2023 ᠣᠨ ᠤ 1 — 5 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2023/6/30
  ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 2052 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 9.3% ᠪᠠᠷ ᠨᠡᠮᠡᠭᠳᠡᠨ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ᠲᠠᠢ ᠠᠳᠠᠯᠢ ᠪᠣᠯᠪᠠ᠃ ᠠᠶᠢᠮᠠᠭ ᠬᠤᠲᠠ ᠪᠠᠷ ᠬᠤᠪᠢᠶᠠᠵᠤ ᠦᠵᠡᠪᠡᠯ᠂ ᠬᠥᠬᠡᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠡᠮᠦᠨ᠎ᠡ ᠭᠤᠷᠪᠠ ᠳᠤ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ ᠲᠣᠰ ᠲᠣᠰ 13.7%᠂ 10.1%᠂ 9.2% ᠢᠶᠠᠷ ᠨᠡᠮᠡᠭᠳᠡᠪᠡ᠃ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠶᠢᠨ ᠶᠡᠷᠦᠩᠬᠡᠶ ᠬᠡᠮᠵᠢᠶ᠎ᠡ ᠪᠦᠬᠦ ᠣᠷᠣᠨ ᠤ ᠡᠮᠦᠨ᠎ᠡ ᠭᠤᠷᠪᠠ ᠳᠤ ᠪᠠᠶᠢᠷᠢᠯᠠᠨ᠂ ᠲᠤᠰ ᠲᠤᠰ 451.4 ᠳ᠋ᠦᠩᠰᠢᠭᠤᠷ ᠲᠥᠭᠦᠷᠢᠭ᠂ 408.8 ᠳ᠋ᠦᠩᠰᠢᠭᠤᠷ ᠲᠥᠭᠦᠷᠢᠭ᠂ 259.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ 54.5% ᠶᠢ ᠡᠵᠡᠯᠡᠪᠡ᠃  ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠲᠤᠭ᠎ᠠ 757.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 38.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 33.7 ᠵᠠᠭᠤᠨ ᠤ ᠨᠢᠭᠡᠴᠢ ᠠᠴᠠ ᠥᠨᠳᠥᠷ ᠪᠣᠯᠪᠠ᠃ ᠡᠭᠦᠨ ᠳᠤ᠄ ᠭᠠᠳᠠᠭᠠᠳᠤ ᠭᠠᠷᠭᠠᠯᠲᠠ 293.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 22.2% ᠢᠶᠠᠷ ᠨᠡᠮᠡᠭᠳᠡᠪᠡ᠃ ᠭᠠᠳᠠᠭᠠᠳᠤ ᠣᠷᠣᠭᠤᠯᠤᠯᠲᠠ 464.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 51.1% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠶᠢᠨ ᠲᠠᠯ᠎ᠠ ᠠᠴᠠ ᠠᠪᠴᠤ ᠦᠵᠡᠪᠡᠯ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠮᠠᠨᠵᠤᠤᠷ ᠬᠤᠲᠠ ᠲᠣᠰ ᠲᠣᠰ 177.8᠂ 125.4 ᠪᠠ 110.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠪᠠᠶᠠᠨᠨᠠᠭᠤᠷ ᠬᠤᠲᠠ᠂ ᠮᠠᠨᠵᠤᠤᠷ ᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠶᠢᠨ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ ᠨᠡᠮᠡᠷᠢ ᠨᠡᠯᠢᠶᠡᠳ ᠶᠡᠭᠡ ᠪᠠᠶᠢᠵᠤ᠂ ᠲᠣᠰ ᠲᠣᠰ 57.5᠂ 67.3᠂ 33.5 ᠪᠠ 29.1 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ ᠮᠠᠨᠵᠤᠤᠷ ᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠡᠷᠢᠶᠡᠨ ᠬᠤᠲᠠ᠂ ᠠᠯᠠᠱᠠ ᠠᠶᠢᠮᠠᠭ᠂ ᠰᠢᠯᠢ ᠶᠢᠨ ᠭᠤᠣᠯ ᠠᠶᠢᠮᠠᠭ ᠵᠡᠷᠭᠡ 7 ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠨᠢ 2 ᠣᠷᠣᠨ ᠲᠤᠭ᠎ᠠ ᠠᠴᠠ ᠳᠡᠭᠡᠭᠰᠢ ᠪᠠᠶᠢᠨ᠎ᠠ᠃  ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ 5.2 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 81.8% ︵ᠨᠤᠭᠤᠯᠤᠨ ᠪᠣᠳᠤᠪᠠᠯ 7530 ᠲᠦᠮᠡᠨ ᠳ᠋ᠣᠯᠯᠠᠷ᠂ ᠠᠳᠠᠯᠢ ᠬᠤᠭᠤᠴᠠᠭᠠᠨ ᠤ ᠬᠢ ᠠᠴᠠ ᠪᠠᠨ 83.2% ᠢᠶᠠᠷ ᠪᠠᠭᠤᠷᠠᠪᠠ︶ ᠪᠠᠷ ᠪᠠᠭᠤᠷᠠᠪᠠ᠃ ᠪᠥᠬᠦ ᠣᠷᠣᠨ ᠳᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 46 ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 1.9 ᠳᠠᠬᠢᠨ ︵30 ᠨᠡᠮᠡᠭᠳᠡᠪᠡ︶ ᠨᠡᠮᠡᠭᠳᠡᠪᠡ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠤᠯᠠᠭᠠᠨᠬᠠᠳᠠ ᠬᠤᠲᠠ ᠶᠢᠨ ᠪᠥᠬᠦ ᠣᠷᠣᠨ ᠤ ᠭᠠᠳᠠᠭᠠᠳᠤ ᠪᠡᠯᠡ ᠶᠢ ᠪᠣᠳᠠᠲᠠᠶ ᠬᠡᠷᠡᠭᠯᠡᠭᠰᠡᠨ ᠨᠡᠮᠡᠭᠳᠡᠯ ᠳᠤ ᠦᠵᠡᠭᠦᠯᠦᠭᠰᠡᠨ ᠨᠡᠮᠡᠷᠢ ᠨᠢᠭᠡᠳᠦᠭᠡᠷ ᠲᠤ ᠣᠷᠣᠵᠤ᠂ 1.9 ᠳ᠋ᠦᠩᠰᠢᠭᠤᠷ ᠲᠥᠭᠦᠷᠢᠭ ᠨᠡᠮᠡᠭᠳᠡᠪᠡ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠦᠬᠠᠶ ᠬᠤᠳᠠ᠂ ᠠᠯᠠᠱᠠ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠶᠢᠨ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠨᠢ ᠲᠡᠭ ᠪᠣᠯᠤᠨ᠎ᠠ᠃  ᠪᠦᠬᠦ ᠣᠷᠣᠨ ᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠤ ᠪᠡᠯᠡ ᠤᠷᠤᠭᠤᠯᠤᠭᠰᠠᠨ ᠲᠥᠷᠥᠯ ᠵᠦᠢᠯ 20 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 11 ᠬᠤᠪᠢ ᠨᠡᠮᠡᠭᠳᠡᠵᠦ᠂ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠲᠣᠭᠲᠠᠭᠰᠠᠨ ᠪᠡᠯᠡ ᠣᠷᠣᠭᠤᠯᠤᠯᠲᠠ ᠶᠢᠨ ᠲᠤᠭ᠎ᠠ 2.77 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 87.2% ᠢᠶᠠᠷ ᠪᠠᠭᠤᠷᠠᠪᠠ᠃ ᠭᠠᠳᠠᠭᠠᠳᠤ ᠳᠠᠬᠢ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ 6.58 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 23.4% ᠪᠠᠷ ᠨᠡᠮᠡᠭᠳᠡᠨ᠂ ᠪᠥᠬᠦ ᠤᠯᠤᠰ ᠤᠨ 15 ᠳ᠋ᠤᠭᠠᠷ ᠲᠤ ᠵᠢᠭᠰᠠᠭᠠᠭᠳᠠᠪᠠ᠃ ᠨᠡᠮᠡᠭᠳᠡᠯ ᠤᠨ ᠬᠡᠮᠵᠢᠶ᠎ᠡ ᠠᠴᠠ ᠠᠪᠴᠤ ᠦᠵᠡᠪᠡᠯ᠂ ᠣᠷᠳᠣᠰ ᠬᠤᠲᠠ᠂ ᠪᠠᠶᠠᠨᠨᠠᠭᠤᠷ ᠬᠤᠲᠠ ᠡᠮᠦᠨ᠎ᠡ ᠡᠩᠨᠡᠭᠡᠨ ᠳᠤ ᠣᠷᠣᠵᠤ᠂ ᠲᠣᠰ ᠲᠣᠰ 6194 ᠲᠦᠮᠡᠨ ᠳ᠋ᠣᠯᠯᠠᠷ᠂ 1244 ᠲᠦᠮᠡᠨ ᠳ᠋ᠣᠯᠯᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ ᠠᠯᠠᠱᠠ ᠠᠶᠢᠮᠠᠭ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 6.5 ᠳᠠᠬᠢᠨ ᠪᠠ 4.5 ᠳᠠᠬᠢᠨ ᠨᠡᠮᠡᠭᠳᠡᠪᠡ᠃ 
 
ᠢᠷᠡᠯᠲᠡ᠄ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号