886.8 ᠲᠦᠮᠡᠨ ᠲᠣᠨ ! ᠲᠦᠷᠦᠭᠦᠸ ᠬᠠᠭᠠᠰ ᠵᠢᠯ ᠳᠤ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠤ ᠳᠤᠮᠳᠠ ᠳᠡᠭᠡᠭᠰᠢᠯᠡᠯᠲᠡ ᠲᠠᠢ ᠪᠠᠶᠢᠨ᠎ᠠ
ᠨᠡᠶᠢᠲᠡᠯᠡᠭᠰᠡᠨ ᠴᠠᠭ᠄
2023/7/14
      ᠡᠨᠡ ᠵᠢᠯ ᠤᠨ ᠲᠦᠷᠦᠭᠦᠦ ᠬᠠᠭᠠᠰ ᠵᠢᠯ ᠳᠤ ᠂ ᠡᠷᠢᠶᠡᠨ ᠬᠤᠳᠠ ᠶᠢᠨ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 886.8 ᠲᠦᠮᠡᠨ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠨᠡᠮᠡᠭᠳᠡᠵᠡᠢ ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 718.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 85.4% ᠪᠠᠷ ᠨᠡᠮᠡᠭᠳᠡᠵᠡᠢ︔ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 168.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.3%  ᠪᠠᠷ ᠨᠡᠮᠡᠭᠳᠡᠪᠡ᠃       ᠵᠢᠯ ᠡᠬᠢᠯᠡᠭᠰᠡᠨ ᠠᠴᠠ ᠨᠠᠭᠠᠰᠢ ᠂ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠶᠢᠨ ᠬᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ  ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠥᠷᠨᠢᠭᠦᠯᠵᠦ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠳᠠᠲᠠᠢ ᠠᠵᠢᠯ ᠢᠶᠠᠷ ᠢᠶᠠᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ ᠳᠥᠲᠡ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠂ ᠡᠷᠢᠶᠡᠨ ᠬᠤᠳᠠ ᠶᠢᠨ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠠᠰᠤᠷᠠᠯᠳᠡ ᠦᠭᠡᠢ ᠳᠡᠭᠡᠭᠰᠢᠯᠡᠵᠦ ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ ᠃      ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠰᠠᠯᠠᠭᠠᠨ ᠤ ᠳᠡᠳ᠋ ᠳᠠᠷᠤᠭ᠎ᠠ ᠠᠽᠢᠶ᠎ᠠ ᠄ ︽ ᠳᠠᠷᠠᠭᠠᠴᠢ ᠶᠢᠨ ᠠᠯᠬᠤᠮ ᠳᠤ ᠂ ᠡᠷᠢᠶᠡᠨ ᠪᠣᠭᠤᠮᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠠᠶᠢᠲᠤᠷ ᠰᠣᠷᠣᠯᠴᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︿ ᠭᠠᠶᠢᠯᠢ ᠲᠠᠲᠠᠪᠤᠷᠢ ᠶᠢ ᠡᠮᠬᠢᠯᠡᠨ ᠬᠤᠷᠢᠶᠠᠩᠭᠤᠶᠢᠯᠠᠬᠤ ﹀ + ︿ ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ ﹀ ᠵᠡᠷᠭᠡ ᠪᠣᠭᠤᠮᠲᠠ ᠪᠠᠷ ᠥᠩᠭᠡᠷᠡᠬᠦ ᠳᠥᠭᠦᠮ ᠵᠠᠭᠪᠤᠷ ᠢ ᠯᠠᠪᠳᠠᠭᠤᠨ ᠪᠠᠲᠤᠲᠠᠢ ᠠᠬᠢᠭᠤᠯᠵᠤ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠨ ᠠᠷᠭ᠎ᠠ ᠵᠠᠮ ᠢᠶᠠᠷ ᠰᠠᠶᠢᠲᠤᠷ ᠬᠢᠵᠦ ᠂ ᠬᠢᠯᠢ ᠶᠢᠨ ᠪᠣᠭᠤᠮᠲᠠ ᠳᠤ ᠪᠠᠶᠢᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠥᠷᠭᠡᠨ ᠣᠯᠠᠨ ᠠᠵᠤ ᠠᠬᠤᠶᠢᠯᠠᠯ ᠳᠤ ᠦᠨᠡᠨ ᠪᠣᠳᠠᠲᠠᠢ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠭᠦᠯᠦᠨ᠎ᠡ ︾ ᠭᠡᠵᠦ ᠬᠡᠯᠡᠪᠡ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号