ᠬᠤᠳᠠᠯᠳᠤᠭᠠᠴᠢᠨ ᠤᠷᠢᠵᠤ ᠣᠶᠤᠨ ᠤᠬᠠᠭᠠᠨ ᠣᠷᠣᠭᠤᠯᠤᠨ ᠴᠢᠳᠠᠪᠤᠷᠢᠲᠠᠨ ᠣᠷᠣᠭᠤᠯᠵᠤ ᠴᠢᠨᠠᠷ ᠰᠠᠶᠢᠲᠠᠶ ᠬᠥᠭᠵᠢᠯᠲᠡ ᠶᠢᠨ ︽ᠣᠶᠤᠨᠴᠢ ᠲᠠᠯ᠎ᠠ ᠨᠤᠲᠤᠭ ᠲᠤ ᠴᠤᠭᠯᠠᠷᠠᠨ · ᠴᠢᠳᠠᠪᠤᠷᠢᠲᠠᠨ ᠤ ᠬᠤᠳᠠᠯᠳᠤᠭᠠᠨ ᠤ ᠶᠠᠪᠤᠳᠠᠯ  ᠳᠤ ᠴᠤᠭᠯᠠᠭᠤᠯᠬᠤ︾ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠴᠢᠳᠠᠪᠤᠷᠢᠲᠠᠨ ᠤ ᠲᠤᠰᠬᠠᠶ ᠲᠠᠯᠠᠪᠤᠷ ᠤᠨ ᠵᠣᠯᠭᠠᠭᠤᠯᠬᠤ ᠶᠠᠷᠢᠯᠴᠠᠬᠤ ᠬᠤᠷᠠᠯ ᠱᠠᠩᠬᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2023/5/26
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠮᠢᠩᠭᠠᠨ ᠬᠥᠮᠦᠨ ᠤ ᠲᠥᠯᠥᠪᠯᠡᠭᠡ︾ ᠶᠢᠨ ᠠᠵᠢᠯᠯᠠᠭ᠎ᠠ᠂ ᠲᠣᠰ ᠭᠠᠵᠠᠷ ᠣᠷᠣᠨ ᠤ ᠭᠤᠤᠯᠳᠠᠯᠭ᠎ᠠ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠲᠦᠮᠡᠨ ᠬᠥᠮᠦᠨ ᠤ ᠲᠥᠯᠥᠪᠯᠡᠭᠡ︾ ᠶᠢᠨ ᠠᠵᠢᠯᠯᠠᠭ᠎ᠠ ᠪᠠ ︽ᠬᠤᠳᠠᠯᠳᠤᠭᠠᠴᠢᠨ ᠤᠷᠢᠵᠤ ᠣᠶᠤᠨ ᠤᠬᠠᠭᠠᠨ ᠢ ᠣᠷᠣᠭᠤᠯᠤᠨ ᠠᠪᠬᠤ︾ ᠢᠨᠵᠧᠨᠧᠷᠢᠩ ᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠱᠠᠩᠬᠠᠶ ᠬᠤᠶᠠᠷ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠲᠤᠰᠬᠠᠶᠢᠵᠢᠭᠰᠠᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠭᠦᠨᠵᠡᠭᠡᠶ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 25 ᠤ ᠡᠳᠦᠷ᠂ ︽ᠣᠶᠤᠨᠴᠢ ᠲᠠᠯ᠎ᠠ ᠨᠤᠲᠤᠭ · ᠴᠢᠳᠠᠪᠤᠷᠢᠲᠠᠨ ᠤ ᠬᠤᠳᠠᠯᠳᠤᠭᠠᠨ ᠤ ᠶᠠᠪᠤᠳᠠᠯ ᠢ ᠴᠤᠭᠯᠠᠭᠤᠯᠬᠤ︾ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠴᠢᠳᠠᠪᠤᠷᠢᠲᠠᠨ ᠤ ᠲᠤᠰᠬᠠᠶ ᠲᠠᠯᠠᠪᠤᠷ ᠤᠨ ᠵᠣᠯᠭᠠᠭᠤᠯᠬᠤ ᠶᠠᠷᠢᠯᠴᠠᠬᠤ ᠬᠤᠷᠠᠯ ᠱᠠᠩᠬᠠᠶ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠴᠦᠨ ᠱᠧᠩ ᠬᠤᠷᠠᠯ ᠢ ᠡᠷᠭᠢᠯᠡᠪᠡ᠃ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠳᠤᠮᠳᠠᠳᠤ ᠤᠯᠤᠰ ︵ᠱᠠᠩᠬᠠᠶ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠱᠠᠩᠬᠠᠶ ᠬᠤᠲᠠ ᠶᠢᠨ ᠬᠤᠯᠪᠣᠭᠳᠠᠯ ᠪᠥᠬᠦᠶ ᠠᠵᠤ ᠠᠬᠤᠶᠢᠯᠠᠯ ᠤᠨ ᠲᠥᠯᠥᠭᠡᠯᠡᠭᠴᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠤᠯᠪᠣᠭᠳᠠᠯ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠡᠷᠢᠶᠡᠨ ᠬᠤᠲᠠ ᠶᠢᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠲᠥᠪ᠂ ᠵᠢᠨᠴᠢᠶᠤᠤ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠣᠷᠣᠨ ᠵᠢᠴᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃
5.26-1.jpg
  ᠬᠤᠷᠠᠯ ᠠᠴᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ︽ᠭᠤᠤᠯ ᠡᠭᠦᠷᠭᠡ︾ ᠵᠢᠴᠢ ᠨᠠᠷᠢᠯᠢᠭ ᠤᠨᠤᠪᠴᠢᠲᠠᠢ ᠥᠨᠳᠥᠷ ᠪᠦᠲᠦᠮᠵᠢᠲᠡᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ︽ᠵᠢᠷᠭᠤᠭᠠᠨ ᠶᠡᠭᠡ ᠲᠤᠰᠬᠠᠶ ᠠᠵᠢᠯᠯᠠᠭ᠎ᠠ︾ ᠶᠢᠨ ᠪᠣᠳᠠᠲᠠᠶ ᠬᠡᠷᠡᠭᠵᠢᠭᠦᠯᠦᠯᠲᠡ ᠪᠠ ᠠᠬᠢᠴᠠ ᠶᠢᠨ ᠪᠠᠶᠢᠳᠠᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠡᠯᠧᠺᠳ᠋ᠷᠣᠨ ᠬᠤᠳᠠᠯᠳᠤᠭ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠤᠨ ᠲᠥᠯᠥᠭᠡᠯᠡᠭᠴᠢ ᠬᠤᠳᠠᠯᠳᠤᠭᠠᠨ ᠤ ᠶᠠᠪᠤᠳᠠᠯ ᠤᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠦᠢᠯᠡᠰ ᠤᠨ ᠬᠥᠭᠵᠢᠯᠲᠡ ᠪᠠ ᠴᠢᠳᠠᠪᠤᠷᠢᠲᠠᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠪᠠ ᠨᠢᠭᠡᠨᠲᠡ ᠣᠯᠤᠭᠰᠠᠨ ᠠᠮᠵᠢᠯᠲᠠ ᠲᠠᠢ ᠲᠤᠷᠰᠢᠯᠭ᠎ᠠ ᠲᠠᠢ ᠤᠶᠠᠯᠳᠤᠭᠤᠯᠤᠨ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃
5.26-2.jpg
  ᠲᠤᠰ ᠤᠳᠠᠭᠠᠨ ᠤ ᠰᠠᠭᠤᠳᠠᠯ ᠤᠨ ᠬᠤᠷᠠᠯ ᠪᠤᠯ ᠴᠢᠳᠠᠪᠤᠷᠢᠳᠠᠨ ᠢ ᠦᠷᠭᠡᠨ ᠢᠶᠠᠷ ᠤᠷᠤᠭᠤᠯᠤᠨ ᠠᠪᠴᠢᠷᠠᠵᠦ᠂ ᠤᠶᠤᠨ ᠴᠢᠳᠠᠪᠤᠷᠢ ᠶᠢ ᠬᠤᠷᠠᠮᠳᠤᠭᠤᠯᠤᠨ ᠣᠶᠤᠨᠴᠢ ᠲᠠᠯ᠎ᠠ ᠨᠤᠲᠤᠭ — ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠦᠪᠦᠷ ᠮᠤᠩᠭᠤᠯ ᠤᠨ ᠴᠢᠳᠠᠪᠤᠷᠢᠳᠠᠨ ᠤ ᠬᠦᠭᠵᠢᠯᠳᠡ ᠶᠢ ᠲᠠᠨᠢᠯᠴᠠᠭᠤᠯᠬᠤ ᠪᠠ ᠬᠠᠮᠳᠤᠷᠠᠯᠴᠠᠭ᠎ᠠ ᠰᠤᠯᠢᠯᠴᠠᠭᠠᠨ ᠤ ᠠᠵᠢᠯᠯᠠᠭ᠎ᠠ ᠶᠢᠨ ᠲᠤᠰᠬᠠᠢ ᠲᠠᠯᠠᠪᠠᠢ ᠶᠢ ᠵᠤᠯᠭᠠᠭᠤᠯᠬᠤ ᠠᠵᠢᠯᠯᠠᠭ᠎ᠠ ᠪᠤᠯᠤᠨ᠎ᠠ᠂ ᠡᠬᠦᠨ ᠢᠶᠠᠷ ᠡᠬᠢᠯᠡᠯᠳᠠ ᠪᠤᠯᠭᠠᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯᠧᠷᠳ᠋ᠷᠤᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠳᠠᠨ ᠤ ᠰᠤᠯᠢᠯᠴᠠᠭ᠎ᠠ ᠬᠠᠮᠳᠤᠷᠠᠯᠴᠠᠭ᠎ᠠ ᠶᠢ ᠵᠤᠯᠭᠠᠭᠤᠯᠬᠤ ᠲᠠᠪᠴᠠᠩ ᠢ ᠪᠠᠶᠢᠭᠤᠯᠵᠤ᠂ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠭᠠᠵᠠᠷ ᠤᠷᠤᠨ ᠤ ᠭᠠᠵᠠᠷ ᠤᠷᠤᠨ ᠪᠠ ᠠᠵᠤ ᠠᠬᠤᠢ ᠶᠢᠨ ᠲᠠᠪᠠᠭᠤᠯᠢᠭ ᠲᠤ ᠲᠦᠰᠢᠭᠯᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯᠧᠷᠳ᠋ᠷᠤᠨ ᠬᠤᠳᠠᠯᠳᠤᠭᠠᠨ ᠤ ᠶᠠᠪᠤᠳᠠᠯ ᠤᠨ ᠲᠤᠭᠤᠷᠢᠭ᠂ ᠬᠢᠯᠢ ᠠᠯᠤᠰᠯᠠᠬᠰᠠᠨ ᠡᠯᠧᠷᠳ᠋ᠷᠤᠨ ᠬᠤᠳᠠᠯᠳᠤᠭᠠᠨ ᠤ ᠶᠡᠷᠤᠩᠭᠡᠶᠢᠯᠡᠭᠰᠡᠨ ᠲᠤᠷᠰᠢᠯᠳᠠ ᠶᠢᠨ ᠤᠷᠤᠨ᠂ ᠲᠤᠮᠳᠠᠳᠤ ᠮᠤᠩᠭᠤᠯ ᠡᠷᠢᠶᠡᠨ ᠬᠤᠳᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ — ᠵᠠᠮ ᠤᠨ ᠡᠭᠦᠳᠡᠨ ᠤ ᠨᠤᠳᠤᠭ ᠲᠠᠭᠠᠨ ᠪᠤᠴᠠᠵᠦ ᠠᠵᠢᠯ ᠤᠯᠬᠤ ᠶᠢ ᠬᠠᠪᠰᠤᠷᠴᠤ᠂ ᠦᠪᠤᠷ ᠮᠤᠩᠭᠤᠯ ᠱᠠᠩᠬᠠᠢ ᠬᠤᠶᠠᠷ ᠭᠠᠵᠠᠷ ᠤᠨ ᠠᠵᠤ ᠠᠬᠤᠢᠢᠯᠠᠯ ᠪᠠ ᠪᠠᠶᠢᠭᠤᠯᠤᠮᠵᠢ ᠶᠢᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠳᠠᠨ ᠤ ᠨᠤᠳᠤᠭ ᠲᠠᠭᠠᠨ ᠪᠤᠴᠠᠵᠤ ᠠᠵᠢᠯ ᠤᠯᠬᠤ ᠶᠢ ᠠᠬᠢᠭᠤᠯᠵᠤ᠂ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠦᠷᠢᠯᠳᠦᠬᠦᠯᠵᠤ᠂ ᠦᠪᠤᠷ ᠮᠤᠩᠭᠤᠯ ᠤᠨ ᠬᠤᠳᠠᠯᠳᠤᠭᠠᠨ ᠤ ᠶᠠᠪᠤᠳᠠᠯ ᠤᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠤᠯᠤᠨ᠎ᠠ᠃     
 
ᠢᠷᠡᠯᠲᠡ᠄ ᠠᠵᠢᠯᠲᠠᠨ ᠤ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号