ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠠᠬᠢᠭᠤᠯᠵᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2023/5/26
  ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠲᠡᠷᠡ ᠳᠠᠷᠤᠶ ᠳᠤᠨᠢ ᠳᠠᠮᠵᠢᠭᠤᠯᠵᠤ᠂ ᠬᠠᠮᠢᠶ᠎ᠠ ᠪᠥᠬᠦᠶ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠠᠭ ᠲᠤᠬᠠᠶ ᠳᠤᠨᠢ ᠠᠬᠢᠭᠤᠯᠪᠠ᠃ ︽ᠥᠨᠥᠳᠦᠷ ᠬᠡᠳᠦᠶ ᠣᠷᠣᠶ ᠪᠠᠶᠢᠭᠰᠠᠨ ᠴᠤ ᠡᠷᠲᠡ᠂ ᠮᠠᠷᠭᠠᠰᠢ ᠬᠡᠳᠦᠶ ᠡᠷᠲᠡ ᠪᠠᠶᠢᠭᠰᠠᠨ ᠴᠤ ᠣᠷᠣᠶ︾ ᠭᠡᠬᠦ ᠦᠷ᠎ᠡ ᠪᠦᠲᠦᠮᠵᠢ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠬᠥᠳᠡᠯᠦᠯᠴᠡᠵᠦ᠂ ᠲᠦᠷᠭᠡᠨ ᠬᠥᠳᠡᠯᠦᠯᠴᠡᠵᠦ᠂ ᠭᠦᠶᠦᠬᠦ︾ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠠᠬᠢᠭᠤᠯᠤᠨ᠎ᠠ᠃  ᠨᠢᠭᠡ ᠳᠤ᠂ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠯᠪᠠᠨ ᠬᠡᠷ ᠨᠢ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠬᠡᠷ ᠤᠨ ᠡᠷᠬᠢᠯᠡᠭᠴᠢ ᠶᠢᠨ ᠪᠤᠯᠪᠠᠰᠤᠷᠠᠯ  ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠨ ᠪᠠᠶᠢᠷᠢᠯᠠᠭᠤᠯᠪᠠ᠂ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠬᠠᠷᠢᠭᠤ ᠮᠡᠳᠡᠭᠦᠯᠦᠯᠲᠡ ᠬᠢᠪᠠ᠂ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠂ ︽ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠪᠣᠳᠠᠲᠠᠶ ᠱᠠᠭᠠᠷᠳᠠᠯᠭ᠎ᠠ ᠳᠤᠷᠠᠳᠪᠠ᠂ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠶ ᠠᠵᠢᠯᠯᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠭᠡ ᠲᠠᠯ᠎ᠠ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠬᠦ ᠶᠢᠨ ᠴᠢᠬᠤᠯᠠ ᠠᠴᠢ ᠬᠤᠯᠪᠣᠭᠳᠠᠯ᠂ ᠮᠡᠳᠡᠭᠡᠨ ᠤ ᠪᠢᠴᠢᠭ ᠤᠨ ᠳᠦᠷᠢᠮᠵᠢᠯ ᠢ ᠨᠠᠶᠢᠳᠠᠪᠤᠷᠢᠵᠢᠭᠤᠯᠬᠤ᠂ ᠭᠡᠷ ᠠᠯᠪᠠᠨ ᠲᠠᠰᠤᠯᠭ᠎ᠠ ᠶᠢᠨ ᠡᠬᠦᠷᠭᠡ ᠴᠢᠳᠠᠪᠤᠷᠢ ᠶᠢ ᠲᠤᠳᠤᠷᠬᠠᠶᠢᠯᠠᠬᠤ ᠂ ᠠᠯᠪᠠᠨ ᠪᠢᠴᠢᠭ ᠤᠨ ᠠᠵᠢᠯᠯᠠᠭᠠᠨ ᠢ ᠲᠡᠭᠦᠯᠳᠡᠷᠵᠢᠭᠦᠯᠵᠦ᠂ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠲᠠᠯ᠎ᠠ ᠪᠠᠷ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠭᠦᠨᠵᠡᠭᠡᠶᠢᠷᠡᠨ ᠪᠣᠳᠠᠲᠠᠶᠢᠵᠢᠪᠠ᠃  ᠬᠤᠶᠠᠷ ᠲᠤ᠂ ᠰᠤᠷᠲᠠᠯ ᠤᠨ ᠬᠤᠪᠢᠷᠠᠯᠲᠠ ᠶᠢ ᠴᠢᠩᠭᠠᠳᠬᠠᠨ᠎ᠠ᠃ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠭᠤᠷᠪᠠ ᠶᠢ ᠲᠣᠭᠲᠠᠭᠠᠬᠤ ᠲᠥᠰᠦᠯ︾ ᠲᠠᠢ ᠬᠠᠷᠢᠴᠠᠭᠤᠯᠵᠤ ᠪᠠᠶᠢᠭᠠᠳ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠬᠢ ᠶᠢ ᠨᠠᠷᠢᠨ ᠬᠢᠨᠠᠮᠠᠭᠠᠶ ᠡᠮᠬᠢᠯᠡᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢᠨ ᠲᠦᠷᠭᠡᠨ ᠪᠥᠭᠡᠳ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠲᠢᠩᠬᠢᠮ ᠪᠠᠶᠢᠭᠤᠯᠭ᠎ᠠ ᠶᠢᠨ ᠠᠵᠢᠯ ᠤᠨ ᠵᠦᠢᠯᠡᠰ ᠪᠠ 24 ᠵᠦᠢᠯ ᠤᠨ ᠠᠵᠢᠯ ᠤᠨ ᠲᠦᠷᠢᠮ ᠤᠨ ᠨᠠᠷᠢᠨ ᠲᠠᠩᠰᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠬᠤᠪᠢᠷᠠᠭᠤᠯᠤᠨ᠂ ᠠᠵᠢᠯ ᠤᠨ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠵᠦ᠂ ᠡᠯ᠎ᠡ ᠵᠦᠢᠯ ᠤᠨ ᠡᠬᠡ ᠲᠠᠩᠰᠠ ᠶᠢᠨ ᠡᠭᠦᠷᠭᠡ ᠠᠬᠢᠴᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠵᠤ᠂ ︽ᠬᠡᠷᠡᠭ ᠲᠤᠷ ᠬᠤᠷᠠᠮᠳᠤᠯᠠᠯ ᠥᠬᠡᠶ᠂ ᠬᠡᠷᠡᠭ ᠲᠤᠷ ᠰᠥᠨᠢ ᠶᠢ ᠦᠩᠭᠡᠷᠡᠭᠡᠬᠦ ᠥᠬᠡᠶ︾ ᠪᠠᠶᠢᠬᠤ ᠶᠢ ᠪᠡᠶᠡᠯᠡᠭᠦᠯᠪᠡ᠃  ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠯᠪᠠᠨ ᠬᠡᠷ ᠠᠴᠠ ᠪᠣᠳᠠᠲᠠᠶ ᠨᠠᠷᠢᠯᠢᠭ ᠠᠳᠬᠤᠵᠤ᠂ ᠲᠤᠰᠬᠠᠶ ᠠᠵᠢᠯᠯᠠᠭ᠎ᠠ ᠶᠢᠨ ᠡᠯ᠎ᠡ ᠱᠠᠲᠤ ᠦᠶ᠎ᠡ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠯᠪᠠᠨ ᠬᠡᠷ ᠤᠨ ᠰᠢᠰᠲ᠋ᠧᠮ ᠤᠨ ᠠᠵᠢᠯ ᠢ ᠨᠠᠩ ᠨᠠᠷᠢᠯᠢᠭ ᠣᠨᠣᠪᠴᠢᠲᠠᠶ᠂ ᠪᠥᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ 
 
ᠢᠷᠡᠯᠲᠡ᠄ ᠠᠯᠪᠠᠨ ᠭᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号