᠡ᠃ ᠣᠷᠣᠰ ᠤᠨ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 688.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 53.3% ᠪᠠᠷ ᠨᠡᠮᠡᠭᠳᠡᠵᠡᠶ᠂ ᠡᠭᠦᠨ ᠳᠤ᠂ ᠬᠢᠯᠢ ᠪᠠᠷ ᠣᠷᠣᠭᠤᠯᠤᠭᠰᠠᠨ ᠬᠡᠮᠵᠢᠶ᠎ᠡ 582.0 ᠲᠦᠮᠡᠨ ᠲᠣᠨ ᠳᠤ ᠬᠦᠷᠴᠦ᠂ 62.2% ᠢᠶᠠᠷ ᠨᠡᠮᠡᠭᠳᠡᠪᠡ᠃ ᠬᠢᠯᠢ ᠪᠠᠷ ᠭᠠᠷᠭᠠᠭᠰᠠᠨ ᠬᠡᠮᠵᠢᠶ᠎ᠡ 106.7 ᠲᠦᠮᠡᠨ ᠲᠣᠨ ᠳᠤ ᠬᠦᠷᠴᠦ᠂ 17.9% ᠪᠠᠷ ᠨᠡᠮᠡᠭᠳᠡᠪᠡ᠃ ᠥᠪᠥᠷ ᠮᠣᠩᠭᠤᠯ ᠤᠨ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2417.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 282.3% ᠪᠠᠷ ᠨᠡᠮᠡᠭᠳᠡᠪᠡ᠂ ᠡᠭᠦᠨ ᠳᠤ ᠬᠢᠯᠢ ᠪᠠᠷ ᠣᠷᠣᠭᠤᠯᠤᠭᠰᠠᠨ ᠬᠡᠮᠵᠢᠶ᠎ᠡ ᠨᠢ 2271.3 ᠲᠦᠮᠡᠨ ᠲᠣᠨ ᠳᠤ ᠬᠦᠷᠴᠦ᠂ 335.0% ᠢᠶᠠᠷ ᠨᠡᠮᠡᠭᠳᠡᠪᠡ᠃ ᠬᠢᠯᠢ ᠪᠠᠷ ᠭᠠᠷᠭᠠᠭᠰᠠᠨ ᠬᠡᠮᠵᠢᠶ᠎ᠡ ᠨᠢ 146.1 ᠲᠦᠮᠡᠨ ᠲᠣᠨ ᠳᠤ ᠬᠦᠷᠴᠦ᠂ 32.8% ᠪᠠᠷ ᠨᠡᠮᠡᠭᠳᠡᠪᠡ᠃ ᠨᠡᠮᠡᠭᠳᠡᠯ ᠤᠨ ᠲᠠᠯ᠎ᠠ ᠠᠴᠠ ᠦᠵᠡᠪᠡᠯ᠂ ᠭᠠᠭᠴᠠᠮᠤᠳᠤ ᠵᠠᠰᠠᠮᠠᠯ ᠵᠠᠮ ᠤᠨ ᠪᠣᠭᠤᠮᠲᠠ᠂ ᠴᠡᠭᠡ ᠵᠠᠰᠠᠮᠠᠯ ᠵᠠᠮ ᠤᠨ ᠪᠣᠭᠤᠮᠲᠠ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠳᠤ ᠳᠠᠶᠢᠴᠢᠯᠠᠬᠤ ᠦᠢᠯᠡᠳᠦᠯ ᠨᠡᠯᠢᠶᠡᠳ ᠶᠡᠭᠡ ᠪᠠᠶᠢᠵᠤ᠂ ᠪᠦᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠮᠠᠨᠳᠤᠯ ᠵᠠᠰᠠᠮᠠᠯ ᠵᠠᠮ ᠤᠨ ᠪᠣᠭᠤᠮᠲᠠ᠂ ᠭᠠᠭᠴᠠᠮᠣᠳᠣ ᠵᠠᠰᠠᠮᠠᠯ ᠵᠠᠮ ᠤᠨ ᠪᠣᠭᠤᠮᠲᠠ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 425.3%᠂ 340.2%᠂ 270.6% ᠪᠠᠷ ᠨᠡᠮᠡᠭᠳᠡᠪᠡ᠃ ᠬᠢᠯᠢ ᠪᠠᠷ ᠣᠷᠣᠵᠤ ᠭᠠᠷᠤᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2552 ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 10.2% ᠢᠶᠠᠷ ᠨᠡᠮᠡᠭᠳᠡᠪᠡ᠂ ᠡᠭᠦᠨ ᠳᠤ᠂ ᠬᠢᠯᠢ ᠪᠠᠷ ᠥᠩᠭᠡᠷᠡᠬᠦ ᠮᠠᠨᠵᠤᠤᠷ ᠪᠣᠭᠤᠮᠲᠠ 1542 ᠪᠠᠶᠢᠵᠤ᠂ 12.5% ᠪᠠᠷ ᠨᠡᠮᠡᠭᠳᠡᠪᠡ᠃ ᠬᠢᠯᠢ ᠪᠠᠷ ᠥᠩᠭᠡᠷᠡᠬᠦ ᠡᠷᠢᠶᠡᠨ ᠬᠤᠲᠠ ᠶᠢᠨ ᠪᠣᠭᠤᠮᠲᠠ 1010 ᠪᠠᠶᠢᠵᠤ᠂ 6.8% ᠪᠠᠷ ᠨᠡᠮᠡᠭᠳᠡᠪᠡ᠃ ᠬᠢᠯᠢ ᠪᠠᠷ ᠣᠷᠣᠵᠤ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 69.4 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 574.9% ᠪᠠᠷ ᠨᠡᠮᠡᠭᠳᠡᠵᠡᠢ᠃ ᠬᠢᠯᠢ ᠪᠠᠷ ᠣᠷᠣᠵᠤ ᠭᠠᠷᠤᠭᠰᠠᠨ ᠵᠠᠮ ᠬᠠᠷᠢᠯᠴᠠᠭᠠᠨ ᠤ ᠪᠠᠭᠠᠵᠢ 43.4 ᠲᠦᠮᠡᠨ ᠴᠤᠪᠤᠭ᠎ᠠ ᠲᠡᠷᠭᠡ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 377.4% ᠪᠠᠷ ᠨᠡᠮᠡᠭᠳᠡᠵᠡᠢ᠃ 
 
ᠢᠷᠡᠯᠲᠡ᠄ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号