ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠵᠡᠭᠡᠯᠢ ᠤᠨ ᠭᠤᠷᠪᠠᠳᠤᠭᠠᠷ ᠪᠦᠯᠦᠭ ᠥᠭᠡᠷᠡᠴᠢᠯᠡᠨ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2023/7/17
  ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠪᠠᠭᠠᠨ ᠵᠡᠭᠡᠯᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠤᠳᠠᠯᠳᠤᠭ᠎ᠠ ᠭᠦᠢᠯᠭᠡᠭᠡᠨ ᠥᠰᠥᠭ ﹇2019﹈ 737 ᠳ᠋ᠤᠭᠠᠷ ᠲᠣᠭᠠᠲᠤ︶ ᠪᠠ ︽2023 ᠣᠨ ᠤ ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠶᠠᠪᠠᠭᠠᠨ ᠵᠡᠭᠡᠯᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠬᠤᠳᠠᠯᠳᠤᠭ᠎ᠠ ᠭᠦᠢᠯᠭᠡᠭᠡᠨ ᠥᠰᠥᠭ ﹇2023﹈ 253 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠪᠠᠷ ᠳᠡᠮᠵᠢᠨ᠂ ᠶᠠᠪᠠᠭᠠᠨ ᠵᠡᠭᠡᠯᠢ ᠳᠤ ᠪᠠᠶᠢᠭ᠎ᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠠᠩᠬᠠᠨ ᠤ ᠬᠢᠨᠠᠯᠲᠠ ᠪᠠ ᠲᠠᠨᠢᠯᠴᠠᠭᠤᠯᠭ᠎ᠠ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠬᠥᠮᠦᠨ ᠤ ᠵᠡᠭᠡᠯᠢ ᠤᠨ ᠭᠤᠷᠪᠠᠳᠤᠭᠠᠷ ᠪᠦᠯᠦᠭ ᠥᠭᠡᠷᠡᠴᠢᠯᠡᠨ ᠳᠡᠭᠡᠭᠰᠢᠯᠡᠭᠦᠯᠬᠦ ᠲᠤᠷᠰᠢᠯᠲᠠ ᠶᠢᠨ ᠴᠡᠭ 2 ᠢ ᠲᠣᠭᠲᠠᠭᠠᠪᠠ᠃ ᠡᠳᠦᠭᠡ ᠨᠡᠷᠡᠰ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ᠄ 2023 ᠣᠨ ᠤ 7 ᠳ᠋ᠤᠭᠠᠷ ᠰᠠᠷ᠎ᠠ ᠶᠢᠨ 17 ᠤ ᠡᠳᠦᠷ ᠠᠴᠠ 7 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠂ ᠨᠡᠶᠢᠲᠡ 7 ᠡᠳᠦᠷ᠃  ᠵᠠᠷᠯᠠᠨ ᠨᠡᠶᠢᠲᠡᠯᠡᠬᠦ ᠬᠤᠭᠤᠴᠠᠭᠠᠨ ᠳᠤ ᠠᠯᠢᠪᠠ ᠨᠢᠭᠡᠴᠢ ᠪᠣᠯᠣᠨ ᠬᠤᠪᠢ ᠬᠥᠮᠦᠨ ᠬᠡᠷᠪᠡ ᠣᠨᠳᠣᠤ ᠰᠠᠨᠠᠯ ᠲᠠᠢ ᠪᠣᠯ ᠰᠤᠷᠪᠤᠯᠵᠢᠯᠠᠯ᠂ ᠳ᠋ᠢᠶᠠᠩᠬᠤᠸᠠ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠵᠤ ᠪᠣᠯᠤᠨ᠎ᠠ᠃ ᠪᠠᠶᠢᠳᠠᠯ ᠪᠣᠯᠤᠨ ᠠᠰᠠᠭᠤᠳᠠᠯ ᠢ ᠲᠤᠰᠬᠠᠬᠤ ᠳᠤ ᠦᠨᠡᠨ ᠠᠴᠠ ᠵᠥᠪ ᠢ ᠡᠷᠢᠵᠦ᠂ ᠪᠤᠰᠤᠳᠴᠢ ᠲᠥᠪ ᠭᠤᠣᠯᠴᠢ ᠪᠠᠶᠢᠬᠤ ᠬᠡᠷᠡᠭᠲᠡᠢ᠃ ᠬᠢᠨᠠᠨ ᠬᠠᠷᠭᠤᠭᠤᠯᠬᠤ ᠳᠤ ᠲᠥᠬᠦᠮ ᠪᠠᠶᠢᠯᠭᠠᠵᠤ᠂ ᠬᠥᠮᠦᠨ ᠤ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠪᠠᠨ ᠬᠠᠩᠭᠠᠬᠤ ᠶᠢ ᠰᠠᠨᠠᠭᠠᠴᠢᠯᠠᠬᠤ ᠶᠢᠨ ᠲᠥᠯᠥᠭᠡ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠨ᠎ᠡ᠃  ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ᠃  ᠬᠠᠷᠢᠯᠴᠠᠬᠤ ᠤᠲᠠᠰᠤ᠄ 0471—6946508    0471—6945209  ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠵᠡᠭᠡᠯᠢ ᠤᠨ ᠭᠤᠷᠪᠠᠳᠤᠭᠠᠷ ᠪᠦᠯᠦᠭ ᠥᠭᠡᠷᠡᠴᠢᠯᠡᠨ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠤᠨ ᠨᠡᠷᠡᠰ    2023 ᠣᠨ ᠤ 7 ᠳ᠋ᠤᠭᠠᠷ ᠰᠠᠷ᠎ᠠ ᠶᠢᠨ 17 ᠤ ᠡᠳᠦᠷ  ᠳᠠᠭᠠᠯᠳᠤᠭᠤᠯᠤᠯᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠵᠡᠭᠡᠯᠢ ᠤᠨ ᠭᠤᠷᠪᠠᠳᠤᠭᠠᠷ ᠪᠦᠯᠦᠭ ᠥᠭᠡᠷᠡᠴᠢᠯᠡᠨ ᠳᠡᠭᠡᠭᠰᠢᠯᠡᠭᠦᠯᠬᠦ ᠲᠤᠷᠰᠢᠯᠲᠠ ᠶᠢᠨ ᠨᠡᠷᠡᠰ1. ᠤᠯᠠᠭᠠᠨᠴᠠᠪ ᠬᠤᠲᠠ ᠶᠢᠨ ᠴᠠᠬᠠᠷ ᠡᠷᠲᠡᠨ ᠤ ᠵᠡᠭᠡᠯᠢ ᠶᠢᠨ ᠶᠠᠪᠠᠭᠠᠨ ᠵᠡᠭᠡᠯᠢ2. ᠪᠤᠭᠤᠲᠤ ᠶᠢᠨ ᠪᠣᠤ ᠪᠠᠢ ᠴᠤᠤ ᠾᠧ ᠵᠡᠭᠡᠯᠢ ᠲᠣᠭᠤᠷᠢᠭ ᠤᠨ ᠶᠠᠪᠠᠭᠠᠨ ᠵᠡᠭᠡᠯᠢ 
 
ᠢᠷᠡᠯᠲᠡ᠄ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号