︽ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ | ᠲᠢᠩᠬᠢᠮ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ | ᠵᠤᠷᠭᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠬᠡᠷᠡᠭᠵᠢᠭᠦᠯᠬᠦ ᠶᠢ ᠳᠡᠮᠵᠢᠬᠦ ᠲᠤᠬᠠᠶ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ 2023 ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ | ᠪᠠᠶᠢᠭᠤᠯᠤᠯᠲᠠ ᠶᠢᠨ ᠠᠵᠢᠯᠯᠠᠭᠠᠨ ᠤ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠵᠡᠷᠭᠡ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠡᠳ᠋ ᠤᠨ ᠵᠠᠰᠠᠭ ᠤᠨ ᠲᠢᠩᠬᠢᠮ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ 2023 ᠣᠨ ᠤ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢ ᠭᠤᠶᠤᠴᠢᠯᠠᠨ ᠮᠡᠳᠡᠭᠦᠯᠬᠦ | ᠠᠵᠢᠯ ᠢ ᠬᠠᠮᠲᠤ ᠪᠠᠷ ᠵᠣᠬᠢᠶᠠᠨ ᠪᠠᠶᠢᠭᠤᠯᠵᠤ᠂ ᠠᠶᠢᠮᠠᠭ ᠬᠤᠲᠠ ᠶᠢ ᠬᠢᠨᠠᠨ ᠬᠠᠷᠭᠤᠭᠤᠯᠵᠤ ᠲᠠᠨᠢᠯᠴᠠᠭᠤᠯᠬᠤ᠂ | ᠲᠤᠰᠬᠠᠶ ᠮᠡᠷᠭᠡᠵᠢᠯᠲᠡᠨ ᠢ ᠰᠢᠯᠭᠠᠷᠠᠭᠤᠯᠬᠤ᠂ ᠰᠠᠯᠠᠭ᠎ᠠ ᠮᠥᠴᠢᠷ ᠤᠨ ᠵᠥᠪᠳᠡᠯᠴᠡᠬᠦ ᠵᠢᠴᠢ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠨᠠᠮ ᠤᠨ ᠳᠤᠭᠤᠶᠢᠯᠠᠩ ᠤᠨ ᠬᠤᠷᠠᠯ ᠢᠶᠠᠷ ᠬᠢᠨᠠᠨ ᠲᠣᠭᠲᠠᠭᠠᠬᠤ ᠵᠡᠷᠭᠡ ᠲᠠᠰ | ᠳᠠᠷᠠᠭᠠᠯᠠᠯ ᠢᠶᠠᠷ ᠳᠡᠮᠵᠢᠨ᠂ 2023 ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢ ᠲᠣᠭᠲᠠᠭᠠᠵᠤ᠂ ᠣᠲᠣ ᠨᠡᠷᠡᠰ ᠢ ᠵᠠᠷᠯᠠᠨ ᠨᠡᠶᠢᠲᠡᠯᠡᠪᠡ᠄ | ᠬᠤᠷᠢᠨᠭᠡᠷ ᠰᠢᠶᠠᠨ᠂ ᠭᠦᠶᠡᠩ ᠰᠢᠶᠠᠨ᠂ ᠲᠦᠮᠡᠳ ᠪᠠᠷᠠᠭᠤᠨ ᠬᠤᠰᠢᠭᠤ᠂ ᠶᠠᠭᠰᠢ ᠬᠤᠳᠠ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭᠠᠨᠬᠤᠲᠠ᠂ ᠪᠠᠭᠠᠷᠢᠨ ᠪᠠᠷᠠᠭᠤᠨ ᠬᠤᠰᠢᠭᠤ᠂ ᠪᠠᠭᠠᠷᠢᠨ ᠵᠡᠭᠦᠨ | ᠬᠤᠰᠢᠭᠤ᠂ ᠬᠠᠷᠠᠴᠢᠨ ᠬᠤᠰᠢᠭᠤ᠂ ᠳᠥᠷᠪᠡᠳ ᠬᠤᠰᠢᠭᠤ᠂ ᠱᠠᠩᠳᠤ ᠰᠢᠶᠠᠨ᠂ ᠦᠶᠤᠸᠠᠨ ᠰᠢᠶᠠᠨ᠂ ᠬᠠᠩᠭᠢᠨ | ᠬᠤᠶᠢᠲᠤ ᠬᠤᠰᠢᠭᠤ᠂ ᠯᠢᠨᠾᠧ ᠲᠣᠭᠤᠷᠢᠭ᠂ ᠬᠠᠶᠢᠷᠤᠪ ᠤᠨ ᠲᠤᠬᠤᠢ ᠲᠣᠭᠤᠷᠢᠭ᠂ ᠠᠯᠠᠱᠠ ᠪᠠᠷᠠᠭᠤᠨ ᠬᠤᠰᠢᠭᠤ᠃ | ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠳ᠋ᠤᠭᠠᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠃ | ᠶᠠᠮᠠᠷᠪᠠ ᠨᠢᠭᠡᠴᠢ ᠪᠤᠶᠤ ᠬᠤᠪᠢ ᠬᠥᠮᠦᠨ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠣᠯ ᠲᠤᠰ | ᠬᠤᠭᠤᠴᠠᠭᠠᠨ ᠳᠤ ᠡᠵᠡᠮᠰᠢᠭᠰᠡᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ ᠳᠤ ᠲᠠᠮᠠᠭ᠎ᠠ ᠪᠠᠨ | ᠳᠠᠷᠤᠭᠠᠷᠠᠢ᠂ ᠬᠤᠪᠢ ᠬᠥᠮᠦᠨ ᠭᠠᠷ ᠤᠨ ᠦᠰᠦᠭ ᠵᠢᠷᠤᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ | ᠬᠠᠷᠢᠯᠴᠠᠬᠤ ᠬᠡᠯᠪᠡᠷᠢ ᠪᠠᠨ ᠳᠠᠭᠠᠯᠳᠤᠭᠤᠯᠤᠨ᠎ᠠ᠃ | ᠬᠠᠷᠢᠯᠴᠠᠬᠤ ᠬᠡᠯᠪᠡᠷᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠭᠦᠢᠯᠭᠡᠭᠡᠨ ᠤ ᠦᠢᠯᠡᠰ ᠤᠨ ᠬᠦᠭᠵᠢᠬᠦᠯᠦᠯᠲᠡ ᠶᠢᠨ ᠭᠠᠵᠠᠷ | ᠤᠲᠠᠰᠤ᠄ 0471-6945209 | ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 5 ᠳ᠋ᠤᠭᠠᠷ | ᠠᠰᠠᠷ ᠤᠨ 614 ᠳ᠋ᠤᠭᠠᠷ ᠥᠷᠥᠭᠡ | |