︽ᠥᠪᠥᠷ ᠮᠣᠩᠭᠤᠯ ᠤᠨ ᠦᠨᠦᠷ ᠠᠮᠲᠠ︾ ᠶᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ ᠳᠤ ᠣᠷᠣᠭᠤᠯᠬᠤ ᠰᠢᠷᠢᠰ ᠠᠵᠢᠯᠯᠠᠭ᠎ᠠ ︱ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠲᠤ ᠤᠷᠤᠵᠠᠢ
ᠨᠡᠶᠢᠲᠡᠯᠡᠭᠰᠡᠨ ᠴᠠᠭ᠄
2023/5/6
  5 ᠳ᠋ᠤᠭᠠᠷ ᠰᠠᠷ᠎ᠠ ᠶᠢᠨ 5 ᠠᠴᠠ 6 ᠤ ᠡᠳᠦᠷ᠂ ︽ᠥᠪᠥᠷ ᠮᠣᠩᠭᠤᠯ ᠤᠨ ᠦᠨᠦᠷ ᠠᠮᠲᠠ︾ ᠶᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ ᠳᠤ ᠤᠷᠤᠭᠤᠯᠬᠤ  ᠰᠢᠷᠢᠰ ᠠᠵᠢᠯᠯᠠᠭ᠎ᠠ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ  ᠨᠡᠶᠢᠭᠡᠮᠯᠢᠭ ᠂ ᠳᠤᠮᠳᠠᠳᠤ ᠤᠯᠤᠰ ᠤᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠳᠤ ᠶᠠᠪᠤᠭᠳᠠᠪᠠ᠃ ᠠᠵᠢᠯᠯᠠᠭ᠎ᠠ ᠨᠢ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠴᠢᠩ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠣᠨᠴᠠᠯᠢᠭᠲᠤ ᠠᠮᠲᠠᠲᠤ ᠢᠳᠡᠭᠡᠨ  ᠢ ᠰᠢᠯᠭᠠᠨ ᠳᠤᠭᠲᠠᠭᠠᠬᠤ ᠂ ᠠᠵᠤ ᠠᠬᠤᠶᠢᠯᠠᠯ ᠤᠨ ᠪᠦᠲᠦᠭᠡᠭᠳᠡᠬᠦᠨ  ᠤ ᠳᠡᠯᠭᠡᠨ ᠦᠵᠡᠭᠦᠯᠭᠡ ᠵᠡᠷᠭᠡ ᠬᠡᠯᠪᠡᠷᠢ ᠪᠠᠷ ᠥᠪᠥᠷ ᠮᠣᠩᠭᠤᠯ ᠤᠨ ᠪᠣᠬᠢᠷᠲᠤᠯ ᠦᠭᠡᠢ᠂ ᠥᠪᠡᠷᠮᠢᠴᠡ ᠣᠨᠴᠠᠯᠢᠭ ᠲᠠᠢ᠂ ᠴᠢᠨᠠᠷ ᠰᠠᠶᠢᠲᠠᠢ ᠲᠠᠷᠢᠶᠠᠯᠠᠩ  ᠤᠨ ᠪᠤᠯᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠥᠪᠥᠷ ᠮᠣᠩᠭᠤᠯ ᠤᠨ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠤᠰ ᠤᠨ ︽ᠠᠮᠤ ᠪᠤᠳᠠᠭᠠᠨ ᠤ ᠬᠥᠮᠥᠷᠭᠡ︾  ᠂ ︽ ᠰᠦ ᠶᠢᠨ ᠰᠠᠪᠠ︾  ᠂ ︽ᠮᠢᠬᠠᠨ ᠤ ᠬᠥᠮᠥᠷᠭᠡ︾  ᠂ ︽ᠨᠣᠯᠤᠥᠷ ᠤᠨ ᠬᠤᠲᠠ︾ ᠪᠣᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠠᠵᠤ ᠠᠬᠤᠶᠢᠯᠠᠯ ᠪᠠ ᠪᠦᠲᠦᠭᠡᠭᠳᠡᠬᠦᠨ ᠤ ᠪᠡᠭᠡᠵᠢᠩ ᠳᠤ ᠣᠷᠣᠵᠤ᠂ ᠪᠥᠬᠦ ᠤᠯᠤᠰ ᠲᠤ ᠬᠠᠨᠳᠤᠬᠤ ᠶᠢ ᠲᠠᠶᠢᠴᠢᠯᠠᠵᠠᠢ᠃  ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠨᠢ ᠪᠣᠬᠢᠷᠲᠤᠯ ᠦᠭᠡᠢ᠂ ᠠᠮᠢ ᠠᠬᠤᠢ᠂ ᠡᠷᠡᠭᠦᠯ ᠮᠡᠨᠳᠦ ᠪᠠᠷ ᠭᠤᠣᠯ ᠱᠤᠭᠤᠮ ᠪᠣᠯᠭᠠᠵᠤ᠂ ᠮᠧᠩ ᠨᠢᠦ᠂ ᠯᠠᠨ ᠭᠧ ᠭᠧ᠂ ᠲᠢᠶᠠᠨ ᠮᠦ᠂ ᠡᠷᠳᠡᠨᠢ ᠶᠢᠨ ᠮᠢᠬᠠᠨ ᠤ ᠦᠢᠯᠡᠰ᠂ ᠬᠠᠢ ᠫᠧᠩ᠂ ᠵᠥᠩ ᠯᠢᠶᠠᠩ ᠲᠦᠨ ᠾᠧ᠂ ᠮᠤᠨᠢ ᠠᠭᠤᠯᠠ ᠶᠢᠨ ᠶᠢᠦ ᠮᠠᠢ᠂ ᠮᠠ ᠬᠠ ᠡᠵᠢ᠂ ᠲᠧᠦ ᠶᠠᠩ ᠤᠪᠤᠭ ᠤᠭᠰᠠᠭ᠎ᠠ᠂ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠠᠯᠠᠱᠠ  ᠶᠢᠨ ᠲᠡᠮᠡᠭᠡᠨ ᠤ ᠡᠵᠢ᠂ ᠭᠤᠪᠢ ᠶᠢᠨ ᠠᠷᠤ ᠶᠢᠨ ᠲᠠᠯ᠎ᠠ ᠨᠤᠲᠤᠭ᠂  ᠪᠢᠩ ᠰᠢᠶᠡᠨ  ᠳ᠋ᠤᠤ  ᠲᠤᠲᠤᠷᠭ᠎ᠠ᠂ ᠰᠤ᠋ ᠰᠢᠶᠠᠩ ᠫᠢᠶᠤᠤ ᠨᠠᠷᠢᠮᠤ᠂ ᠲᠢᠶᠠᠨ ᠾᠧᠩ᠂ ᠡᠯᠡᠰᠦᠨ ᠴᠥᠯ ᠤᠨ ᠴᠡᠴᠡᠭ᠂ ᠮᠢᠨ ᠯᠦᠩ ᠵᠡᠷᠭᠡ 30 ᠭᠠᠷᠤᠢ ᠥᠪᠡᠷᠲᠡᠭᠡᠨ ᠵᠠᠰᠠᠬᠤ ᠣᠷᠣᠨ ᠤ ︽ᠬᠠᠭᠤᠴᠢᠨ ᠨᠠᠷᠠᠲᠤ︾ ᠂ ︽ᠮᠣᠩᠭᠤᠯ ᠦᠰᠦᠭ ᠤᠨ ᠲᠡᠮᠳᠡᠭᠲᠦ ︾ ᠠᠵᠤ ᠠᠬᠤᠶᠢᠯᠠᠯ ᠤᠨ 200 ᠭᠠᠷᠤᠢ ᠵᠦᠢᠯ ᠤᠨ ᠪᠦᠲᠦᠭᠡᠭᠳᠡᠬᠦᠨ ᠢ ᠬᠢᠨᠠᠨ ᠰᠣᠩᠭᠤᠵᠤ ᠰᠦᠯᠵᠢᠶᠡᠨ ᠤ ᠭᠠᠳᠠᠨ᠎ᠠ ᠳᠡᠯᠭᠡᠨ ᠦᠵᠡᠭᠦᠯᠵᠦ ᠪᠣᠷᠣᠯᠠᠭᠤᠯᠪᠠ᠃
1.jpg
2.jpg
  2023 ᠣᠨ ᠤ ︽ᠥᠪᠥᠷ ᠮᠣᠩᠭᠤᠯ ᠤᠨ ᠦᠨᠦᠷ ᠠᠮᠲᠠ︾ ᠶᠢ ᠶᠠᠮᠤᠨ ᠵᠥᠪᠯᠡᠯ᠂ ᠲᠦᠪ ᠤᠨ ᠠᠵᠤ ᠠᠬᠤᠶᠢᠯᠠᠯ ᠳᠤ ᠣᠷᠣᠭᠤᠯᠬᠤ ᠰᠢᠷᠢᠰ ᠠᠵᠢᠯᠯᠠᠭᠠᠨ  ᠤ ᠵᠣᠷᠢᠯᠭ᠎ᠠ ᠨᠢ ᠪᠦᠲᠦᠭᠡᠭᠳᠡᠬᠦᠨ ᠤ ᠳᠡᠯᠭᠡᠨ ᠦᠵᠡᠭᠦᠯᠭᠡ ᠵᠢᠴᠢ ᠠᠮᠳᠠᠳᠣ ᠢᠳᠡᠭᠡᠨ  ᠢ ᠰᠢᠯᠭᠠᠨ ᠳᠤᠭᠳᠠᠭᠠᠬᠤ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠳᠤ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠲᠠᠪᠴᠠᠩ ᠢ ᠥᠨᠳᠥᠷ ᠦᠷ᠎ᠡ ᠪᠦᠲᠦᠮᠵᠢᠲᠡᠢ ᠪᠠᠷ ᠪᠠᠶᠢᠭᠤᠯᠤᠨ ᠥᠭᠴᠦ᠂ ︽ᠥᠪᠥᠷ ᠮᠣᠩᠭᠤᠯ ᠤᠨ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠᠷ ᠠᠵᠤ ᠠᠬᠤᠶᠢᠯᠠᠯ ᠬᠢᠭᠡᠳ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ   ᠲᠠᠢ ᠬᠠᠩᠭᠠᠯᠭ᠎ᠠ ᠬᠡᠷᠡᠭᠴᠡᠭᠡ ᠶᠢᠨ  ᠰᠤᠯᠢᠯᠴᠠᠭᠠᠨ ᠤ ᠠᠵᠢᠯᠯᠠᠭ᠎ᠠ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠡᠭᠦᠨ ᠤ ᠤᠯᠠᠮ ᠢᠶᠠᠷ ᠬᠤᠶᠠᠷ ᠲᠠᠯ᠎ᠠ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠵᠤᠯᠭᠠᠴᠠᠭᠤᠯᠬᠤ ᠳᠤ ᠨᠥᠬᠦᠴᠡᠯ ᠪᠦᠷᠢᠯᠳᠦᠭᠦᠯᠦᠨ ᠥᠭᠴᠦ᠂ ᠮᠠᠨ ᠤ ᠣᠷᠣᠨ ᠤ ᠪᠣᠬᠢᠷᠲᠤᠯ ᠦᠭᠡᠢ᠂ ᠣᠨᠴᠠᠯᠢᠭᠲᠤ ᠣᠲᠣ ᠦᠶ᠎ᠡ ᠶᠢᠨ ᠠᠵᠤ ᠦᠢᠯᠡᠰ ᠤᠨ ᠳᠤᠭᠳᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ  ᠨᠠᠷᠠᠲᠤ  ᠲᠥᠷᠥᠯ  ᠲᠡᠮᠳᠡᠭᠲᠦ   ᠶᠢᠨ  ᠬᠦᠴᠦᠨ ᠴᠢᠳᠠᠯ ᠢᠶᠠᠨ ᠬᠠᠨᠳᠢᠪᠯᠠᠪᠠ᠃ 
 
ᠢᠷᠡᠯᠲᠡ᠄ ᠪᠡᠯᠡ ᠣᠷᠤᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠲᠥᠪ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号