︽2023 ᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠭᠦᠯᠡᠨ ᠬᠥᠮᠥᠷᠭᠡ ᠶᠢᠨ ᠲᠤᠷᠰᠢᠯᠲᠠ ᠶᠢᠨ | ᠴᠡᠭ ᠪᠠ ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ ᠡᠯᠧᠺᠲᠷᠣᠨ ᠢᠶᠠᠷ ᠵᠠᠰᠠᠨ ᠥᠭᠡᠷᠡᠴᠢᠯᠡᠬᠦ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ︵ᠥᠪᠥᠷ ᠬᠤᠳᠠᠯᠳᠤᠭ᠎ᠠ ᠴᠠᠬᠢᠯᠭᠠᠨ ᠮᠡᠳᠡᠭᠡ | ᠦᠰᠦᠭ ﹇2023﹈ 103 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ | ᠠᠶᠢᠮᠠᠭ ᠬᠤᠲᠠ ᠠᠴᠠ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠵᠢᠴᠢ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠣᠭᠲᠠᠭᠠᠬᠤ ᠪᠠᠷ | ᠳᠡᠮᠵᠢᠨ᠂ 2023 ᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠡᠳ᠋ᠯᠡᠬᠦ ᠡᠭᠦᠯᠡᠨ | ᠬᠥᠮᠥᠷᠭᠡ ᠶᠢᠨ 1 ᠲᠤᠷᠰᠢᠯᠲᠠ ᠶᠢᠨ ᠴᠡᠭ ᠪᠠ ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ | ᠡᠯᠧᠺᠲᠷᠣᠨ ᠬᠤᠳᠠᠯᠳᠤᠭ᠎ᠠ ᠪᠠᠷ ᠥᠭᠡᠷᠡᠴᠢᠯᠡᠬᠦ 5 ᠲᠥᠷᠥᠯ ᠵᠦᠢᠯ ᠢ ᠲᠣᠭᠲᠠᠭᠠᠪᠠ᠃ ᠡᠳᠦᠭᠡ ᠨᠡᠷᠡᠰ ᠢ | ᠨᠡᠶᠢᠲᠡᠯᠡᠶ᠎ᠠ᠄ | ᠨᠢᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠡᠳ᠋ᠯᠡᠬᠦ ᠡᠭᠦᠯᠡᠨ ᠬᠥᠮᠥᠷᠭᠡ᠄ | ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠠᠮᠲᠤ ᠪᠠᠷ ᠡᠳ᠋ᠯᠡᠬᠦ ᠡᠭᠦᠯᠡᠨ ᠬᠥᠮᠥᠷᠭᠡ ᠶᠢᠨ ᠲᠥᠷᠥᠯ ᠵᠦᠢᠯ | ᠬᠤᠶᠠᠷ᠂ ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ ᠡᠯᠧᠺᠲᠷᠣᠨ ᠬᠤᠳᠠᠯᠳᠤᠭ᠎ᠠ ᠪᠠᠷ | ᠥᠭᠡᠷᠡᠴᠢᠯᠡᠬᠦ ᠲᠥᠷᠥᠯ ᠵᠦᠢᠯ᠄ | 1. ᠱᠧᠩ ᠮᠦ ᠣᠷᠭᠠᠨᠢᠭ ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ ᠡᠯᠧᠺᠲᠷᠣᠨ | ᠬᠤᠳᠠᠯᠳᠤᠭ᠎ᠠ ᠪᠠᠷ ᠥᠭᠡᠷᠡᠴᠢᠯᠡᠬᠦ ᠲᠥᠷᠥᠯ ᠵᠦᠢᠯ | 2. ᠥᠪᠥᠷ ᠮᠣᠩᠭᠤᠯ ᠤᠨ ᠲᠠᠯ᠎ᠠ ᠨᠤᠲᠤᠭ ᠤᠨ ᠬᠤᠩ ᠪᠤᠤ ᠬᠥᠯᠳᠡᠭᠡᠭᠰᠡᠨ ᠵᠢᠴᠢ ᠬᠤᠨᠢᠨ ᠮᠢᠬᠠᠨ ᠤ | ᠪᠦᠲᠦᠭᠡᠭᠳᠡᠬᠦᠨ ᠢ ᠡᠯᠧᠺᠲᠷᠣᠨ ᠬᠤᠳᠠᠯᠳᠤᠭ᠎ᠠ ᠪᠠᠷ ᠥᠭᠡᠷᠡᠴᠢᠯᠡᠬᠦ ᠲᠥᠷᠥᠯ ᠵᠦᠢᠯ | 3. ᠪᠥᠬᠦ ᠠᠵᠤ ᠦᠢᠯᠡᠰ ᠤᠨ ᠬᠡᠯᠬᠢᠶ᠎ᠡ ᠶᠢ ᠡᠮᠬᠢᠯᠡᠨ ᠨᠡᠶᠢᠯᠡᠭᠦᠯᠬᠦ ᠳᠤ ᠰᠠᠭᠤᠷᠢᠯᠠᠭᠰᠠᠨ ᠬᠤᠨᠢᠨ ᠮᠢᠬᠠᠨ ᠤ | ᠡᠯᠧᠺᠲᠷᠣᠨ ᠬᠤᠳᠠᠯᠳᠤᠭᠠᠨ ᠤ ᠲᠥᠷᠥᠯ ᠲᠡᠮᠳᠡᠭ ᠢ ᠪᠣᠶ ᠪᠣᠯᠭᠠᠬᠤ ᠲᠥᠷᠥᠯ ᠵᠦᠢᠯ | 4. ᠳᠣᠣᠷ᠎ᠠ ᠳᠤᠯᠠᠭᠠᠨ ᠤ ᠴᠢᠨᠠᠷ ᠢ ᠪᠠᠲᠤᠯᠠᠬᠤ ᠣᠬᠤᠷ ᠬᠤᠭᠤᠴᠠᠭᠠᠨ ᠤ ᠲᠠᠯ᠎ᠠ ᠨᠤᠲᠤᠭ ᠤᠨ ᠡᠭᠡᠳᠡᠭᠰᠡᠨ | ᠰᠦ ᠶᠢᠨ ᠪᠦᠲᠦᠭᠡᠭᠳᠡᠭᠦᠨ ᠢ ᠡᠯᠧᠺᠲᠷᠣᠨ ᠬᠤᠳᠠᠯᠳᠤᠭ᠎ᠠ ᠪᠠᠷ ᠦᠭᠡᠷᠡᠴᠢᠯᠡᠭᠦ ᠲᠦᠷᠦᠯ ᠵᠦᠢᠯ | 5. ᠰᠢᠯᠢ ᠶᠢᠨ ᠭᠤᠣᠯ ᠠᠶᠢᠮᠠᠭ ᠤᠨ ᠮᠧᠩ ᠴᠢᠨ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ | ᠡᠯᠧᠺᠲᠷᠣᠨ ᠬᠤᠳᠠᠯᠳᠤᠭ᠎ᠠ ᠪᠠᠷ ᠥᠭᠡᠷᠡᠴᠢᠯᠡᠬᠦ ᠲᠥᠷᠥᠯ ᠵᠦᠢᠯ | ᠵᠠᠷᠯᠠᠨ ᠨᠡᠶᠢᠲᠡᠯᠡᠬᠦ ᠬᠤᠭᠤᠴᠠᠭ᠎ᠠ᠄ 2023 ᠣᠨ ᠤ 7 ᠳ᠋ᠤᠭᠠᠷ ᠰᠠᠷ᠎ᠠ ᠶᠢᠨ 17 ᠤ ᠡᠳᠦᠷ ᠠᠴᠠ 7 ᠳ᠋ᠤᠭᠠᠷ | ᠰᠠᠷ᠎ᠠ ᠶᠢᠨ 23 ᠤ ᠡᠳᠦᠷ᠂ ᠨᠡᠶᠢᠲᠡ 7 ᠡᠳᠦᠷ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠠᠯᠢᠪᠠ ᠨᠢᠭᠡᠴᠢ ᠪᠣᠯᠣᠨ | ᠬᠤᠪᠢ ᠬᠥᠮᠦᠨ ᠬᠡᠷᠪᠡ ᠣᠨᠳᠣᠤ ᠰᠠᠨᠠᠯ ᠲᠠᠢ ᠪᠣᠯ ᠰᠤᠷᠪᠤᠯᠵᠢᠯᠠᠯ᠂ ᠳ᠋ᠢᠶᠠᠩᠬᠤᠸᠠ᠂ ᠵᠠᠬᠢᠳᠠᠯ ᠢᠷᠡᠭᠦᠯᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠵᠤ ᠪᠣᠯᠤᠨ᠎ᠠ᠃ ᠪᠠᠶᠢᠳᠠᠯ ᠪᠣᠯᠤᠨ ᠠᠰᠠᠭᠤᠳᠠᠯ ᠢ ᠲᠤᠰᠬᠠᠬᠤ ᠳᠤ | ᠦᠨᠡᠨ ᠠᠴᠠ ᠵᠥᠪ ᠢ ᠡᠷᠢᠵᠦ᠂ ᠪᠤᠰᠤᠳᠴᠢ ᠲᠥᠪ ᠭᠤᠣᠯᠴᠢ ᠪᠠᠶᠢᠬᠤ ᠬᠡᠷᠡᠭᠲᠡᠢ᠃ ᠬᠢᠨᠠᠨ ᠬᠠᠷᠭᠤᠭᠤᠯᠬᠤ ᠳᠤ | ᠲᠥᠬᠦᠮ ᠪᠠᠶᠢᠯᠭᠠᠵᠤ᠂ ᠬᠥᠮᠦᠨ ᠤ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ | ᠪᠠᠶᠢᠭ᠎ᠠ ᠨᠢᠭᠡᠴᠢ ᠪᠠᠨ ᠬᠠᠩᠭᠠᠬᠤ ᠶᠢ ᠰᠠᠨᠠᠭᠠᠴᠢᠯᠠᠬᠤ ᠶᠢᠨ ᠲᠥᠯᠥᠭᠡ᠂ ᠪᠢᠳᠡ ᠠᠵᠢᠯ ᠤᠨ ᠰᠠᠬᠢᠯᠭ᠎ᠠ ᠪᠠᠲᠤ ᠶᠢ | ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠨ᠎ᠡ᠃ | ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠪᠣᠯᠣᠨ ᠮᠡᠳᠡᠭᠡ | ᠵᠠᠩᠭᠢᠵᠢᠯᠲᠠ ᠶᠢᠨ ᠭᠠᠵᠠᠷ | ᠬᠠᠷᠢᠯᠴᠠᠬᠤ ᠤᠲᠠᠰᠤ᠄ 0471—6945094 | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | 2023 ᠣᠨ ᠤ 7 ᠳ᠋ᠤᠭᠠᠷ ᠰᠠᠷ᠎ᠠ ᠶᠢᠨ 17 ᠤ ᠡᠳᠦᠷ | |