ᠰᠢᠨᠬᠤᠸᠠ ᠬᠤᠷᠢᠶ᠎ᠠ ᠶᠢᠨ ᠴᠧᠩᠳᠦ᠋ ᠶᠢᠨ 7 ᠰᠠᠷ᠎ᠠ ᠶᠢᠨ 27 ᠤ ᠴᠠᠭᠢᠯᠭᠠᠨ ᠮᠡᠳᠡᠭᠡ 7 ᠰᠠᠷ᠎ᠠ ᠶᠢᠨ 27 ᠤ | ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ | ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ | ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ ᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ | ᠶᠡᠷᠦᠩᠬᠡᠶᠢᠯᠡᠭᠴᠢ ᠽᠦᠸᠸᠺᠧ ᠲᠠᠢ ᠴᠧᠩᠳᠦ᠋ ᠳᠤ ᠠᠭᠤᠯᠵᠠᠪᠠ ᠃ | | | | | | 7 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠮᠳᠠᠳᠤ | ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ | ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ ᠠᠶᠢᠯᠴᠢᠯᠠᠯᠳᠠ ᠬᠢᠵᠦ | ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠴᠧᠩᠳᠦ᠋ ᠳᠤ ᠠᠭᠤᠯᠵᠠᠪᠠ ᠃ ᠰᠢᠨᠬᠤᠸᠠ ᠬᠤᠷᠢᠶ᠎ᠠ | ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ ᠂ ᠨᠢᠳᠤᠨᠤᠨ ᠪᠢ ᠶᠡᠷᠦᠩᠬᠡᠶᠢᠯᠡᠭᠴᠢ ᠽᠦᠸᠸᠺᠧ ᠲᠠᠢ ᠬᠠᠮᠲᠤ ᠪᠠᠷ ᠬᠤᠶᠠᠷ ᠤᠯᠤᠰ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠭᠰᠡᠨ ᠪᠢᠯᠡ ᠃ | ᠤᠯᠤᠰ ᠤᠨ ᠣᠳᠣᠬᠢᠴᠢᠯᠠᠯᠲᠠ ᠪᠣᠯᠣᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠮ ᠳᠡᠭᠡᠷ᠎ᠡ ᠂ | ᠳᠤᠮᠳᠠᠳᠤ ᠤᠯᠤᠰ ᠪᠣᠯᠣᠨ ᠢᠨᠳᠤᠨᠧᠰᠢᠶ᠎ᠠ ᠶᠢᠨ ᠣᠶᠢᠯᠠᠭᠠᠭᠳᠠᠬᠤᠨ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ ᠂ | ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠬᠠᠩᠭᠠᠵᠤ ᠂ ᠵᠣᠷᠢᠯᠲᠠ ᠠᠳᠠᠯᠢ ᠵᠠᠮ ᠨᠢᠭᠡᠲᠡᠢ ᠬᠠᠨᠢ ᠂ ᠰᠠᠶᠢᠨ | ᠬᠠᠨᠢᠲᠠᠨ ᠪᠣᠯᠤᠭᠰᠠᠨ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠡᠨᠡ ᠵᠢᠯ ᠬᠤᠶᠠᠷ ᠤᠯᠤᠰ ᠤᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠠᠷ ᠠᠵᠠ ᠲᠣᠭᠢᠶᠠᠯ | ᠪᠤᠯᠭᠠᠵᠤ ᠂ ᠢᠨᠳᠤᠨᠧᠰᠢᠶ᠎ᠠ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ | ᠬᠥᠭᠵᠢᠵᠦ ᠪᠠᠶᠢᠭ᠎ᠠ ᠤᠯᠤᠰ ᠤᠳ ᠤᠨ ᠬᠤᠪᠢ ᠵᠠᠶᠠᠭ᠎ᠠ ᠪᠠᠨ ᠬᠠᠮᠲᠤᠳᠬᠠᠵᠤ ᠂ ᠪᠦᠯᠬᠦᠮᠳᠡᠨ ᠬᠠᠮᠲᠤᠷᠠᠯᠴᠠᠵᠤ ᠂ | ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ ᠂ ᠭᠠᠵᠠᠷ ᠣᠷᠣᠨ ᠪᠠ ᠳᠡᠯᠡᠬᠡᠢ | ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠪᠠ ᠢᠳᠡᠪᠬᠢ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠤᠭ᠎ᠠ ᠪᠠᠶᠢᠩᠭᠤ ᠶᠢᠨ ᠴᠢᠨᠠᠷᠲᠠᠢ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽ 2 + 2 ︾ ᠶᠠᠷᠢᠯᠴᠠᠭᠠᠨ ᠤ ᠲᠣᠭᠲᠠᠴᠠ ᠶᠢ | ᠡᠬᠢᠯᠡᠭᠦᠯᠵᠦ ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠶᠢ ᠪᠠᠶᠢᠭᠤᠯᠤᠨ᠎ᠠ ᠃ ︽ | ᠨᠢᠭᠡ ᠪᠦᠰᠡ ᠨᠢᠭᠡ ᠵᠠᠮ ︾ ᠤᠨ ᠰᠠᠨᠠᠭᠠᠴᠢᠯᠠᠭ᠎ᠠ ᠪᠣᠯᠣᠨ ᠢᠨᠳᠤᠨᠧᠰᠢᠶ᠎ᠠ ᠶᠢᠨ ︽ ᠪᠦᠭᠦ ᠪᠥᠮᠪᠥᠷᠴᠡᠭ ᠤᠨ ᠳᠠᠯᠠᠢ | ᠲᠠᠩᠭᠢᠰ ᠤᠨ ᠲᠤᠯᠬᠤ ᠴᠡᠭ︾ ᠤᠨ ᠲᠥᠰᠥᠪᠯᠡᠯ ᠤᠨ ᠵᠣᠯᠭᠠᠯᠴᠠᠭ᠎ᠠ ᠴᠢᠬᠤᠯᠠ ᠶᠡᠭᠡ ᠦᠷ᠎ᠡ ᠪᠦᠲᠦᠭᠡᠯ ᠣᠯᠪᠠ ᠃ | ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠤᠳᠠᠯ ᠦᠭᠡᠢ ᠲᠡᠷᠭᠡ ᠨᠡᠪᠲᠡᠷᠡᠬᠦ ᠪᠣᠯᠣᠨ᠎ᠠ ᠂ ᠬᠤᠶᠠᠷ | ᠲᠠᠯ᠎ᠠ ᠪᠠᠷ ᠢᠶᠠᠨ ︽ ᠡᠴᠦᠰ ᠤᠨ ᠨᠢᠭᠡ ᠺᠢᠯᠣᠮᠧᠲᠷ ︾ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ | ᠰᠠᠶᠢᠲᠤᠷ ᠬᠢᠵᠦ ᠂ ᠲᠥᠷᠥᠯ ᠵᠦᠢᠯ ᠤᠨ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠪᠠᠶᠢᠬᠤ ᠶᠢ ᠦᠨᠡᠨ ᠬᠦ ᠪᠠᠲᠤᠯᠠᠵᠤ ᠂ | ᠢᠨᠳᠤᠨᠧᠰᠢᠶ᠎ᠠ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠶ᠎ᠡ ᠃ ᠬᠤᠶᠠᠷ ᠲᠠᠯ᠎ᠠ ᠪᠠᠷ ᠢᠶᠠᠨ | ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠰᠠᠶᠢᠲᠤᠷ | ᠬᠢᠵᠦ ᠂ ︽ ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ︾ ᠪᠣᠯᠣᠨ ︽ ᠬᠤᠶᠠᠷ ᠤᠯᠤᠰ ᠤᠨ | ᠬᠤᠣᠰ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠶ᠎ᠠ ᠃ ᠳᠤᠮᠳᠠᠳᠤ ᠤᠯᠤᠰ | ᠢᠨᠳᠤᠨᠧᠰᠢᠶ᠎ᠠ ᠶᠢᠨ ᠰᠢᠨ᠎ᠡ ᠨᠡᠶᠢᠰᠯᠡᠯ ᠤᠨ ᠪᠦᠲᠦᠭᠡᠨ ᠪᠠᠶᠢᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠤᠨ ᠨᠡᠭᠡᠭᠡᠨ ᠬᠥᠭᠵᠢᠭᠦᠯᠦᠯᠲᠡ ᠶᠢ ᠳᠡᠮᠵᠢᠵᠦ ᠂ ᠳᠤᠷᠠᠲᠠᠶ᠎ᠠ ᠢᠨᠳᠤᠨᠧᠰᠢᠶ᠎ᠠ ᠯᠤᠭ᠎ᠠ | ᠰᠢᠨ᠎ᠡ ᠡᠨᠧᠷᠭᠢ ᠶᠢᠨ ᠮᠠᠰᠢᠨ ᠲᠡᠷᠭᠡ ᠂ ᠣᠶᠤᠨᠲᠤ ᠬᠤᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠬᠡᠵᠦ ᠂ ᠠᠵᠤ ᠦᠢᠯᠡᠰ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ | ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠶᠢᠨ ᠶᠡᠭᠡ ᠬᠡᠮᠵᠢᠶᠡᠨ ᠤ ᠲᠠᠸᠠᠷ ᠪᠣᠯᠣᠨ ᠴᠢᠨᠠᠷ | ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠬᠤ ᠶᠢ ᠦᠷᠭᠦᠯᠵᠢᠯᠡᠨ ᠥᠷᠭᠡᠳᠬᠡᠵᠦ ᠂ ︽ ᠣᠷᠣᠨ | ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ︾ ᠢ ᠴᠢᠨᠠᠷ ᠰᠠᠶᠢᠲᠠᠢ | ᠬᠡᠷᠡᠭᠵᠢᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠨ | ᠶᠠᠳᠠᠭᠤ ᠶᠢ ᠲᠡᠳᠬᠦᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠂ ᠬᠡᠯᠡᠨ ᠤ ᠵᠢᠭᠠᠨ ᠰᠤᠷᠭᠠᠯᠲᠠ ᠂ ᠡᠮ ᠡᠮᠨᠡᠯᠭᠡ ᠡᠷᠡᠭᠦᠯ ᠬᠠᠮᠠᠭᠠᠯᠠᠯ ᠂ ᠰᠣᠶᠣᠯ ᠵᠢᠭᠤᠯᠴᠢᠯᠠᠯ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠨᠡ ᠵᠢᠯ ᠪᠣᠯ ᠮᠢᠨᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠤᠭ᠎ᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ | ᠳᠤᠷᠠᠳᠤᠭᠰᠠᠨ 10 ᠵᠢᠯ ᠤᠨ ᠤᠢ ᠪᠤᠯᠬᠤ ᠪᠥᠭᠡᠳ ᠳᠤᠮᠳᠠᠳᠤ ᠤᠯᠤᠰ ︽ᠵᠡᠭᠦᠨ ᠡᠮᠦᠨᠡᠲᠦ ᠠᠽᠢᠶ᠎ᠠ ᠶᠢᠨ | ᠨᠥᠭᠦᠷᠰᠡᠭ ᠬᠠᠮᠲᠤᠷᠠᠯᠴᠠᠭᠠᠨ ᠤ ᠭᠡᠷ᠎ᠡ︾ ᠳᠤ ᠣᠷᠣᠭᠰᠠᠨ 20 ᠵᠢᠯ ᠤᠨ ᠤᠢ ᠪᠣᠯᠣᠨ᠎ᠠ ᠃ ᠳᠤᠮᠳᠠᠳᠤ ᠤᠯᠤᠰ | ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ ᠂ ᠢᠨᠳᠤᠨᠧᠰᠢᠶ᠎ᠠ ᠶᠢᠨ ᠬᠢᠨ ᠤ ᠡᠨᠡ ᠵᠢᠯ ᠤᠨ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠶᠢ | ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ | ᠪᠡᠶ᠎ᠡ ᠪᠠᠨ ᠳᠠᠭᠠᠭᠠᠬᠤ ᠂ ᠪᠦᠯᠬᠦᠮᠳᠡᠨ ᠬᠦᠴᠦᠷᠬᠡᠭᠵᠢᠬᠦ ᠶᠢ ᠪᠠᠷᠢᠮᠲᠠᠯᠠᠬᠤ ᠶᠢ ᠬᠥᠲᠥᠯᠥᠨ ᠳᠠᠭᠠᠭᠤᠯᠵᠤ ᠂ ᠭᠠᠵᠠᠷ | ᠣᠷᠣᠨ ᠤ ᠲᠣᠭᠲᠠᠭᠤᠨ ᠤ ᠲᠥᠪ ᠂ ᠬᠥᠭᠵᠢᠯᠲᠡ ᠶᠢᠨ ᠥᠨᠳᠦᠷᠯᠢᠭ ᠢ ᠬᠠᠮᠲᠤ ᠪᠠᠷ ᠴᠣᠭᠴᠠᠯᠠᠨ᠎ᠠ ᠃ ᠳᠤᠮᠳᠠᠳᠤ | ᠤᠯᠤᠰ ᠳᠤᠷᠠᠲᠠᠶ᠎ᠠ ᠢᠨᠳᠤᠨᠧᠰᠢᠶ᠎ᠠ ᠯᠤᠭ᠎ᠠ ᠬᠤᠷᠢᠨ ᠤᠯᠤᠰ ᠤᠨ ᠪᠦᠯᠦᠭᠯᠡᠯ ᠪᠣᠯᠣᠨ ᠠᠯᠳᠠᠨ ᠲᠣᠭᠤᠰᠭ᠋᠎ᠠ | ᠤᠯᠤᠰ ᠤᠳ ᠵᠡᠷᠭᠡ ᠤᠯᠠᠨ ᠲᠠᠯᠠᠲᠤ ᠲᠣᠭᠲᠠᠴᠠ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠭᠠᠵᠠᠷ ᠣᠷᠣᠨ | ᠪᠣᠯᠣᠨ ᠪᠦᠭᠦ ᠪᠥᠮᠪᠥᠷᠴᠡᠭ ᠤᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ ᠽᠦᠸᠸᠺᠧ ᠂ | ᠨᠢᠳᠤᠨᠤᠨ ᠪᠢ ᠪᠠᠯᠢ ᠠᠷᠠᠯ ᠳᠤ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢ ᠭᠥᠯᠢᠶᠡᠨ ᠠᠪᠤᠭᠰᠠᠨ ᠠᠴᠠ | ᠨᠠᠭᠠᠰᠢ ᠂ ᠬᠤᠶᠠᠷ ᠤᠯᠤᠰ ᠤᠨ ᠬᠠᠷᠢᠯᠴᠠᠭ᠎ᠠ ᠪᠠᠰᠠ ᠮᠠᠰᠢ ᠤᠯᠠᠨ ᠪᠣᠳᠠᠲᠠᠢ ᠠᠬᠢᠴᠠ ᠲᠠᠢ ᠪᠣᠯᠵᠠᠢ ᠃ ᠵᠠᠺᠠᠷᠲ᠋ᠠ | — ᠪᠠᠨᠳᠦ᠋ᠩ ᠤᠨ ᠲᠦᠷᠭᠡᠨ ᠤ ᠲᠡᠮᠦᠷ ᠵᠠᠮ ᠡᠨᠡ ᠵᠢᠯ ᠤᠨ 8 ᠰᠠᠷ᠎ᠠ ᠳᠤ ᠲᠣᠭᠲᠠᠭᠰᠠᠨ ᠬᠤᠭᠤᠴᠠᠭᠠᠨ ᠳᠠᠭᠠᠨ | ᠲᠡᠷᠭᠡ ᠨᠡᠪᠲᠡᠷᠡᠵᠦ ᠂ ᠳᠤᠮᠳᠠᠳᠤ ᠤᠯᠤᠰ ᠤᠨ ᠬᠢᠨ ᠤ ᠢᠳᠡᠪᠬᠢᠲᠡᠢ ᠣᠷᠣᠯᠴᠠᠵᠤ ᠪᠠᠶᠢᠭ᠎ᠠ ᠢᠨᠳᠤᠨᠧᠰᠢᠶ᠎ᠠ ᠶᠢᠨ ᠰᠢᠨ᠎ᠡ | ᠨᠡᠶᠢᠰᠯᠡᠯ ᠤᠨ ᠪᠦᠲᠦᠭᠡᠨ ᠪᠠᠶᠢᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠢ | ᠨᠡᠭᠡᠭᠡᠨ ᠬᠥᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠥᠷᠥᠯ ᠵᠦᠢᠯ ᠤᠷᠤᠭᠰᠢᠲᠠᠢ ᠶᠠᠪᠤᠭᠳᠠᠵᠤ | ᠪᠠᠶᠢᠨ᠎ᠠ ᠃ ᠢᠨᠳᠤᠨᠧᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ | ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠡᠯᠡ ᠣᠷᠣᠭᠤᠯᠤᠯᠲᠠ ᠂ ᠲᠠᠯᠠᠢ ᠲᠠᠩᠭᠢᠰ ᠤᠨ ᠵᠢᠭᠠᠰᠤᠨ ᠤ | ᠦᠢᠯᠡᠰ ᠂ ᠠᠮᠤ ᠪᠤᠳᠠᠭᠠᠨ ᠤ ᠠᠮᠤᠷ ᠲᠦᠪᠰᠢᠨ ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠤᠨ᠎ᠠ ᠃ ᠲᠡᠷᠢᠭᠦᠯᠡᠭᠴᠢ ᠰᠢ | ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠪᠣᠯ ᠨᠡᠭᠡᠭᠡᠯᠲᠡᠲᠡᠢ | ᠪᠠᠭᠲᠠᠭᠠᠮᠵᠢᠲᠠᠢ ᠶᠤᠮ ᠂ ᠢᠨᠳᠤᠨᠧᠰᠢᠶ᠎ᠠ ᠶᠢᠨ ᠬᠢᠨ ᠢᠳᠡᠪᠬᠢᠲᠡᠢ ᠳᠡᠮᠵᠢᠵᠦ ᠪᠠᠶᠢᠨ᠎ᠠ ᠃ ᠳᠤᠮᠳᠠᠳᠤ ᠤᠯᠤᠰ ᠠᠴᠠ | ᠢᠨᠳᠤᠨᠧᠰᠢᠶ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ | ᠤᠯᠤᠰ ᠤᠨ ᠠᠵᠢᠯ ᠢ ᠳᠡᠮᠵᠢᠵᠦ ᠂ ᠭᠠᠵᠠᠷ ᠣᠷᠣᠨ ᠤ ᠪᠦᠲᠦᠴᠡ ᠳᠠᠬᠢ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠤᠭ᠎ᠠ ᠶᠢᠨ ᠭᠤᠣᠯ ᠪᠤᠯᠬᠤ ᠪᠠᠶᠢᠷᠢ ᠰᠠᠭᠤᠷᠢ ᠶᠢ ᠬᠠᠮᠠᠭᠠᠯᠠᠬᠤ ᠶᠢ ᠳᠡᠮᠵᠢᠵᠤ ᠪᠠᠶᠢᠬᠤ ᠳᠤ | ᠲᠠᠯᠠᠷᠬᠠᠵᠤ ᠪᠠᠶᠢᠨ᠎ᠠ ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ | ᠬᠥᠭᠵᠢᠯ ᠴᠡᠴᠡᠭᠯᠡᠯ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ ᠃ | ᠠᠭᠤᠯᠵᠠᠯᠲᠠ ᠶᠢᠨ ᠳᠠᠷᠠᠭ᠎ᠠ ᠂ ᠬᠤᠶᠠᠷ ᠤᠯᠤᠰ ᠤᠨ ᠲᠡᠷᠢᠭᠦᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ | ᠤᠯᠤᠰ ᠲᠤ ᠭᠠᠷᠭᠠᠬᠤ ᠂ ᠡᠷᠡᠭᠦᠯ ᠬᠠᠮᠠᠭᠠᠯᠠᠯ ᠂ ᠬᠠᠮᠲᠤᠷᠠᠨ ᠰᠤᠳᠤᠯᠤᠨ ᠨᠡᠭᠡᠭᠡᠬᠦ ᠵᠢᠴᠢ ᠢᠨᠳᠤᠨᠧᠰᠢᠶ᠎ᠠ ᠶᠢᠨ ᠰᠢᠨ᠎ᠡ | ᠨᠡᠶᠢᠰᠯᠡᠯ ᠂ ᠳᠤᠮᠳᠠᠳᠤ ᠢᠨᠳᠤᠨᠧᠰᠢᠶ᠎ᠠ ᠶᠢᠨ ︽ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠪᠦᠲᠦᠭᠡᠨ | ᠪᠠᠶᠢᠭᠤᠯᠤᠯᠲᠠ ᠵᠡᠷᠭᠡ ᠬᠤᠶᠠᠷ ᠲᠠᠯ᠎ᠠ ᠶᠢᠨ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠼᠠᠢ ᠴᠢ ᠂ ᠳ᠋ᠢᠩ ᠰᠢᠤᠸᠠᠢ ᠰᠢᠶᠠᠩ ᠂ ᠸᠠᠩ ᠢ ᠂ ᠱᠧᠨ ᠢ ᠴᠢᠨ ᠨᠠᠷ ᠳᠡᠭᠡᠷᠡᠬᠢ ᠠᠵᠢᠯᠯᠠᠭ᠎ᠠ ᠳᠤ | ᠣᠷᠣᠯᠴᠠᠪᠠ ᠃ | |