ᠰᠢ ᠶᠢᠨ ᠫᠢᠩ ᠬᠠᠷᠢᠭᠤ ᠵᠠᠬᠢᠳᠠᠯ ᠢᠯᠡᠭᠡᠵᠦ ᠰᠢᠶᠠᠩᠭᠠᠩ ᠤᠨ ᠫᠧᠢ ᠴᠢᠶᠤᠤ ᠳᠤᠮᠳᠠᠳᠤ ᠰᠤᠷᠭᠠᠭᠤᠯᠢ ᠶᠢᠨ ᠰᠤᠷᠤᠬᠴᠢᠳ ᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2023/7/26
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ   ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 24 ᠤ ᠡᠳᠦᠷ ᠰᠢᠶᠠᠩᠭᠠᠩ ᠤᠨ ᠫᠧᠢ ᠴᠢᠶᠤᠤ ᠳᠤᠮᠳᠠᠳᠤ ᠰᠤᠷᠭᠠᠭᠤᠯᠢ ᠶᠢᠨ ᠥᠨᠳᠥᠷ ᠨᠢᠭᠡᠳᠦᠭᠡᠷ ᠣᠨ ᠤ ᠪᠦᠭᠦ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ ᠂ ᠳᠡᠳᠡᠨ ᠢ ᠳᠣᠲᠣᠨᠣ ᠪᠠᠷ ᠵᠣᠷᠢᠭᠵᠢᠭᠤᠯᠪᠠ ᠃      ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠲᠠ ᠨᠠᠷ ᠤᠨ ᠺᠤᠷᠢᠶᠠ ᠳᠤ ᠪᠠᠶᠢᠭ᠎ᠠ ᠰᠠᠶᠢᠨ ᠳᠤᠷ᠎ᠠ ᠶᠢᠨ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠴᠢᠨᠳᠠᠷ ᠢ ᠤᠯᠤᠰ ᠲᠠᠭᠠᠨ ᠠᠪᠴᠢᠷᠠᠵᠤ ᠣᠷᠣᠰᠢᠭᠤᠯᠬᠤ ᠶᠣᠰᠣᠯᠠᠯ  ᠂ ︽ ᠲᠡᠭᠷᠢ ᠶᠢᠨ ᠣᠷᠳᠣᠨ︾ ᠤ ᠰᠠᠨᠰᠠᠷᠴᠢᠨ ᠲᠠᠢ ᠬᠠᠷᠢᠯᠴᠠᠬᠤ ᠵᠡᠷᠭᠡ ᠠᠵᠢᠯᠯᠠᠭ᠎ᠠ ᠳᠤ ᠣᠷᠤᠯᠴᠠᠬᠤ ᠪᠠᠷ ᠲᠠᠮᠵᠢᠨ ᠂ ᠳᠤᠮᠳᠠᠳᠤ ᠤᠯᠤᠰ ᠤᠨ ᠬᠥᠮᠥᠨ ᠪᠣᠯᠤᠭᠰᠠᠨ ᠤ ᠣᠮᠣᠭᠰᠢᠯ ᠂ ᠰᠢᠶᠠᠩᠭᠠᠩ ᠤᠨ ᠵᠠᠯᠠᠭᠤ ᠨᠢᠭᠡ ᠦᠶ᠎ᠡ ᠶᠢᠨ ᠬᠢᠨ ᠤ ᠡᠭᠦᠷᠭᠡ ᠬᠠᠷᠢᠭᠤᠴᠠᠯᠭ᠎ᠠ ᠪᠠᠨ ᠨᠡᠩ ᠭᠦᠨᠵᠡᠭᠡᠢ ᠣᠶᠢᠯᠠᠭᠠᠵᠤ ᠮᠡᠳᠡᠭᠰᠡᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ ᠃      ᠰᠢ ᠶᠢᠨ ᠫᠢᠩ ᠂ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠭᠤᠣᠯᠯᠠᠭᠴᠢ ᠮᠥᠨ ᠂ ᠥᠷᠭᠡᠨ ᠤᠯᠠᠨ ᠰᠢᠶᠠᠩᠭᠠᠩ ᠤᠨ ᠠᠬ᠎ᠠ ᠳᠡᠭᠦᠦ ᠨᠠᠷ ᠶᠡᠷᠦ ᠠᠴᠠ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠲᠠᠢ ᠶᠤᠮ ᠂ ᠡᠨᠡ ᠪᠣᠯ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠶᠢ ᠯᠠᠪᠳᠠᠭᠤᠨ ᠬᠤᠯᠠ ᠠᠶᠠᠯᠠᠭᠤᠯᠬᠤ ᠶᠢᠨ ᠴᠢᠬᠤᠯᠠ ᠰᠠᠭᠤᠷᠢ ᠪᠣᠯᠣᠨ᠎ᠠ ᠃ ᠲᠠ ᠨᠠᠷ ᠤᠨ ᠲᠦᠮᠡᠨ ᠪᠣᠳᠢ ᠨᠣᠮ ᠤᠩᠰᠢᠬᠤ ᠪᠣᠯᠣᠨ ᠲᠦᠮᠡᠨ ᠭᠠᠵᠠᠷ ᠠᠶᠠᠯᠠᠬᠤ ᠶᠢ ᠤᠶᠠᠯᠳᠤᠭᠤᠯᠵᠤ ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ ᠲᠠᠨᠢᠵᠤ ᠂ ᠡᠬᠡ ᠤᠯᠤᠰ ᠤᠨ ᠢᠶᠠᠨ ᠲᠡᠦᠬᠡ ᠰᠣᠶᠣᠯ ᠪᠣᠯᠣᠨ ᠤᠯᠤᠰ ᠤᠨ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠵᠤ ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠵᠤᠵᠠᠭᠠᠳᠬᠠᠵᠤ ᠂ ᠪᠠᠲᠤ ᠴᠢᠩᠭ᠎ᠠ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ ᠂ ᠡᠷᠲᠡᠬᠡᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠣᠯᠵᠤ ᠂ ᠰᠠᠶᠢᠨ ᠰᠠᠶᠢᠬᠠᠨ ᠰᠢᠶᠠᠩᠭᠠᠩ ᠢ ᠪᠦᠲᠦᠭᠡᠨ ᠪᠠᠶᠢᠭᠤᠯᠬᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃      ᠫᠧᠢ ᠴᠢᠶᠤᠤ ᠳᠤᠮᠳᠠᠳᠤ ᠰᠤᠷᠭᠠᠭᠤᠯᠢ 1946 ᠣᠨ ᠳᠤ ᠪᠠᠶᠢᠭᠤᠯᠤᠭᠳᠠᠵᠤ ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠬᠠᠮᠤᠭ ᠤᠨ ᠲᠦᠷᠦᠭᠦᠨ ᠳᠤ ᠲᠠᠪᠤᠨ ᠣᠳᠣᠲᠤ ᠤᠯᠠᠭᠠᠨ ᠲᠤᠭ ᠢ ᠮᠠᠨᠳᠤᠭᠤᠯᠤᠭᠰᠠᠨ ᠰᠢᠶᠠᠩᠭᠠᠩ ᠤᠨ ᠰᠤᠷᠭᠠᠭᠤᠯᠢ ᠶᠢᠨ ᠨᠢᠭᠡ ᠪᠣᠯᠣᠨ᠎ᠠ ᠂ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠴᠢᠳᠠᠪᠤᠷᠢᠲᠠᠨ ᠢ ᠦᠯᠡᠮᠵᠢ ᠤᠯᠠᠨ ᠬᠥᠮᠥᠵᠢᠭᠦᠯᠵᠡᠢ ᠃ ᠣᠶᠢᠷ᠎ᠠ ᠳᠤ ᠂ ᠫᠧᠢ ᠴᠢᠶᠣᠤ ᠳᠤᠮᠳᠠᠳᠤ ᠰᠤᠷᠭᠠᠭᠤᠯᠢ ᠶᠢᠨ ᠥᠨᠳᠥᠷ ᠨᠢᠭᠡᠳᠦᠭᠡᠷ ᠣᠨ ᠤ ᠪᠦᠭᠦ ᠰᠤᠷᠤᠬᠴᠢᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ ᠂ ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠳᠤ ᠣᠷᠣᠯᠴᠠᠬᠰᠠᠨ ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠵᠦ ᠂ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ ᠂ ᠤᠯᠤᠰ ᠤᠨ ᠬᠦᠴᠦᠷᠬᠡᠭᠵᠢᠯ ᠪᠠ ᠰᠢᠶᠠᠩᠭᠠᠩ ᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠢ ᠃ 
 
ᠢᠷᠡᠯᠲᠡ᠄ ᠥᠪᠥᠷ ᠮᠣᠩᠭᠣᠯ ᠤᠨ ᠡᠳᠦᠷ ᠦᠨ ᠰᠣᠨᠢᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号