ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠥᠨᠳᠥᠷ ᠲᠦᠪᠰᠢᠨ ᠪᠦᠬᠦᠢ ᠵᠠᠰᠠᠯᠲᠠ ᠪᠠᠷ ᠮᠠᠨ ᠤ ᠴᠡᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/7/26
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ   ︽ 8·1 ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ ᠂ ᠨᠠᠮ ᠤᠨ ᠲᠥᠪ ᠬᠤᠷᠢᠶ᠎ᠠ  ᠶᠢᠨ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 24 ᠤ ᠦᠳᠡ ᠶᠢᠨ ᠬᠤᠶᠢᠨ᠎ᠠ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠂ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠪᠣᠯ ᠮᠠᠨ ᠤ ᠨᠠᠮ ᠤᠨ ᠴᠡᠷᠢᠭ ᠢ ᠵᠠᠰᠠᠬᠤ ᠣᠶᠢᠯᠠᠭᠠᠭᠳᠠᠬᠤᠨ ᠪᠣᠯᠣᠨ ᠭᠡᠯᠪᠡᠷᠢ ᠶᠢᠨ ᠨᠢᠭᠡ ᠤᠳᠠᠭ᠎ᠠ ᠶᠢᠨ ᠭᠦᠨᠵᠡᠭᠡᠢ ᠬᠤᠪᠢᠰᠤᠯᠲᠠ ᠮᠥᠨ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠠᠯ᠎ᠠ ᠮᠥᠨ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ ᠂ ᠳᠠᠶᠢᠴᠢᠨ ᠬᠦᠴᠦᠨ ᠭᠡᠬᠦ ᠡᠨᠡ ᠬᠦ ᠴᠣᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠴᠡᠷᠢᠭ ᠤᠨ ᠶᠠᠪᠤᠳᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠂ ᠣᠲᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠂ ᠣᠲᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠂ ᠥᠨᠳᠥᠷ ᠲᠦᠪᠰᠢᠨ ᠪᠦᠬᠦᠢ ᠵᠠᠰᠠᠯᠲᠠ ᠪᠠᠷ ᠮᠠᠨ ᠤ ᠴᠡᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ ᠃     ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠡᠷᠢᠭ ᠤᠨ ᠶᠠᠪᠤᠳᠠᠯ ᠤᠨ ᠬᠠᠤᠯᠢ ᠳᠦᠷᠢᠮ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠤᠤ ᠳ᠋ᠦᠩ ᠪᠢᠨ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ ᠂ ᠠᠵᠢᠯ ᠤᠨ ᠰᠠᠨᠠᠭᠤᠯᠭ᠎ᠠ ᠳᠤᠷᠠᠳᠪᠠ ᠃ ᠲᠥᠪ ᠤᠨ ᠤᠯᠤᠰ ᠲᠦᠷᠦ ᠶᠢᠨ ᠲᠣᠪᠴᠢᠶ᠎ᠠ  ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ ᠃     ᠰᠢ ᠶᠢᠨ ᠫᠢᠩ ᠲᠠᠶᠢᠯᠤᠮᠵᠢ ᠪᠠ ᠶᠠᠷᠢᠯᠴᠠᠬᠤ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠴᠡᠷᠢᠭ ᠢ ᠬᠦᠴᠦᠷᠬᠡᠭᠵᠢᠭᠦᠯᠬᠦ ᠠᠵᠢᠯ ᠦᠢᠯᠡᠰ ᠢ ᠤᠳᠤᠷᠢᠳᠤᠨ ᠠᠬᠢᠭᠤᠯᠬᠤ ᠶᠠᠪᠤᠴᠠ ᠳᠤᠮᠳᠠ ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠦᠪᠡᠭᠴᠢᠯᠡᠯᠲᠡ ᠦᠢᠯᠡᠳᠦᠯᠭᠡ ᠶᠢ ᠢᠳᠡᠪᠬᠢᠲᠡᠢ ᠠᠬᠢᠭᠤᠯᠵᠤ ᠂ ᠢᠯᠠᠩᠭᠤᠶ᠎ᠠ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠬᠠᠤᠯᠢ ᠪᠠᠷ ᠴᠡᠷᠢᠭ ᠢ ᠵᠠᠰᠠᠬᠤ ᠶᠢ ᠠᠬᠢᠭᠤᠯᠬᠤ ᠂ ᠴᠡᠷᠢᠭ ᠠᠩᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠵᠡᠷᠭᠡ ᠪᠠᠷ ᠳᠠᠮᠵᠢᠭᠤᠯᠵᠤ ᠂ ᠠᠯᠢ ᠤᠯᠠᠨ ᠴᠣ ᠰᠢᠨ᠎ᠡ ᠪᠠᠶᠢᠭᠤᠯᠤᠮᠵᠢ ᠲᠣᠭᠲᠠᠴᠠ ᠂ ᠬᠠᠤᠯᠢ ᠲᠣᠭᠲᠠᠭᠠᠯ ᠂ ᠲᠦᠷᠦ ᠶᠢᠨ ᠪᠣᠳᠣᠯᠭ᠎ᠠ ᠳᠦᠷᠢᠮ ᠢ ᠪᠦᠷᠢᠯᠳᠦᠭᠦᠯᠵᠦ ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠴᠡᠷᠢᠭ ᠤᠨ ᠶᠠᠪᠤᠳᠠᠯ ᠤᠨ ᠳᠦᠷᠢᠮ ᠢ ᠪᠠᠷᠢᠮᠲᠠᠯᠠᠨ ᠬᠥᠭᠵᠢᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢ ᠬᠦᠴᠦᠲᠡᠢ ᠠᠬᠢᠭᠤᠯᠪᠠ ᠭᠡᠵᠦ ᠵᠢᠭᠠᠵᠤ ᠭᠠᠷᠭᠠᠪᠠ ᠃     ᠰᠢ ᠶᠢᠨ ᠫᠢᠩ ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠴᠡᠷᠢᠭ ᠤᠨ ᠶᠠᠪᠤᠳᠠᠯ ᠤᠨ ᠬᠤᠪᠢᠰᠬᠠᠯ ᠦᠳᠲᠡᠷ ᠲᠦᠷᠭᠡᠨ ᠬᠥᠭᠵᠢᠵᠦ ᠂ ᠮᠠᠨ ᠤ ᠴᠡᠷᠢᠭ ᠤᠨ ᠪᠠᠶᠢᠭᠤᠯᠤᠯᠲᠠ ᠶᠠᠭ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ ᠃ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠢ ᠲᠠᠨᠢᠵᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠤᠨ ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠨ᠎ᠡ ᠴᠢᠩᠭᠠᠳᠬᠠᠯ ᠢᠶᠠᠷ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃     ᠰᠢ ᠶᠢᠨ ᠫᠢᠩ ᠂ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠬᠤᠯᠪᠣᠭᠳᠠᠨ᠎ᠠ ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠦᠵᠦ ᠲᠥᠯᠥᠪᠯᠡᠭᠡ ᠪᠣᠯᠣᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠠᠨ ᠴᠢᠩᠭᠠᠳᠬᠠᠵᠤ ᠂ ᠡᠯ᠎ᠡ ᠬᠦᠷᠢᠶ᠎ᠡ ᠴᠠᠷᠠᠭ᠎ᠠ  ᠶᠢᠨ ᠵᠠᠰᠠᠯᠲᠠ ᠂ ᠪᠦᠭᠦ ᠬᠡᠯᠬᠢᠶ᠎ᠡ ᠵᠠᠮ ᠤᠨ ᠵᠠᠰᠠᠯᠲᠠ ᠂ ᠡᠯ᠎ᠡ ᠱᠠᠲᠤ ᠳᠠᠪᠬᠤᠷᠭ᠎ᠠ ᠶᠢᠨ ᠵᠠᠰᠠᠯᠲᠠ ᠶᠢ ᠴᠢᠩᠭᠠᠳᠬᠠᠵᠤ ᠂ ᠲᠥᠯᠥᠪᠯᠡᠭᠡ ᠲᠠᠢ ᠂ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ ᠃ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠂ ᠰᠠᠯᠠᠭ᠎ᠠ ᠮᠥᠴᠢᠷ ᠪᠠ ᠬᠦᠷᠢᠶ᠎ᠡ ᠴᠠᠷᠠᠭ᠎ᠠ ᠠᠯᠤᠰᠯᠠᠭᠰᠠᠨ ᠵᠣᠬᠢᠴᠠᠭᠤᠯᠭ᠎ᠠ ᠶᠢ ᠴᠢᠩᠭᠠᠳᠬᠠᠵᠤ ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ ᠴᠡᠷᠢᠭ ᠤᠨ ᠵᠠᠷᠤᠳᠠᠯ ᠤᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠯᠲᠠ ᠶᠢ ᠭᠦᠨᠵᠡᠭᠡᠶᠢᠷᠡᠭᠦᠯᠵᠦ ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠪᠠᠷ ᠠᠬᠢᠭᠤᠯᠬᠤ ᠶᠢ ᠳᠠᠶᠢᠴᠢᠯᠠᠬᠤ ᠬᠡᠷᠡᠭᠲᠡᠢ ᠃ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ ᠂ ᠬᠡᠷᠡᠭᠴᠡᠭᠡ ᠶᠢ ᠰᠢᠨᠵᠢᠯᠡᠬᠦ ᠤᠬᠠᠭᠠᠨᠴᠢ ᠪᠠᠷ ᠪᠤᠢ ᠪᠤᠯᠭᠠᠬᠤ ᠂ ᠲᠦᠷᠭᠡᠨ ᠴᠤᠤᠷᠢᠶᠠᠲᠤᠬᠤ ᠂ ᠪᠦᠲᠦᠮᠵᠢᠲᠡᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠦᠭᠦ ᠶᠠᠪᠤᠴᠠ ᠶᠢᠨ ᠲᠤᠰᠬᠠᠶᠢᠵᠢᠭᠰᠠᠨ ᠦᠨᠡᠯᠡᠨ ᠵᠢᠱᠢᠬᠦ ᠵᠠᠮ ᠢᠶᠠᠷ ᠵᠠᠮᠨᠠᠵᠤ ᠂ ᠬᠡᠯᠬᠢᠶ᠎ᠡ ᠵᠠᠮ ᠤᠨ ᠰᠢᠭᠤᠳ ᠰᠢᠯᠤᠭᠤᠨ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠵᠤ ᠂ ᠴᠡᠷᠢᠭ ᠤᠨ ᠶᠠᠪᠤᠳᠠᠯ ᠤᠨ ᠰᠢᠰᠲ᠋ᠧᠮ ᠤᠨ ᠠᠵᠢᠯᠯᠠᠭᠠᠨ ᠤ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠪᠠᠳᠠᠷᠠᠭᠤᠯᠬᠤ ᠬᠡᠷᠡᠭᠲᠡᠢ ᠃ ᠳᠡᠭᠡᠳᠦ ᠳᠠᠪᠬᠤᠷᠭ᠎ᠠ ᠶᠢᠨ ᠪᠠᠶᠢᠭᠤᠯᠭ᠎ᠠ ᠪᠠ ᠳᠡᠭᠡᠳᠦ ᠲᠡᠰ ᠤᠨ ᠺᠠᠳ᠋ᠷᠴᠤᠳ ᠲᠦᠷᠦᠭᠦᠯᠡᠨ ᠦᠵᠡᠯ ᠰᠠᠨᠠᠭ᠎ᠠ ᠪᠠᠨ ᠴᠢᠯᠦᠭᠡᠯᠡᠵᠦ ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠵᠠᠰᠠᠯᠲᠠ ᠶᠢᠨ ᠣᠶᠢᠯᠠᠭᠠᠭᠳᠠᠬᠤᠨ ᠢᠶᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ ᠂ ᠰᠢᠰᠲ᠋ᠧᠮ ᠲᠠᠢ ᠵᠠᠰᠠᠬᠤ ᠂ ᠬᠠᠤᠯᠢ ᠶᠣᠰᠣᠭᠠᠷ ᠵᠠᠰᠠᠬᠤ ᠂ ᠶᠡᠷᠦᠩᠬᠡᠶᠢᠯᠡᠨ ᠵᠠᠰᠠᠬᠤ ᠂ ᠡᠬᠢ ᠡᠭᠦᠰᠦᠯ ᠠᠴᠠ ᠨᠢ ᠵᠠᠰᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ ᠃ ᠦᠨᠳᠦᠰᠦᠨ ᠱᠠᠲᠤᠨ ᠤ ᠵᠠᠰᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠠᠷᠤᠭ᠎ᠠ ᠪᠠᠶᠢᠯᠳᠤᠭᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠪᠠ ᠤᠤᠭᠠᠯ ᠡᠭᠦᠳᠦᠯᠲᠡ ᠶᠢᠨ ᠵᠣᠷᠢᠭ ᠰᠠᠨᠠᠭ᠎ᠠ ᠶᠢ ᠭᠦᠨᠳᠦᠳᠭᠡᠵᠦ ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠪᠠᠷ ᠲᠠᠪᠰᠢᠬᠤ ᠂ ᠪᠦᠭᠦ ᠲᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠲᠡᠢ ᠃ ᠴᠡᠷᠢᠭ ᠤᠨ ᠶᠠᠪᠤᠳᠠᠯ ᠤᠨ ᠵᠠᠰᠠᠯᠲᠠ ᠶᠢ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠲᠠᠢ ᠣᠷᠭᠠᠨᠢᠭ ᠢᠶᠠᠷ ᠤᠶᠠᠯᠳᠤᠭᠤᠯᠵᠤ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠢ ᠭᠦᠨᠵᠡᠭᠡᠶᠢᠷᠡᠭᠦᠯᠦᠨ ᠂ ᠬᠠᠤᠯᠢ ᠲᠣᠭᠲᠠᠭᠠᠯ ᠳᠦᠷᠢᠮ ᠤᠨ ᠬᠡᠷᠡᠭᠵᠢᠭᠦᠯᠦᠯᠲᠡ ᠪᠠ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ᠥᠭᠡᠷᠡᠴᠢᠯᠡᠯᠲᠡ ᠶᠢᠨ ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ ᠂ ᠬᠠᠤᠯᠢ ᠪᠠᠷ ᠵᠠᠰᠠᠬᠤ ᠡᠨᠡ ᠬᠦ ᠦᠨᠳᠦᠰᠦᠨ ᠭᠡᠯᠪᠡᠷᠢ ᠶᠢ ᠰᠠᠶᠢᠲᠤᠷ ᠬᠡᠷᠡᠭᠯᠡᠵᠦ ᠂ ᠴᠡᠷᠢᠭ ᠤᠨ ᠶᠠᠪᠤᠳᠠᠯ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃     ᠰᠢ ᠶᠢᠨ ᠫᠢᠩ ᠂ ᠴᠡᠷᠢᠭ ᠪᠠ ᠣᠷᠣᠨ ᠨᠤᠲᠤᠭ ᠠᠯᠤᠰᠯᠠᠭᠰᠠᠨ ᠵᠠᠰᠠᠯᠲᠠ ᠶᠢ ᠴᠢᠩᠭᠠᠳᠬᠠᠬᠤ ᠪᠣᠯ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠶᠢᠨ ᠳᠣᠲᠣᠭᠠᠳᠤ ᠱᠠᠭᠠᠷᠳᠠᠯᠭ᠎ᠠ ᠮᠥᠨ ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠃ ᠴᠡᠷᠢᠭ ᠪᠣᠯᠣᠨ ᠣᠷᠣᠨ ᠨᠤᠲᠤᠭ ᠤᠨ ᠣᠯᠣᠯᠴᠠᠭ᠎ᠠ ᠵᠣᠬᠢᠴᠠᠭᠤᠯᠭ᠎ᠠ ᠪᠠᠨ ᠰᠠᠶᠢᠲᠤᠷ ᠬᠢᠵᠦ ᠂ ᠴᠡᠷᠢᠭ ᠤᠨ ᠶᠠᠪᠤᠳᠠᠯ ᠤᠨ ᠬᠡᠷᠡᠭᠴᠡᠭᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠃ ᠪᠠᠶᠢᠭᠤᠯᠤᠮᠵᠢ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠲᠦᠷᠦ ᠶᠢᠨ ᠪᠣᠳᠣᠯᠭ᠎ᠠ ᠳᠦᠷᠢᠮ ᠢ ᠪᠦᠷᠢᠨᠰᠢᠭᠦᠯᠵᠦ ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ ᠨᠢᠭᠲᠠ ᠬᠠᠮᠵᠢᠯᠴᠠᠬᠤ ᠂ ᠵᠢᠷᠤᠮᠵᠢᠩᠭᠤᠢ ᠡᠮᠬᠢ ᠳᠢᠭᠯᠢᠮ ᠲᠠᠢ ᠴᠡᠷᠢᠭ ᠪᠠ ᠣᠷᠣᠨ ᠨᠤᠲᠤᠭ ᠠᠯᠤᠰᠯᠠᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠥᠪᠥᠷ ᠮᠣᠩᠭᠣᠯ ᠤᠨ ᠡᠳᠦᠷ ᠦᠨ ᠰᠣᠨᠢᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号