ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ ︾ ᠤᠨ ᠠᠵᠤ ᠠᠬᠤᠶᠢᠯᠠᠯ ᠢ ᠳᠠᠬᠢᠨ ᠬᠢᠨᠠᠬᠤ ᠲᠤᠬᠠᠶ ᠬᠤᠯᠪᠣᠭᠳᠠᠯ ᠪᠦᠬᠦᠢ ᠪᠠᠶᠢᠳᠠᠯ ᠵᠢᠴᠢ ᠰᠢᠨ᠎ᠡ ᠪᠠᠷ ᠨᠡᠮᠡᠭᠳᠡᠭᠰᠡᠨ ᠭᠤᠷᠪᠠᠳᠤᠭᠠᠷ ᠪᠦᠯᠦᠭ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ︾ ᠶᠢ ᠲᠠᠨᠢᠯᠴᠠᠭᠤᠯᠬᠤ ᠠᠵᠤ ᠠᠬᠤᠶᠢᠯᠠᠯ ᠤᠨ ᠨᠡᠷᠡᠰ ᠤᠨ ᠲᠤᠬᠠᠢ ᠨᠡᠶᠢᠲᠡᠯᠡᠯ
ᠨᠡᠶᠢᠲᠡᠯᠡᠭᠰᠡᠨ ᠴᠠᠭ᠄
2023/7/3
  ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠪᠣᠯᠤᠨ ︽ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 5 ᠰᠠᠯᠠᠭ᠎ᠠ ᠮᠥᠴᠢᠷ ᠤᠨ ᠠᠯᠪᠠᠨ ᠲᠢᠩᠬᠢᠮ ︵ᠬᠡᠷ︶ ᠤᠨ ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠣᠷᠣᠨ ᠤ ᠳᠣᠲᠣᠷᠠᠬᠢ 7 ︿ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ﹀ ᠤᠨ ᠠᠵᠤ ᠠᠬᠤᠶᠢᠯᠠᠯ ᠢ ᠳᠠᠬᠢᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ 5 ᠳ᠋ᠤᠭᠠᠷ ᠰᠠᠷ᠎ᠠ ᠶᠢᠨ 10 ᠤ ᠡᠳᠦᠷ ᠠᠴᠠ 30 ᠤ ᠡᠳᠦᠷ ᠪᠣᠯᠲᠠᠯ᠎ᠠ ᠳᠠᠬᠢᠨ ᠬᠢᠨᠠᠭᠰᠠᠨ ᠪᠠᠶᠢᠳᠠᠯ ᠢ ᠢᠯᠡ ᠨᠡᠶᠢᠲᠡᠯᠡᠪᠡ᠃ ᠣᠶᠢᠷ᠎ᠠ ᠳᠤ᠂ ᠥᠪᠥᠷ ᠮᠣᠩᠭᠤᠯ ᠤᠨ ᠳ᠋ᠠ ᠱᠧᠩ ᠺᠦᠢ ᠠᠵᠤ ᠦᠢᠯᠡᠰ ᠤᠨ ᠬᠢᠵᠠᠭᠠᠷᠲᠤ ᠺᠣᠮᠫᠠᠨᠢ ᠤᠷᠲᠤ ᠬᠤᠭᠤᠴᠠᠭ᠎ᠠ ᠪᠠᠷ ᠡᠵᠡᠩᠨᠡᠯᠲᠡ ᠶᠢᠨ ᠠᠮᠵᠢᠯᠲᠠ ᠪᠦᠲᠦᠮᠵᠢ ᠦᠭᠡᠢ᠂ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠳᠤᠮᠳᠠᠳᠤ ᠶᠢᠨ ᠬᠠᠭᠤᠴᠢᠨ ᠨᠡᠷᠡᠲᠦ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠬᠤ ᠠᠢ ᠶᠢᠨ ᠠᠰᠠᠭᠤᠳᠠᠯ ᠤᠨ ᠰᠦᠪᠡᠭᠴᠢ ᠶᠢ ᠣᠯᠵᠠᠢ᠃ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠ ᠠᠵᠤ ᠠᠬᠤᠶᠢᠯᠠᠯ ᠲᠠᠢ ᠬᠢᠨᠠᠨ ᠬᠠᠷᠭᠤᠭᠤᠯᠤᠭᠰᠠᠨ ᠪᠠᠶᠢᠳᠠᠯ ᠨᠢ ᠦᠨᠡᠨ ᠪᠣᠳᠠᠲᠠᠶ ᠪᠠᠶᠢᠨ᠎ᠠ᠃ ᠡᠭᠦᠨ ᠢ ᠦᠨᠳᠦᠰᠦᠯᠡᠪᠡᠯ᠂ ᠪᠥᠬᠦ ᠣᠷᠣᠨ ᠤ ︽ᠳᠤᠮᠳᠠᠳᠤ ᠶᠢᠨ ᠬᠠᠭᠤᠴᠢᠨ ᠲᠡᠮᠳᠡᠭᠲᠦ︾ 7 ᠠᠵᠤ ᠠᠬᠤᠶᠢᠯᠠᠯ ᠤᠨ ᠳᠠᠬᠢᠨ ᠬᠢᠨᠠᠭᠰᠠᠨ ᠦᠷ᠎ᠡ ᠳ᠋ᠦᠩ ᠤᠨ ᠰᠠᠨᠠᠭᠤᠯᠤᠭᠰᠠᠨ ᠢᠶᠠᠷ᠄ ᠥᠪᠥᠷ ᠮᠣᠩᠭᠤᠯ ᠤᠨ ᠦᠨᠳᠦᠰᠦᠲᠡᠨ ᠤ ᠬᠤᠳᠠᠯᠳᠤᠭᠠᠨ ᠤ ᠲᠠᠯᠠᠪᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠲᠥᠯᠥᠭᠡᠯᠡᠬᠦ ᠴᠢᠨᠠᠷᠲᠠᠶ ᠳᠠᠩᠰᠠᠯᠠᠭᠤᠯᠤᠭᠰᠠᠨ ᠲᠠᠸᠠᠷ ᠤᠨ ᠲᠡᠮᠳᠡᠭ᠄ ᠦᠨᠳᠦᠰᠦᠲᠡᠨ︶ ᠵᠡᠷᠭᠡ 6 ᠠᠵᠤ ᠠᠬᠤᠶᠢᠯᠠᠯ ᠪᠠᠲᠤᠯᠠᠭᠳᠠᠵᠤ᠂ ᠥᠪᠥᠷ ᠮᠣᠩᠭᠤᠯ ᠤᠨ ᠳ᠋ᠠ ᠱᠧᠩ ᠺᠦᠢ ᠠᠵᠤ ᠦᠢᠯᠡᠰ ᠤᠨ ᠬᠢᠵᠠᠭᠠᠷᠲᠤ ᠺᠣᠮᠫᠠᠨᠢ ︵ᠲᠥᠯᠥᠭᠡᠯᠡᠬᠦ ᠴᠢᠨᠠᠷᠲᠠᠶ ᠳᠠᠩᠰᠠᠯᠠᠭᠤᠯᠤᠭᠰᠠᠨ ᠲᠠᠸᠠᠷ ᠤᠨ ᠲᠡᠮᠳᠡᠭ᠄ ᠳ᠋ᠠ ᠱᠧᠩ ᠺᠦᠶ︶ ᠶᠢ ᠨᠥᠬᠦᠴᠡᠯ ᠳᠠᠭᠠᠯᠳᠤᠭᠤᠯᠤᠨ ᠲᠣᠬᠢᠷᠠᠭᠤᠯᠬᠤ ᠪᠠᠷ ᠳᠠᠮᠵᠢᠭᠤᠯᠤᠨ ᠪᠠᠲᠤᠯᠠᠭᠰᠠᠨ ᠦᠭᠡᠢ᠃  ︽ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 5 ᠰᠠᠯᠠᠭ᠎ᠠ ᠮᠥᠴᠢᠷ ᠤᠨ ᠠᠯᠪᠠᠨ ᠲᠢᠩᠬᠢᠮ ︵ᠬᠡᠷ︶ ᠤᠨ ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠬᠤ ᠶᠢᠨ ᠬᠠᠮᠲᠤ ᠲᠢᠩᠬᠢᠮ ᠤᠨ ᠤᠳᠤᠷᠢᠳᠤᠯᠭ᠎ᠠ ᠪᠠᠷ ᠵᠥᠪᠰᠢᠶᠡᠷᠡᠭᠦᠯᠦᠭᠡᠳ᠂ ᠪᠤᠭᠤᠲᠤ ᠬᠤᠲᠠ ᠶᠢᠨ ᠶᠢᠨ ᠯᠦ ᠥᠭᠡᠬᠦ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠲᠠᠨᠢᠯᠴᠠᠭᠤᠯᠬᠤ ᠪᠠᠷ ᠪᠠᠶᠢᠭ᠎ᠠ ︽ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭ︾ ᠤᠨ ᠠᠵᠤ ᠠᠬᠤᠶᠢᠯᠠᠯ ᠳᠤ ᠰᠢᠨ᠎ᠡ ᠪᠠᠷ ᠨᠡᠮᠡᠬᠦ ᠪᠠᠷ ᠲᠤᠭᠳᠠᠭᠠᠪᠠ᠃ ᠠᠵᠤ ᠠᠬᠤᠶᠢᠯᠠᠯ ᠤᠨ ᠪᠣᠳᠠᠲᠠᠶ ᠮᠡᠳᠡᠭᠡ ᠵᠠᠩᠭᠢ ᠨᠢ ᠳᠣᠤᠷᠠᠬᠢ ᠮᠡᠲᠦ᠄  ᠠᠶᠢᠮᠠᠭ ᠬᠤᠲᠠ᠄ ᠪᠤᠭᠤᠲᠤ ᠬᠤᠲᠠ  ᠠᠵᠤ ᠠᠬᠤᠶᠢᠯᠠᠯ ᠤᠨ ᠨᠡᠷᠡᠶᠢᠳᠦᠯ᠄ ᠪᠤᠭᠤᠲᠤ ᠬᠤᠲᠠ ᠶᠢᠨ ᠶᠢᠨ ᠯᠦ ᠥᠭᠡᠬᠦ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠲᠦᠯᠦᠭᠡᠯᠡᠬᠦ ᠴᠢᠨᠠᠷᠲᠠᠢ ᠲᠠᠸᠠᠷ ᠤᠨ ᠲᠡᠮᠳᠡᠭ᠄ ᠶᠢᠨ ᠯᠦ  ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ᠄ 91150202720192717Y  ᠨᠡᠶᠢᠳᠡᠯᠡᠬᠦ ᠬᠤᠭᠤᠴᠠᠭ᠎ᠠ ᠨᠢ 7 ᠳ᠋ᠤᠭᠠᠷ ᠰᠠᠷ᠎ᠠ ᠶᠢᠨ 3 ᠤ ᠡᠳᠦᠷ ᠠᠴᠠ 21 ᠤ ᠡᠳᠦᠷ ᠪᠣᠯᠳᠠᠯ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠣᠯ᠂ ᠢᠯᠡ ᠨᠡᠶᠢᠲᠡᠯᠡᠭᠰᠡᠨ ᠬᠤᠭᠤᠴᠠᠭᠠᠨ ᠳᠤ ᠡᠵᠡᠮᠰᠢᠭᠰᠡᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ ᠳᠤ ᠲᠠᠮᠠᠭ᠎ᠠ ᠪᠠᠨ ᠳᠠᠷᠤᠵᠤ᠂ ᠬᠤᠪᠢ ᠬᠥᠮᠦᠨ ᠭᠠᠷ ᠤᠨ ᠦᠰᠦᠭ ᠢᠶᠠᠨ ᠵᠢᠷᠤᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠬᠡᠯᠪᠡᠷᠢ ᠪᠠᠨ ᠳᠠᠭᠠᠯᠳᠤᠭᠤᠯᠤᠨ᠎ᠠ᠃  ᠬᠠᠷᠢᠯᠴᠠᠬᠤ ᠬᠡᠯᠪᠡᠷᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ  ᠤᠲᠠᠰᠤ᠄ 0471-6946508  ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 5 ᠳ᠋ᠤᠭᠠᠷ ᠠᠰᠠᠷ ᠤᠨ 614 ᠳ᠋ᠤᠭᠠᠷ ᠥᠷᠥᠭᠡ 
 
ᠢᠷᠡᠯᠲᠡ᠄ ᠬᠦᠢᠯᠭᠡᠭᠡᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号