ᠬᠦᠬᠡᠬᠤᠲᠠ | 7 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠦᠢᠯᠡᠳᠪᠦᠷᠢ | ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠯᠢᠦ ᠴᠤᠸ ᠨᠠᠷ ᠲᠠᠢ | ᠠᠭᠤᠯᠵᠠᠵᠤ᠂ ᠬᠤᠶᠠᠷ ᠲᠠᠯ᠎ᠠ ᠪᠠᠷ ᠢᠶᠠᠨ ᠤᠯᠤᠰ ᠲᠥᠷᠥ ᠶᠢᠨ ᠪᠠᠩᠬᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠬᠦ ᠲᠤᠬᠠᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠸᠠᠩ ᠬᠠᠢ ᠢᠦᠢ᠂ ᠯᠢᠦ ᠵᠢᠢ | ᠶᠢᠩ ᠠᠭᠤᠯᠵᠠᠯᠲᠠ ᠳᠤ ᠣᠷᠣᠯᠴᠠᠪᠠ᠃ ︵ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ︶ | 7 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠾᠧ ᠬᠠᠢ ᠳ᠋ᠦᠩ ᠴᠢᠦ᠋ᠢᠵᠢᠶᠠᠩ ᠤᠨ ᠰᠣᠶᠣᠯ ᠤᠨ ᠠᠵᠤ ᠦᠢᠯᠡᠰ ᠤᠨ ᠪᠦᠯᠦᠭᠯᠡᠯ ᠤᠨ | ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠫᠧᠩ ᠬᠠᠢ ᠲᠤᠤ ᠨᠠᠷ ᠲᠠᠢ ᠠᠭᠤᠯᠵᠠᠵᠤ᠂ ᠬᠤᠶᠠᠷ | ᠲᠠᠯ᠎ᠠ ᠪᠠᠷ ᠢᠶᠠᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠰᠣᠶᠣᠯ ᠤᠨ ᠵᠢᠭᠤᠯᠴᠢᠯᠠᠯ ᠤᠨ | ᠵᠦᠢᠯᠡᠰ ᠤᠨ ᠬᠠᠮᠲᠤᠷᠠᠯᠴᠠᠭ᠎ᠠ ᠵᠡᠷᠭᠡ ᠤᠴᠢᠷ ᠶᠠᠪᠤᠳᠠᠯ ᠤᠨ ᠲᠤᠬᠠᠢ ᠶᠠᠷᠢᠯᠴᠠᠵᠤ ᠰᠣᠯᠢᠯᠴᠠᠪᠠ᠃ ᠬᠥᠬᠡᠬᠤᠲᠠ ᠶᠢᠨ | ᠳᠡᠳ᠋ ᠳᠠᠷᠤᠭ᠎ᠠ ᠶᠢᠨ ᠨᠡᠷ᠎ᠡ ᠲᠤᠷᠠᠳᠤᠭᠰᠠᠨ ᠵᠢᠱᠢᠭᠳᠡᠭᠴᠢ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠹᠦ᠋ ᠶᠢᠨ ᠠᠭᠤᠯᠵᠠᠯᠲᠠ ᠳᠤ ᠣᠷᠣᠯᠴᠠᠪᠠ᠃ ︵ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ︶ | | ᠬᠦᠯᠦᠨ ᠪᠣᠶᠢᠷ ᠬᠤᠲᠠ | 7 ᠳ᠋ᠤᠭᠠᠷ ᠰᠠᠷ᠎ᠠ ᠶᠢᠨ 18 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ | ᠷᠦᠨ ᠰᠢ ᠵᠢᠩ ᠲᠦᠩ ︵ᠱᠠᠩᠬᠠᠢ︶ ᠤᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ ᠷᠧᠨ ᠶᠠ ᠬᠤᠶ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠮᠠᠰᠢᠨ ᠲᠣᠨᠣᠭᠯᠠᠯ ᠦᠢᠯᠡᠳᠬᠦ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢ ᠥᠷᠨᠢᠭᠦᠯᠵᠦ᠂ ᠭᠦᠨᠵᠡᠭᠡᠢ ᠪᠠᠷ ᠵᠣᠯᠭᠠᠭᠤᠯᠤᠨ ᠰᠣᠯᠢᠯᠴᠠᠪᠠ᠃ ᠬᠥᠯᠥᠨ ᠪᠤᠶᠢᠷ ᠬᠤᠳᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠢᠴᠢ ᠶᠦᠩ ᠴᠢᠶᠠᠨ ᠨᠠᠷ ᠠᠭᠤᠯᠵᠠᠯᠲᠠ ᠳᠤ | ᠣᠷᠣᠯᠴᠠᠪᠠ᠃ ︵ᠢᠷᠡᠯᠲᠡ᠄ ᠬᠥᠯᠥᠨ ᠪᠤᠶᠢᠷ ᠤᠨ ᠡᠳᠦᠷ ᠤᠨ ᠰᠣᠨᠢᠨ︶ | 7 ᠳ᠋ᠤᠭᠠᠷ ᠰᠠᠷ᠎ᠠ ᠶᠢᠨ 18 ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠬᠢᠭᠡᠳ ᠥᠪᠥᠷ | ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠶᠢ ᠵᠣᠯᠭᠠᠭᠤᠯᠬᠤ ᠶᠠᠷᠢᠯᠴᠠᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃ ᠬᠤᠲᠠ | ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠢ ᠬᠠᠢ | ᠯᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠼᠦᠩ ᠸᠧᠨ | ᠵᠢᠶᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠬᠥᠳᠡᠯᠭᠡᠭᠡᠨ ᠳᠤ | ᠣᠷᠣᠯᠴᠠᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠵᠢᠴᠢ | ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠵᠥᠪᠳᠡᠯᠴᠡᠭᠡ | ᠬᠢᠵᠦ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠬᠥᠯᠥᠨ ᠪᠤᠶᠢᠷ ᠤᠨ ᠪᠣᠬᠢᠷᠲᠤᠯ ᠦᠭᠡᠢ ᠡᠨᠧᠷᠭᠢ ᠬᠢᠮᠢ ᠶᠢᠨ ᠠᠵᠤ | ᠦᠢᠯᠡᠳᠪᠦᠷᠢ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠡᠨᠧᠷᠭᠢ ᠶᠢᠨ ᠲᠣᠨᠣᠭᠯᠠᠯ ᠦᠢᠯᠡᠳᠬᠦ ᠵᠡᠷᠭᠡ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠵᠤ᠂ ᠤᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ | ᠶᠡᠷᠦᠩᠬᠡᠶᠢᠯᠡᠭᠰᠡᠨ ᠡᠨᠧᠷᠭᠢ ᠶᠢᠨ ᠬᠠᠩᠭᠠᠯᠭ᠎ᠠ ᠶᠢᠨ ᠬᠥᠭᠵᠢᠯᠲᠡ ᠶᠢᠨ ᠵᠠᠭᠪᠤᠷ ᠢ ᠬᠠᠮᠲᠤ ᠪᠠᠷ ᠪᠠᠶᠢᠭᠤᠯᠤᠨ᠎ᠠ ᠭᠡᠵᠦ | ᠰᠠᠨᠠᠯ ᠨᠢᠭᠡᠲᠡᠢ ᠢᠯᠡᠳᠭᠡᠵᠡᠭᠡᠪᠡ᠃ ︵ᠢᠷᠡᠯᠲᠡ᠄ ᠬᠥᠯᠥᠨ ᠪᠤᠶᠢᠷ ᠤᠨ ᠡᠳᠦᠷ ᠤᠨ ᠰᠣᠨᠢᠨ︶ | 7 ᠳ᠋ᠤᠭᠠᠷ ᠰᠠᠷ᠎ᠠ ᠶᠢᠨ 10 ᠤ ᠡᠳᠦᠷ᠂ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠤᠷᠭᠠᠨ ᠤ ᠳᠡᠳ᠋ ᠳᠠᠷᠤᠭ᠎ᠠ ᠰᠣ᠋ ᠽᠦ ᠶᠦᠨ ᠪᠦᠯᠬᠦᠮ ᠳᠠᠭᠠᠭᠤᠯᠤᠨ | ᠮᠠᠨᠵᠤᠤᠷ ᠬᠤᠲᠠ ᠳᠤ ᠢᠷᠡᠵᠦ ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ | ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠮᠠᠨᠵᠤᠤᠷ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠵᠢᠶᠣᠣ ᠵᠢᠶᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠲᠤᠰ | ᠲᠤᠰ ᠮᠠᠨᠵᠤᠤᠷ ᠤᠨ ᠰᠢᠩ ᠬᠤᠸᠠ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠮᠠᠨᠵᠤᠤᠷ ᠤᠨ | ᠮᠠᠨ ᠼᠠᠢ ᠮᠣᠳᠣᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠮᠠᠨᠵᠤᠤᠷ ᠤᠨ ᠬᠤᠩ ᠯᠢ ᠮᠣᠳᠣᠨ ᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠮᠠᠨᠵᠤᠤᠷ ᠤᠨ ᠢᠯᠢᠲ᠋ᠤ᠋ ᠪᠠᠷᠠᠭᠠᠨ ᠤ ᠭᠦᠢᠯᠭᠡᠭᠡᠨ ᠤ | ᠬᠢᠵᠠᠭᠠᠷᠲᠤ ᠺᠣᠮᠫᠠᠨᠢ ᠶᠢᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤ | ᠨᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠤᠬᠠᠢ ᠶᠢᠨ | ᠲᠠᠯᠠᠪᠤᠷ ᠲᠤ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ | ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ | ᠶᠠᠪᠤᠴᠠ ᠳᠤ ᠲᠤᠯᠭᠠᠷᠠᠭᠰᠠᠨ ︽ᠬᠦᠴᠢᠷ ᠠᠰᠠᠭᠤᠳᠠᠯ︾ ︽ᠡᠪᠡᠷᠰᠢᠶᠡᠯ ᠲᠠᠢ ᠭᠠᠵᠠᠷ︾ ︽ᠲᠦᠭᠵᠢᠷᠡᠯ ᠲᠠᠢ | ᠭᠠᠵᠠᠷ︾ ᠤᠨ ᠠᠰᠠᠭᠤᠳᠠᠯ ᠢ ᠰᠣᠨᠣᠰᠴᠤ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠢ | ᠣᠶᠢᠯᠠᠭᠠᠪᠠ᠃ ︵ᠢᠷᠡᠯᠲᠡ᠄ ᠮᠠᠨᠵᠤᠤᠷ ᠬᠤᠲᠠ ᠶᠢᠨ ᠨᠡᠶᠢᠯᠡᠯ ᠮᠡᠳᠡᠭᠡ ᠵᠠᠭᠤᠴᠢᠯᠠᠭᠤᠷ ᠤᠨ ᠲᠥᠪ︶ | | ᠲᠦᠩᠯᠢᠶᠣᠣ ᠬᠤᠲᠠ | 7 ᠳ᠋ᠤᠭᠠᠷ ᠰᠠᠷ᠎ᠠ ᠶᠢᠨ 19 ᠤ ᠡᠳᠦᠷ᠂ ᠳᠤᠮᠳᠠᠳᠤ ᠤᠯᠤᠰ · ᠲᠦᠩᠯᠢᠶᠣᠣ ᠶᠢᠨ ᠣᠷᠣᠨ ᠪᠦᠰᠡ ᠶᠢᠨ | ᠨᠠᠷᠠᠲᠤ ᠲᠡᠮᠳᠡᠭᠲᠦ ᠶᠢᠨ ᠬᠠᠮᠲᠤᠷᠠᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠬᠤᠳᠠᠯᠳᠤᠭᠠᠴᠢᠨ ᠤᠷᠢᠵᠤ | ᠲᠠᠨᠢᠯᠴᠠᠭᠤᠯᠬᠤ ᠶᠡᠭᠡ ᠬᠤᠷᠠᠯ ᠲᠦᠩᠯᠢᠶᠣᠣ ᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ | ᠳ᠋ᠦᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠶᠢᠩ ᠵᠦᠩ ᠬᠤᠷᠠᠯ ᠳᠤ ᠣᠷᠣᠯᠴᠠᠵᠤ ᠵᠢᠭᠠᠨ | ᠵᠢᠯᠣᠭᠤᠳᠪᠠ᠃ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠲᠦᠩᠯᠢᠶᠣᠣ ᠬᠤᠲᠠ ᠶᠢᠨ ᠪᠥᠬᠦ | ᠴᠠᠷᠠᠭᠠᠨ ᠤ ᠨᠠᠷᠠᠲᠤ ᠲᠥᠷᠥᠯ ᠲᠡᠮᠳᠡᠭᠲᠦ ᠶᠢᠨ ︽ᠥᠷᠭᠡᠨ ᠠᠭᠤᠳᠠᠮ ᠲᠦᠩᠯᠢᠶᠣᠣ ᠨᠤᠲᠤᠭ︾᠂ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ︽ | ᠲᠦᠩᠯᠢᠶᠣᠣ ᠶᠢᠨ ᠲᠠᠷᠢᠶᠠᠯᠠᠩ ᠤᠨ ᠪᠦᠲᠦᠭᠡᠭᠳᠡᠬᠦᠨ︾᠂ ᠰᠣᠶᠣᠯ ᠵᠢᠭᠤᠯᠴᠢᠯᠠᠯ ᠤᠨ ᠣᠷᠣᠨ ᠪᠦᠰᠡ ᠶᠢᠨ ᠨᠠᠷᠠᠲᠤ | ᠲᠥᠷᠥᠯ ᠲᠡᠮᠳᠡᠭᠲᠦ ᠶᠢᠨ ᠳᠦᠷᠢ ᠲᠥᠷᠬᠦ᠂ ᠨᠠᠷᠠᠲᠤ ᠲᠥᠷᠥᠯ ᠲᠡᠮᠳᠡᠭᠲᠦ ᠶᠢᠨ ᠤᠷᠢᠶ᠎ᠠ ᠵᠢᠴᠢ ᠥᠷᠲᠡᠭ ᠤᠨ | ᠰᠢᠰᠲ᠋ᠧᠮ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠦᠩᠯᠢᠶᠣᠣ ᠬᠤᠲᠠ ᠶᠢᠨ ᠭᠤᠷᠪᠠᠨ ᠲᠣᠮᠣ ᠣᠷᠣᠨ | ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠣᠯᠠᠨ ᠨᠡᠶᠢᠲᠡ ᠳᠤ ᠵᠢᠩᠬᠢᠨᠢ ᠪᠠᠷ ᠳᠡᠯᠭᠡᠨ ᠦᠵᠡᠭᠦᠯᠵᠦ᠂ | ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ ᠬᠤᠯᠪᠣᠭᠳᠠᠯ | ᠪᠦᠬᠦᠢ ᠬᠦᠷᠢᠶᠡᠨ ᠤ ᠲᠤᠰᠬᠠᠢ ᠮᠡᠷᠭᠡᠵᠢᠯᠲᠡᠨ ᠡᠷᠳᠡᠮᠲᠡᠳ ᠲᠦᠷᠦᠯ ᠲᠡᠮᠳᠡᠭ ᠨᠡᠶᠢᠲᠡᠯᠡᠬᠦ ᠲᠤᠬᠠᠢ ᠭᠤᠣᠯ ᠵᠤᠷᠢᠯᠳᠠᠳᠤ | ᠶᠠᠷᠢᠶ᠎ᠠ ᠢᠯᠡᠳᠬᠡᠯ ᠬᠢᠵᠦ᠂ ᠲᠦᠷᠦᠯ ᠲᠡᠮᠳᠡᠭ ᠤᠨ ᠲᠥᠯᠦᠪᠵᠢᠭᠦᠯᠭᠡ ᠶᠢᠨ ᠪᠦᠯᠬᠦᠮ ᠤᠨ ᠲᠥᠯᠥᠭᠡᠯᠡᠭᠴᠢ | ᠲᠤᠬᠠᠢ ᠶᠢᠨ ᠲᠠᠯᠠᠪᠠᠢ ᠳᠤ ᠭᠤᠷᠪᠠᠨ ᠶᠡᠭᠡ ᠲᠦᠷᠦᠯ ᠲᠡᠮᠳᠡᠭ ᠤᠨ ᠲᠦᠷᠦᠯ ᠲᠡᠮᠳᠡᠭ ᠤᠨ ᠪᠠᠶᠢᠯᠳᠤᠬᠤ | ᠪᠣᠳᠣᠯᠭ᠎ᠠ ᠶᠢᠨ ᠲᠥᠯᠦᠪᠵᠢᠭᠦᠯᠭᠡ᠂ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠵᠢᠴᠢ ᠦᠷᠳᠡᠭ ᠤᠨ | ᠠᠭᠤᠯᠤᠭᠳᠠᠬᠤᠨ ᠢ ᠲᠤᠰ ᠲᠤᠰ ᠲᠣᠳᠣᠷᠬᠠᠶᠢᠯᠠᠨ ᠥᠭᠦᠯᠡᠪᠡ᠃ ᠬᠤᠷᠠᠯ ᠳᠡᠭᠡᠷ᠎ᠡ᠂ ᠬᠤᠯᠪᠣᠭᠳᠠᠯ ᠪᠦᠬᠦᠢ | ᠤᠳᠤᠷᠢᠳᠤᠯᠭ᠎ᠠ ᠠᠴᠠ ᠭᠤᠷᠪᠠᠨ ᠲᠣᠮᠣ ᠨᠠᠷᠠᠲᠤ ᠲᠥᠷᠥᠯ ᠲᠡᠮᠳᠡᠭᠲᠦ ᠳᠤ ᠨᠠᠷᠠᠲᠤ ᠲᠥᠷᠥᠯ ᠲᠡᠮᠳᠡᠭᠲᠦ ᠶᠢ | ᠲᠠᠨᠢᠯᠴᠠᠭᠤᠯᠬᠤ ᠪᠠ ᠬᠤᠳᠠᠯᠳᠤᠭᠠᠴᠢᠨ ᠤᠷᠢᠵᠤ ᠲᠠᠨᠢᠯᠴᠠᠭᠤᠯᠵᠠᠢ᠃ ᠥᠪᠥᠷ ᠮᠣᠩᠭᠤᠯ ᠤᠨ ᠬᠤᠷᠴᠢᠨ ᠦᠬᠡᠷ ᠤᠨ | ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠪᠡᠯᠡ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠬᠤᠷᠴᠢᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ 20 ᠠᠵᠤ | ᠠᠬᠤᠶᠢᠯᠠᠯ ᠨᠢ ᠲᠦᠩᠯᠢᠶᠣᠣ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠤᠶᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠦᠷᠦᠭᠦᠸ ᠪᠦᠯᠦᠭ ᠤᠨ ᠡᠷᠬᠡ | ᠣᠯᠭᠤᠭᠰᠠᠨ ᠠᠵᠤ ᠠᠬᠤᠶᠢᠯᠠᠯ ᠪᠣᠯᠪᠠ᠃ ᠲᠦᠩᠯᠢᠶᠣᠣ ᠬᠤᠲᠠ ᠶᠢᠨ ᠲᠠᠷᠢᠶᠠᠯᠠᠩ ᠤᠨ ᠬᠥᠭᠵᠢᠭᠦᠯᠦᠯᠲᠡ ᠶᠢᠨ | ᠪᠦᠯᠦᠭᠯᠡᠯ᠂ ᠰᠣᠶᠣᠯ ᠤᠨ ᠵᠢᠭᠤᠯᠴᠢᠯᠠᠯ ᠤᠨ ᠪᠦᠯᠦᠭᠯᠡᠯ ᠨᠢ ᠬᠠᠮᠢᠶ᠎ᠠ ᠪᠦᠬᠦᠢ ᠠᠵᠤ ᠠᠬᠤᠶᠢᠯᠠᠯ ᠲᠠᠢ ᠲᠤᠬᠠᠢ ᠶᠢᠨ | ᠲᠠᠯᠠᠪᠤᠷ ᠲᠤ ᠭᠡᠷ᠎ᠡ ᠲᠣᠭᠲᠠᠵᠤ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠲᠣᠬᠢᠷᠠᠯᠴᠠᠪᠠ᠃ | ︵ᠢᠷᠡᠯᠲᠡ᠄ ᠲᠦᠩᠯᠢᠶᠣᠣ ᠶᠢᠨ ᠡᠳᠦᠷ ᠤᠨ ᠰᠣᠨᠢᠨ︶ | | ᠰᠢᠯᠢ ᠶᠢᠨ ᠭᠤᠣᠯ ᠠᠶᠢᠮᠠᠭ | 7 ᠳ᠋ᠤᠭᠠᠷ ᠰᠠᠷ᠎ᠠ ᠶᠢᠨ 20 ᠤ ᠡᠳᠦᠷ᠂ ᠬᠥᠪᠡᠭᠡᠲᠦ ᠰᠢᠷ᠎ᠠ ᠬᠤᠰᠢᠭᠤ ᠭᠤᠸᠠᠩᠳᠦ᠋ᠩ ᠮᠤᠵᠢ ᠶᠢᠨ | ᠵᠢᠯᠣᠭᠤᠴᠢ ᠦᠭᠡᠢ ᠨᠢᠰᠬᠡᠯ ᠤᠨ ᠠᠵᠢᠯ ᠲᠥᠷᠥᠯ ᠤᠨ ᠨᠡᠶᠢᠭᠡᠮᠯᠢᠭ ᠤᠨ ᠬᠢᠨ ᠲᠠᠢ ᠶᠠᠷᠢᠯᠴᠠᠬᠤ ᠬᠤᠷᠠᠯ ᠬᠢᠵᠦ᠂ | ᠬᠤᠶᠠᠷ ᠲᠠᠯ᠎ᠠ ᠪᠠᠷ ᠢᠶᠠᠨ ᠵᠢᠯᠣᠭᠤᠴᠢ ᠦᠭᠡᠢ ᠨᠢᠰᠬᠡᠯ ᠤᠨ ᠠᠭᠠᠷ ᠠᠴᠠ ᠰᠡᠭᠦᠳᠡᠷᠯᠡᠬᠦ ᠤᠷᠤᠯᠳᠤᠭᠠᠨ᠂ ᠠᠶᠠᠯᠠᠯ | ᠨᠡᠪᠲᠡᠷᠡᠬᠦ ᠵᠢᠵᠢᠭ ᠪᠠᠯᠭᠠᠰᠤ᠂ ᠳᠣᠣᠷ᠎ᠠ ᠠᠭᠠᠷ ᠤᠨ ᠠᠵᠤ ᠠᠬᠤᠢ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ | ᠰᠣᠯᠢᠯᠴᠠᠨ ᠶᠠᠷᠢᠯᠴᠠᠪᠠ᠃ ᠬᠥᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠯᠢ ᠵᠢᠶᠠᠨ ᠴᠢᠶᠠᠩ ᠬᠤᠷᠠᠯ ᠢ ᠡᠷᠭᠢᠯᠡᠵᠦ᠂ ᠭᠤᠸᠠᠩᠳᠦ᠋ᠩ ᠮᠤᠵᠢ ᠶᠢᠨ ᠵᠢᠯᠣᠭᠤᠴᠢ ᠦᠭᠡᠢ ᠨᠢᠰᠬᠡᠯ ᠤᠨ | ᠠᠵᠢᠯ ᠲᠥᠷᠥᠯ ᠤᠨ ᠨᠡᠶᠢᠭᠡᠮᠯᠢᠭ᠂ ᠥᠪᠥᠷ ᠮᠣᠩᠭᠤᠯ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠳᠤᠯᠭᠠᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ︵ᠢᠷᠡᠯᠲᠡ᠄ ᠰᠢᠯᠢ ᠶᠢᠨ | ᠭᠤᠣᠯ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | | ᠤᠯᠠᠭᠠᠨᠬᠠᠳᠠ ᠬᠤᠲᠠ | 7 ᠳ᠋ᠤᠭᠠᠷ ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ | ᠦᠢᠯᠡᠳᠪᠦᠷᠢ ᠶᠢᠨ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠣᠨᠴᠠ ᠤᠷᠢᠵᠤ ᠬᠠᠮᠵᠢᠯᠴᠠᠨ ᠡᠷᠭᠢᠯᠡᠵᠦ᠂ ᠪᠡᠭᠡᠵᠢᠩ ᠤᠨ ᠠᠨ ᠲᠠᠢ ᠺᠧ ᠮᠡᠳᠡᠭᠡ ᠵᠠᠩᠭᠢ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠬᠠᠮᠲᠤᠷᠠᠨ ᠡᠷᠭᠢᠯᠡᠭᠰᠡᠨ 2023 ᠣᠨ ᠤ ︵ᠠᠷᠪᠠ ᠶᠢᠰᠦᠳᠦᠭᠡᠷ ᠬᠤᠭᠤᠴᠠᠭ᠎ᠠ︶ | ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠭᠤᠷᠬᠠᠶ ᠶᠢᠨ ᠦᠢᠯᠡᠰ ᠤᠨ ᠶᠡᠭᠡ ᠬᠤᠷᠠᠯ ᠢ ᠣᠶᠢᠷ᠎ᠠ ᠳᠤ | ᠤᠯᠠᠭᠠᠨᠬᠠᠳᠠ ᠬᠤᠲᠠ ᠳᠤ ᠬᠤᠷᠠᠯᠳᠤᠭᠤᠯᠪᠠ᠃ ᠬᠤᠷᠠᠯ ᠠᠴᠠ ᠥᠩᠭᠡᠲᠦ ᠲᠡᠮᠦᠷᠯᠢᠭ ᠤᠨ ᠠᠭᠤᠷᠬᠠᠶ ᠶᠢᠨ | ᠦᠢᠯᠡᠰ ᠤᠨ ᠰᠢᠨ᠎ᠡ ᠪᠠᠶᠢᠷᠢᠰᠢᠯ ᠢ ᠪᠠᠶᠢᠭᠤᠯᠬᠤ᠂ ᠡᠬᠢ ᠪᠠᠶᠠᠯᠢᠭ ᠤᠨ ᠠᠮᠤᠷ ᠲᠦᠪᠰᠢᠨ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠪᠠ᠃ ᠤᠯᠠᠭᠠᠨᠬᠠᠳᠠ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠨ ᠴᠤᠤ ᠴᠢ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠬᠢᠨᠠᠯᠲᠠ ᠲᠠᠯᠪᠢᠬᠤ ᠵᠤᠷᠭᠠᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ︵ᠢᠷᠡᠯᠲᠡ᠄ ᠳᠤᠮᠳᠠᠳᠤ | ᠤᠯᠤᠰ ᠤᠨ ᠠᠭᠤᠷᠬᠠᠢ ᠶᠢᠨ ᠦᠢᠯᠡᠰ ᠤᠨ ᠰᠣᠨᠢᠨ︶ | | ᠤᠯᠠᠭᠠᠨᠴᠠᠪ ᠬᠤᠲᠠ | ︽ᠴᠢᠳᠠᠪᠤᠷᠢᠲᠠᠨ ᠢ ᠴᠤᠭᠯᠠᠭᠤᠯᠤᠨ ᠮᠡᠳᠡᠯᠭᠡ ᠪᠠᠷ ᠨᠢ ᠥᠪᠥᠷ ᠮᠣᠩᠭᠤᠯ ᠢᠶᠠᠨ ᠬᠥᠭᠵᠢᠭᠦᠯᠬᠦ᠂ ᠳᠣᠣᠷ᠎ᠠ | ᠨᠡᠭᠦᠷᠡᠰᠦᠲᠦᠷᠦᠭᠴᠢᠲᠦ ᠪᠣᠬᠢᠷᠲᠤᠯ ᠦᠭᠡᠢ ᠬᠥᠭᠵᠢᠯᠲᠡ ᠪᠠᠷ ᠬᠥᠳᠡᠯᠭᠡᠭᠦᠷ ᠪᠣᠯᠭᠠᠬᠤ᠂ ᠬᠠᠮᠵᠢᠯᠴᠠᠨ ᠰᠢᠨ᠎ᠡ ᠶᠢ | ᠡᠭᠦᠳᠬᠦ ᠪᠠᠷ ᠢᠷᠡᠭᠡᠳᠦᠢ ᠶᠢ ᠬᠦᠳᠦᠯᠦᠨ ᠳᠠᠭᠠᠭᠤᠯᠬᠤ︾ ᠪᠠᠷ ᠭᠤᠣᠯ ᠰᠡᠳᠦᠪ ᠪᠣᠯᠭᠠᠭᠰᠠᠨ 2023 | ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠵᠢᠨᠢᠩ ᠲᠣᠭᠤᠷᠢᠭ ᠲᠤ | ᠡᠬᠢᠯᠡᠪᠡ᠃ ᠴᠢᠩᠬᠤᠸᠠ ᠶᠡᠭᠡ ᠰᠤᠷᠭᠠᠭᠤᠯᠢ᠂ ᠵᠥᠩ ᠱᠠᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ | ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠡᠷᠳᠡᠮᠲᠡᠨ᠂ ᠱᠠᠨ ᠰᠢ ᠶᠢᠨ ᠪᠸᠢ ᠲᠧ | ᠷᠦᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠥᠩ ᠺᠧ ᠬᠤᠪᠢ | ᠡᠵᠡᠮᠳᠡᠭᠰᠡᠨ ᠬᠢᠵᠠᠭᠠᠷᠲᠤ ᠺᠣᠮᠫᠠᠨᠢ᠂ ᠳ᠋ᠠ ᠶᠢᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ | ᠵᠡᠷᠭᠡ ᠠᠵᠤ ᠠᠬᠤᠶᠢᠯᠠᠯ ᠵᠢᠴᠢ ᠤᠯᠠᠭᠠᠨᠴᠠᠪ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠬᠠᠷᠢᠭᠤᠴᠠᠯᠭᠠᠲᠠᠳ ᠵᠡᠷᠭᠡ ᠪᠥᠬᠦ ᠤᠯᠤᠰ ᠤᠨ ᠡᠯ᠎ᠡ ᠭᠠᠵᠠᠷ ᠤᠨ 300 ᠭᠠᠷᠤᠶ ᠬᠥᠮᠦᠨ ᠬᠤᠷᠠᠯ ᠳᠤ ᠣᠷᠣᠯᠴᠠᠵᠤ᠂ | ᠥᠪᠥᠷ ᠮᠣᠩᠭᠤᠯ ᠤᠨ ᠰᠢᠨ᠎ᠡ ᠮᠠᠲ᠋ᠧᠷᠢᠶᠠᠯ ᠤᠨ ᠠᠵᠢᠯ ᠲᠥᠷᠥᠯ ᠤᠨ ᠬᠥᠭᠵᠢᠯᠲᠡ ᠶᠢᠨ ᠣᠳᠣᠬᠢ ᠪᠠᠶᠢᠳᠠᠯ ᠬᠢᠭᠡᠳ | ᠬᠠᠨᠳᠤᠰᠢ ᠶᠢ ᠬᠠᠮᠲᠤ ᠪᠠᠷ ᠰᠤᠳᠤᠯᠤᠨ ᠶᠠᠷᠢᠯᠴᠠᠵᠤ᠂ ᠰᠢᠨ᠎ᠡ ᠮᠠᠲ᠋ᠧᠷᠢᠶᠠᠯ ᠤᠨ ᠮᠡᠷᠭᠡᠵᠢᠯ ᠢ ᠠᠵᠤ ᠦᠢᠯᠡᠰᠵᠢᠭᠦᠯᠦᠨ | ᠬᠡᠷᠡᠭᠯᠡᠬᠦ ᠶᠢ ᠭᠦᠨᠵᠡᠭᠡᠶ ᠵᠠᠳᠠᠯᠵᠤ᠂ ᠥᠪᠥᠷ ᠮᠣᠩᠭᠤᠯ ᠤᠨ ᠭᠠᠵᠠᠷ ᠣᠷᠣᠨ ᠤ ᠳᠠᠪᠠᠭᠤᠯᠢᠭ ᠤᠨᠴᠠᠯᠢᠭᠳᠤ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠡᠯᠬᠢᠶ᠎ᠡ ᠶᠢ ᠤᠷᠲᠤᠳᠬᠠᠬᠤ᠂ ᠠᠵᠤ ᠠᠬᠤᠶᠢᠯᠠᠯ ᠤᠨ | ᠵᠠᠩᠭᠢᠯᠠᠭ᠎ᠠ ᠶᠢᠨ ᠮᠡᠷᠭᠡᠵᠢᠯ ᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠳᠤ ᠰᠣᠯᠢᠯᠴᠠᠭ᠎ᠠ ᠬᠠᠮᠲᠤᠷᠠᠯᠴᠠᠭᠠᠨ ᠤ | ᠲᠠᠪᠴᠠᠩ ᠢ ᠬᠠᠩᠭᠠᠵᠤ᠂ ᠥᠪᠥᠷ ᠮᠣᠩᠭᠤᠯ ᠤᠨ ︽ᠪᠣᠬᠢᠷᠲᠤᠯ ᠥᠬᠡᠶ ᠠᠵᠤ ᠠᠬᠤᠶ︾ ᠶᠢᠨ ᠬᠥᠭᠵᠢᠯᠲᠡ ᠶᠢᠨ | ᠠᠬᠢᠨ ᠳᠠᠪᠰᠢᠬᠤ ᠳᠤ ᠬᠦᠴᠦᠨ ᠨᠡᠮᠡᠷᠢᠯᠡᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠵᠠᠩ ᠶᠢᠨ᠂ ᠵᠤᠤ ᠳ᠋ᠦᠩ ᠶᠤᠸᠠᠨ᠂ ᠲᠤᠰ ᠤᠳᠠᠭ᠎ᠠ ᠶᠢᠨ ᠬᠤᠷᠠᠯ ᠤᠨ ᠲᠡᠷᠢᠭᠦᠯᠡᠭᠴᠢ᠂ ᠴᠢᠩᠬᠤᠸᠠ | ᠶᠡᠭᠡ ᠰᠤᠷᠭᠠᠭᠤᠯᠢ ᠶᠢᠨ ᠱᠧᠨᠵᠧᠨ ᠤ ᠤᠯᠠᠨ ᠤᠯᠤᠰ ᠤᠨ ᠰᠤᠳᠤᠯᠬᠤ ᠰᠤᠷᠤᠭᠴᠢ ᠶᠢᠨ ᠬᠦᠷᠢᠶᠡᠯᠡᠩ ᠤᠨ ᠳᠡᠳ᠋ | ᠳᠠᠷᠤᠭ᠎ᠠ ᠺᠠᠩ ᠹᠸᠢ ᠢᠦᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠬᠤ᠋ ᠷᠦᠢ | ᠹᠧᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠢᠭᠡᠳᠦᠭᠡᠷ ᠳᠡᠰ ᠤᠨ | ᠲᠣᠭᠤᠷᠢᠨ ᠪᠠᠶᠢᠴᠠᠭᠠᠭᠴᠢ ᠬᠤᠸᠠᠩ ᠶᠠᠨ ᠪᠢᠨ᠂ ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠯᠢ ᠵᠢᠶᠠᠨ ᠸᠧᠨ | ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤ᠋ ᠷᠦᠢ ᠹᠧᠨ ᠪᠣᠯᠤᠨ ᠯᠢ ᠵᠢᠶᠠᠨ ᠸᠧᠨ ᠥᠪᠥᠷ ᠮᠣᠩᠭᠤᠯ ᠤᠨ | ᠪᠠᠯ ᠴᠢᠯᠠᠭᠤ ︵ᠠᠯᠺᠧᠨ︶ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ ᠫᠠᠶᠢᠰᠠ ᠣᠯᠭᠤᠵᠤ᠂ | ᠬᠤᠸᠠᠩ ᠶᠠᠨ ᠪᠢᠨ ᠪᠣᠯᠤᠨ ᠯᠢ ᠵᠢᠶᠠᠨ ᠸᠧᠨ ᠤᠯᠠᠭᠠᠨᠴᠠᠪ ᠤᠨ ᠪᠠᠯ ᠴᠢᠯᠠᠭᠤ ︵ᠠᠯᠺᠧᠨ︶ ᠶᠢᠨ ᠰᠢᠨ᠎ᠡ | ᠮᠠᠲ᠋ᠧᠷᠢᠶᠠᠯ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠳᠤ ᠫᠠᠶᠢᠰᠠ ᠡᠯᠭᠦᠪᠡ᠃ ᠬᠤᠷᠠᠯ ᠤᠨ | ᠬᠤᠭᠤᠴᠠᠭᠠᠨ ᠳᠤ᠂ ᠤᠯᠠᠭᠠᠨᠴᠠᠪ ᠬᠤᠲᠠ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ ᠬᠠᠮᠲᠤᠷᠠᠯᠴᠠᠭᠠᠨ ᠤ | ᠭᠡᠷ᠎ᠡ ᠲᠣᠭᠲᠠᠬᠤ ᠶᠣᠰᠣᠯᠠᠯ ᠢ ᠶᠠᠪᠤᠭᠳᠠᠭᠤᠯᠵᠤ᠂ ᠨᠡᠶᠢᠲᠡ 10 ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ | ᠲᠣᠭᠲᠠᠭᠰᠠᠨ ᠵᠣᠭᠤᠰ ᠤᠨ ᠲᠤᠭ᠎ᠠ ᠨᠢ ᠨᠡᠶᠢᠲᠡ 255 ᠳ᠋ᠦᠩᠰᠢᠭᠤᠷ ᠲᠥᠭᠦᠷᠢᠭ ᠲᠤ ᠬᠦᠷᠴᠦ᠂ ᠪᠠᠰᠠ ᠶᠡᠭᠡ | ᠬᠤᠷᠠᠯ ᠤᠨ ᠭᠤᠤᠯ ᠵᠣᠷᠢᠯᠲᠠ ᠶᠢᠨ ᠮᠡᠳᠡᠭᠦᠯᠦᠯᠲᠡ᠂ ᠭᠤᠤᠯ ᠰᠡᠳᠦᠪᠲᠦ ᠮᠡᠳᠡᠭᠦᠯᠦᠯᠲᠡ᠂ ᠲᠤᠭᠤᠷᠢᠭ ᠰᠢᠷᠡᠭᠡᠨ ᠤ | ᠶᠠᠷᠢᠶᠠᠨ ᠤ ᠲᠠᠪᠴᠠᠩ ᠵᠡᠷᠭᠡ ᠭᠤᠭᠴᠤᠭ᠎ᠠ ᠶᠢ ᠲᠣᠬᠢᠷᠠᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠵᠠᠰᠠᠭ ᠤᠨ ᠣᠷᠳᠣᠨ ᠰᠤᠷᠭᠠᠭᠤᠯᠢ ᠪᠠ ᠠᠵᠤ ᠠᠬᠤᠶᠢᠯᠠᠯ ᠤᠨ ᠰᠤᠳᠤᠯᠭᠠᠨ ᠤ ᠲᠠᠪᠴᠠᠩ ᠵᠡᠷᠭᠡ ᠲᠠᠯ᠎ᠠ ᠪᠠᠷ | ᠰᠣᠯᠢᠯᠴᠠᠭ᠎ᠠ ᠶᠠᠷᠢᠯᠴᠠᠭ᠎ᠠ ᠬᠢᠬᠦ ᠶᠢ ᠠᠬᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠢ ᠠᠵᠤ | ᠦᠢᠯᠡᠰᠵᠢᠭᠦᠯᠦᠨ ᠬᠡᠷᠡᠭᠯᠡᠬᠦ ᠶᠢ ᠰᠦᠪᠡᠭᠴᠢᠯᠡᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠪᠠ᠃ ︵ᠢᠷᠡᠯᠲᠡ᠄ ᠤᠯᠠᠭᠠᠨᠴᠠᠪ ᠬᠤᠲᠠ ᠶᠢᠨ | ᠬᠠᠮ ᠵᠠᠭᠤᠴᠢᠯᠠᠭᠤᠷ ᠤᠨ ᠲᠥᠪ︶ | | ᠣᠷᠳᠤᠰ ᠬᠤᠲᠠ | 7 ᠳ᠋ᠤᠭᠠᠷ ᠰᠠᠷ᠎ᠠ ᠶᠢᠨ 19 ᠤ ᠡᠳᠦᠷ᠂ ︽ᠡᠮᠡᠭᠲᠡᠶᠢᠴᠦᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ | ᠪᠣᠬᠢᠷᠲᠤᠯ ᠦᠭᠡᠢ ᠬᠥᠭᠵᠢᠯᠲᠡ ᠪᠠᠷ ᠵᠣᠯ ᠵᠢᠷᠭᠠᠯ ᠢ ᠡᠳ᠋ᠯᠡᠭᠦᠯᠬᠦ︾ ᠪᠠᠷ ᠭᠤᠣᠯ ᠰᠡᠳᠦᠪ ᠪᠣᠯᠭᠠᠭᠰᠠᠨ 2023 | ᠣᠨ ᠤ ᠡᠮᠡᠭᠲᠡᠢ ᠠᠵᠤ ᠠᠬᠤᠶᠢᠯᠠᠯᠲᠠᠨ ᠡᠮᠡᠭᠲᠡᠢ ᠰᠢᠨᠵᠢᠯᠡᠬᠦ ᠤᠬᠠᠭᠠᠨᠲᠠᠨ ᠣᠷᠳᠣᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠡᠭᠡ ᠬᠤᠷᠠᠯ ᠢ ᠬᠢᠶ᠎ᠠ ᠪᠠᠭᠰᠢ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ᠂ ᠳᠤᠮᠳᠠᠳᠤ ᠤᠯᠤᠰ ᠤᠨ ᠡᠮᠡᠭᠲᠡᠶ | ᠠᠵᠤ ᠠᠬᠤᠶᠢᠯᠠᠯᠲᠠᠨ ᠤ ᠨᠡᠶᠢᠭᠡᠮᠯᠢᠭ ᠤᠨ ᠳᠠᠷᠤᠭ᠎ᠠ ᠯᠢ ᠳ᠋ᠠᠩ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠡᠮᠡᠭᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ | ᠨᠡᠶᠢᠭᠡᠮᠯᠢᠭ ᠤᠨ ᠳᠠᠷᠤᠭ᠎ᠠ ᠸᠠᠩ ᠬᠤᠩ ᠶᠠᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠸᠠᠩ ᠹᠠᠩ ᠲᠤᠰ ᠬᠤᠷᠠᠯ ᠢ ᠡᠷᠭᠢᠯᠡᠪᠡ᠃ ᠯᠢ ᠯᠢ᠂ ᠵᠠᠩ ᠵᠠᠨ ᠯᠢᠨ᠂ ᠰᠤ᠋ ᠵᠦᠩ ᠱᠧᠩ ᠵᠡᠷᠭᠡ | ᠬᠤᠳᠠ ᠶᠢᠨ ᠤᠳᠤᠷᠢᠳᠤᠯᠭ᠎ᠠ ᠬᠤᠷᠠᠯ ᠳᠤ ᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ | ︵ᠢᠷᠡᠯᠲᠡ᠄ ᠣᠷᠳᠣᠰ ᠤᠨ ᠡᠳᠦᠷ ᠤᠨ ᠰᠣᠨᠢᠨ︶ | 7 ᠳ᠋ᠤᠭᠠᠷ ᠰᠠᠷ᠎ᠠ ᠶᠢᠨ 18 ᠤ ᠡᠳᠤᠷ᠂ ᠦᠪᠤᠷ ᠮᠤᠩᠭᠤᠯ ᠤᠨ ᠮᠧᠩ ᠰᠢ ᠤᠷᠳᠤᠰ ᠤᠨ ᠬᠦᠩᠭᠡᠨᠴᠠᠭᠠᠨ ᠤ | ᠦᠢᠯᠡᠰ ᠤᠨ ᠭᠢᠵᠠᠭᠠᠷᠳᠤ ᠺᠤᠮᠫᠠᠨᠢ ᠶᠢᠨ ᠦᠢᠯᠡᠳᠪᠤᠷᠢᠯᠠᠯ ᠤᠨ ᠠᠬᠤᠢ ᠲᠠᠯᠠᠪᠠᠢ ᠳᠤ ᠪᠠᠶᠠᠷ ᠤᠨ ᠴᠢᠮᠡᠭᠡ | ᠤᠯᠠᠮᠵᠢᠯᠠᠬᠳᠠᠪᠠ᠄ ᠠᠩᠬᠠᠳᠤᠭᠠᠷ ᠪᠦᠯᠦᠭ ᠬᠢᠷᠢ ᠲᠡᠩᠴᠡᠭᠰᠡᠨ ᠦᠨᠳᠦᠷ ᠴᠠᠬᠢᠭᠤᠷ ᠤᠨ ᠤᠰᠤᠳᠦ᠋ᠷᠦᠭᠴᠢᠳᠤ | ᠬᠦᠩᠭᠡᠨᠴᠠᠭᠠᠨ ᠤ ᠦᠢᠯᠡᠳᠭᠦᠨ ᠢ ᠪᠢᠳᠡᠬᠦᠮᠵᠢᠯᠠᠨ ᠭᠦᠷᠭᠡᠭᠦ ᠪᠦᠰᠡ ᠪᠠᠷ ᠲᠠᠮᠵᠢᠭᠤᠯᠤᠨ ᠪᠠᠷᠠᠭᠠᠨ ᠤ ᠬᠦᠮᠦᠷᠭᠡ ᠳᠤ | ᠤᠷᠤᠭᠤᠯᠵᠤ᠂ ᠮᠸᠡᠭ ᠰᠢ ᠪᠦᠯᠦᠭᠯᠡᠯ ᠪᠠ ᠤᠷᠳᠤᠰ ᠤᠨ ᠤᠯᠤᠰ ᠤᠨ ᠪᠠᠯᠠ ᠤᠷᠤᠭᠤᠯᠤᠯᠳᠠ ᠶᠢᠨ ᠪᠦᠯᠦᠭᠯᠡᠯ ᠤᠨ | ᠬᠠᠮᠳᠤ ᠶᠢᠨ ᠪᠠᠯᠠ ᠤᠷᠤᠭᠤᠯᠤᠯᠳᠠ᠂ ᠮᠸᠡᠭ ᠰᠢ ᠬᠦᠩᠭᠡᠨᠴᠠᠭᠠᠨ ᠤ ᠦᠢᠯᠡᠰ ᠤᠨ ᠺᠤᠮᠫᠠᠨᠢ ᠶᠢᠨ ᠭᠡᠷᠡᠭᠵᠢᠬᠦᠯᠦᠭᠰᠡᠨ | ᠨᠢᠭᠡᠳᠤᠭᠡᠷ ᠬᠤᠭᠤᠴᠠᠭᠠᠨ ᠤ ᠵᠢᠯ ᠳᠤ 20 ᠲᠦᠮᠡᠨ ᠲᠤᠨ ᠨᠡᠭᠦᠷᠡᠰᠤᠨ ᠦᠨᠡᠰᠤ ᠠᠴᠠ ᠢᠰᠦᠯᠳᠦᠭᠰᠡᠨ | ᠬᠦᠩᠭᠡᠨᠴᠠᠭᠠᠨ ᠢ ᠭᠠᠷᠭᠠᠨ ᠠᠪᠬᠤ ᠤᠢᠢᠯᠡᠳᠪᠤᠷᠢᠯᠡᠯ ᠤᠨ ᠱᠤᠭᠤᠮ ᠨᠢ ᠪᠦᠭᠦ ᠱᠤᠭᠤᠮ ᠢᠶᠠᠷ ᠨᠡᠪᠳᠡᠷᠡᠭᠰᠡᠨ ᠢ | ᠬᠠᠷᠠᠭᠤᠯᠵᠤ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ︶ | | ᠪᠠᠶᠠᠨᠨᠠᠭᠤᠷ ᠬᠤᠲᠠ | 2022 ᠣᠨ ᠤ 8 ᠳ᠋ᠤᠭᠠᠷ ᠰᠠᠷ᠎ᠠ ᠶᠢᠨ 18 ᠤ ᠡᠳᠦᠷ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠾᠧ ᠸᠧᠶ ᠬᠤᠸᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ | ᡁᠢ ᠫᠢᠩ ᠯᠢᠨᠾᠧ ᠳᠤ ᠬᠤᠸᠠᠢ ᠾᠧ ᠡᠨᠧᠷᠭᠢ ᠶᠢᠨ ᠬᠤᠪᠢ ᠡᠵᠡᠮᠳᠡᠭᠰᠡᠨ ᠪᠦᠯᠦᠭᠯᠡᠯ ᠤᠨ ᠨᠠᠮ ᠤᠨ ᠬᠤᠷᠢᠶ᠎ᠠ ᠶᠢᠨ | ᠱᠦᠵᠢ᠂ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠸᠠᠩ ᠱᠢ ᠰᠧᠨ ᠲᠠᠢ ᠠᠭᠤᠯᠵᠠᠵᠤ᠂ ᠬᠤᠶᠠᠷ | ᠲᠠᠯ᠎ᠠ ᠪᠠᠷ ᠢᠶᠠᠨ ᠡᠨᠧᠷᠭᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠶ ᠭᠦᠨᠵᠡᠭᠡᠶ | ᠰᠣᠯᠢᠯᠴᠠᠪᠠ᠃ ︵ᠪᠠᠶᠠᠨᠨᠠᠭᠤᠷ ᠡᠳᠦᠷ ᠤᠨ ᠰᠣᠨᠢᠨ︶ | 7 ᠳ᠋ᠤᠭᠠᠷ ᠰᠠᠷ᠎ᠠ ᠶᠢᠨ 18 ᠤ ᠡᠳᠦᠷ᠂ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ | ᠬᠤᠸᠠᠶᠢᠾᠧ ᠡᠨᠧᠷᠭᠢ ᠶᠢᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ | ᠯᠢᠨᠾᠧ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠢ ᠲᠣᠭᠲᠠᠵᠤ᠂ ᠬᠤᠶᠠᠷ | ᠲᠠᠯ᠎ᠠ ᠶᠢᠨ ᠰᠤᠪᠤᠷᠭ᠎ᠠ ᠨᠡᠭᠦᠷᠡᠰᠦᠨ ᠠᠭᠤᠷᠬᠠᠢ ᠶᠢᠨ ᠲᠦᠷᠦᠯ ᠵᠦᠢᠯ᠂ ᠰᠢᠨ᠎ᠡ ᠡᠨᠧᠷᠭᠢ ᠶᠢᠨ ᠲᠦᠷᠦᠯ ᠵᠦᠢᠯ ᠵᠡᠷᠭᠡ | ᠶᠠᠪᠤᠳᠠᠯ ᠢ ᠬᠠᠮᠵᠢᠯᠴᠠᠨ ᠠᠬᠢᠭᠤᠯᠬᠤ ᠬᠠᠮᠲᠤᠷᠠᠯᠴᠠᠭᠠᠨ ᠤ ᠴᠢᠨᠠᠷᠲᠠᠢ ᠪᠠᠷ ᠪᠣᠯᠵᠣᠨ ᠲᠣᠭᠲᠠᠵᠠᠢ᠃ ︵ᠢᠷᠡᠯᠲᠡ᠄ | ᠪᠠᠶᠠᠨᠨᠠᠭᠤᠷ ᠡᠳᠦᠷ ᠤᠨ ᠰᠣᠨᠢᠨ︶ | | ᠦᠬᠠᠢ ᠬᠤᠲᠠ | 7 ᠳ᠋ᠤᠭᠠᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ | ᠱᠦᠵᠢ ᠲᠠᠩ ᠢ ᠰᠢᠨᠵᠢᠯᠡᠨ ᠪᠠᠶᠢᠴᠠᠭᠠᠬᠤ ᠪᠦᠯᠬᠦᠮ ᠢᠶᠠᠨ ᠳᠠᠭᠠᠭᠤᠯᠤᠨ ᠱᠠᠨᠰᠢ ᠮᠤᠵᠢ ᠶᠢᠨ ᠢᠦᠢ ᠯᠢᠨ ᠬᠤᠲᠠ ᠳᠤ | ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠪᠥᠭᠡᠳ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠳ᠋ᠦᠩᠨᠡᠯᠲᠡ ᠶᠢᠨ | ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠭᠤᠤ ᠪᠥᠸᠧ | ᠬᠠᠮᠲᠤ ᠪᠠᠷ ᠣᠷᠣᠯᠴᠠᠵᠠᠶ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠢᠦᠢ ᠯᠢᠨ ᠤ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ︵ᠢᠦᠢ ᠾᠧᠩ ᠠᠵᠤ ᠦᠢᠯᠡᠳᠪᠦᠷᠢ ᠶᠢᠨ | ᠲᠣᠭᠤᠷᠢᠭ︶᠂ ᠱᠧᠨ ᠮᠦ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠢᠦᠢ ᠯᠢᠨ ᠠᠵᠤ ᠠᠬᠤᠢ ᠶᠢᠨ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︵ᠢᠦᠢ ᠱᠧᠨ ᠠᠵᠤ ᠦᠢᠯᠡᠳᠪᠦᠷᠢ ᠶᠢᠨ ᠲᠣᠭᠤᠷᠢᠭ︶ ᠲᠤ ᠬᠦᠷᠴᠦ᠂ | ᠶᠤᠸᠠᠨ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠢᠦᠢ ᠯᠢᠨ ᠡᠨᠧᠷᠭᠢ ᠶᠢᠨ ᠬᠢᠮᠢ ᠶᠢᠨ ᠠᠵᠤ | ᠦᠢᠯᠡᠳᠪᠦᠷᠢ ᠶᠢᠨ ᠺᠣᠮᠫᠠᠨᠢ᠂ ᠤᠯᠤᠰ ᠤᠨ ᠡᠨᠧᠷᠭᠢ ᠶᠢᠨ ᠱᠠᠨ ᠯᠢᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ | ᠱᠠᠨᠰᠢ ᠶᠢᠨ ᠨᠡᠭᠦᠷᠡᠰᠦᠨ ᠤ ᠪᠦᠯᠦᠭᠯᠡᠯ ᠤᠨ ᠢᠦᠢ ᠯᠢᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠱᠠᠨᠰᠢ ᠶᠢᠨ | ᠴᠢᠯᠠᠭᠤᠨ ᠲᠤᠰᠤᠨ ᠤ ᠢᠦᠢ ᠱᠧᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠱᠠᠨᠰᠢ ᠶᠢᠨ ᠴᠢᠯᠠᠭᠤᠨ | ᠲᠤᠰᠤᠨ ᠤ ᠢᠦᠢ ᠱᠧᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ | ᠣᠶᠤᠨᠴᠢ ᠰᠠᠯᠬᠢᠨ ᠬᠦᠴᠦᠨ ᠤ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ᠂ ᠨᠡᠭᠦᠷᠡᠰᠦ ᠪᠠᠷ ᠮᠧᠲ᠋ᠢᠯ ᠠᠯᠺᠣᠣᠯ᠂ | ᠠᠯᠺᠧᠨ ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠦᠢᠯᠡᠳᠪᠦᠷᠢᠯᠡᠯ ᠠᠵᠢᠯᠯᠠᠭᠠᠨ ᠤ | ᠪᠠᠶᠢᠳᠠᠯ ᠢ ᠪᠠᠶᠢᠴᠠᠭᠠᠨ ᠦᠵᠡᠵᠦ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠥᠭᠵᠢᠯᠲᠡ᠂ ᠠᠶᠤᠯᠭᠦᠢ ᠦᠢᠯᠡᠳᠪᠦᠷᠢᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ | ᠨᠡᠭᠡᠭᠡᠯᠲᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠢᠴᠢ ᠣᠶᠤᠨᠴᠢ ᠦᠢᠯᠡᠳᠪᠦᠷᠢ ᠶᠢᠨ | ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠲᠤᠬᠠᠶ ᠶᠢᠨ ᠭᠠᠵᠠᠷ ᠤᠨ ᠤᠳᠤᠷᠢᠳᠬᠤ | ᠺᠠᠳ᠋ᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ᠃ | ᠰᠢᠨᠵᠢᠯᠡᠨ ᠪᠠᠶᠢᠴᠠᠭᠠᠬᠤ ᠶᠠᠪᠤᠴᠠ ᠳᠠᠭᠤᠰᠣᠭᠰᠠᠨ ᠤ ᠳᠠᠷᠠᠭ᠎ᠠ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢᠦᠢ | ᠯᠢᠨ ᠤ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠳ᠋ᠦᠩᠨᠡᠯᠲᠡ ᠶᠢᠨ ᠬᠤᠷᠠᠯ ᠢ ᠬᠤᠷᠠᠯᠳᠤᠭᠤᠯᠪᠠ᠃ | ᠬᠤᠷᠠᠯ ᠳᠡᠭᠡᠷ᠎ᠡ᠂ ᠦᠬᠠᠶ ᠬᠤᠲᠠ ᠶᠢᠨ ᠭᠤᠷᠪᠠᠨ ᠲᠣᠭᠤᠷᠢᠭ ᠵᠢᠴᠢ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ | ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠤᠯ | ᠬᠠᠷᠢᠭᠤᠴᠠᠯᠭᠠᠲᠠᠨ ᠪᠣᠯᠤᠨ ᠠᠵᠤ ᠠᠬᠤᠶᠢᠯᠠᠯᠲᠠᠨ ᠤ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | |