ᠪᠡᠭᠡᠵᠢᠩ ᠳᠤ ᠪᠤᠴᠠᠬᠤ ᠵᠠᠮ ᠳᠠᠭᠠᠨ ᠱᠠᠨᠰᠢ ᠶᠢᠨ ᠬᠠᠨᠵᠦ᠋ᠩ ᠳᠤ ᠰᠢᠨᠵᠢᠯᠡᠨ ᠪᠠᠶᠢᠴᠠᠭᠠᠵᠠᠢ | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠧᠴᠤᠸᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠪᠠᠲᠤ ᠡᠵᠡᠮᠳᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠮᠥᠨ | ᠴᠢᠨᠠᠷ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ | ᠡᠭᠦᠷᠭᠡ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ᠂ ᠬᠥᠭᠵᠢᠯᠲᠡ ᠶᠢᠨ ᠠᠷᠭ᠎ᠠ | ᠭᠡᠯᠪᠡᠷᠢ᠂ ᠬᠥᠭᠵᠢᠯᠲᠡ ᠶᠢᠨ ᠬᠥᠳᠡᠯᠭᠡᠬᠦ ᠬᠦᠴᠦᠨ᠂ ᠬᠥᠭᠵᠢᠯᠲᠡ ᠶᠢᠨ ᠬᠦᠷᠢᠶ᠎ᠡ᠂ ᠬᠥᠭᠵᠢᠯᠲᠡ ᠶᠢᠨ ᠶᠠᠰᠤ | ᠴᠢᠨᠠᠷ ᠤᠨ ᠬᠤᠪᠢᠰᠤᠯᠲᠠ ᠶᠢ ᠭᠦᠨᠵᠡᠭᠡᠢ ᠠᠬᠢᠭᠤᠯᠵᠤ᠂ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠰᠧᠴᠤᠸᠠᠨ ᠤ ᠬᠢᠨ ᠪᠦᠭᠦ ᠤᠯᠤᠰ ᠤᠨ ᠶᠡᠭᠡ ᠲᠠᠯ᠎ᠠ ᠠᠴᠠ ᠲᠤᠰ | ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠣᠯᠣᠨ ᠪᠠᠶᠢᠯᠳᠤᠬᠤ ᠪᠣᠳᠣᠯᠭ᠎ᠠ ᠶᠢᠨ ᠡᠭᠦᠷᠭᠡ | ᠬᠠᠷᠢᠭᠤᠴᠠᠯᠭ᠎ᠠ ᠪᠠᠨ ᠤᠯᠠᠮ ᠡᠵᠡᠮᠳᠡᠵᠦ᠂ ᠲᠤᠰ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ | ᠬᠥᠭᠵᠢᠯᠲᠡ ᠶᠢᠨ ᠰᠡᠳᠬᠢᠴᠡ ᠪᠣᠯᠣᠨ ᠭᠤᠣᠯ ᠰᠢᠪᠲᠤᠯᠬᠤ ᠴᠢᠭᠯᠡᠯ ᠢᠶᠠᠨ ᠲᠣᠳᠣᠷᠬᠠᠶᠢᠯᠠᠵᠤ᠂ ᠳᠠᠪᠠᠭᠤᠯᠢᠭ ᠢᠶᠠᠨ | ᠳᠠᠪᠲᠠᠨ ᠪᠤᠯᠪᠠᠰᠤᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ | ᠰᠢᠨ᠎ᠡ ᠴᠠᠭ ᠦᠶ᠎ᠡ ᠶᠢᠨ ᠰᠧᠴᠤᠸᠠᠨ ᠢ ᠵᠠᠰᠠᠵᠤ ᠰᠧᠴᠤᠸᠠᠨ ᠢ ᠮᠠᠨᠳᠤᠭᠤᠯᠤᠨ ᠳᠠᠬᠢᠨᠲᠠ ᠰᠢᠨ᠎ᠡ ᠳᠡᠭᠲᠡᠷ ᠲᠤ | ᠭᠠᠷᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠧᠴᠤᠸᠠᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 7 ᠰᠠᠷ᠎ᠠ ᠶᠢᠨ 25 ᠠᠴᠠ 27 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠰᠧᠴᠤᠸᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 25 ᠤ ᠦᠳᠡ ᠶᠢᠨ ᠬᠤᠶᠢᠨ᠎ᠠ᠂ ᠰᠢ ᠶᠢᠨ ᠫᠢᠩ | ᠭᠤᠸᠠᠩᠶᠤᠸᠠᠨ ᠬᠤᠳᠠ ᠶᠢᠨ ᠵᠢᠶᠠᠨ ᠭᠧ ᠰᠢᠶᠠᠨ ᠤ ᠼᠦᠢ ᠶᠦᠨ ᠯᠠᠩ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | | | 7 ᠰᠠᠷ᠎ᠠ ᠶᠢᠨ 25 ᠠᠴᠠ 27 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠰᠧᠴᠤᠸᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 26 ᠤ ᠦᠳᠡ ᠶᠢᠨ ᠬᠤᠶᠢᠨ᠎ᠠ᠂ ᠰᠢ ᠶᠢᠨ ᠫᠢᠩ ᠳ᠋ᠧᠶᠠᠩ | ᠬᠤᠲᠠ ᠶᠢᠨ ᠭᠤᠸᠠᠩ ᠬᠠᠨ ᠬᠤᠲᠠ ᠳᠠᠬᠢ ᠰᠠᠨ ᠰᠢᠩ ᠳ᠋ᠦᠢ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠵᠤ ᠰᠡᠷᠭᠦᠭᠡᠬᠦ ᠣᠷᠳᠣᠨ ᠳᠤ ᠲᠤᠬᠠᠢ ᠶᠢᠨ ᠲᠠᠯᠠᠪᠠᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 7 ᠰᠠᠷ᠎ᠠ ᠶᠢᠨ 25 ᠠᠴᠠ 27 ᠤ ᠡᠳᠦᠷ ᠪᠤᠯᠲᠠᠯ᠎ᠠ᠂ ᠰᠢ ᠶᠢᠨ ᠫᠢᠩ ᠰᠧᠴᠤᠸᠠᠨ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠰᠢᠶᠣᠣ ᠬᠤᠶ ᠪᠣᠯᠣᠨ ᠮᠤᠵᠢ ᠶᠢᠨ ᠳᠠᠷᠤᠭ᠎ᠠ ᠬᠤᠸᠠᠩ ᠴᠢᠶᠠᠩ ᠤᠨ ᠪᠠᠷ᠎ᠠ | ᠪᠤᠯᠣᠯᠭ᠎ᠠ ᠲᠠᠢ ᠪᠠᠷ ᠤᠷᠢᠳ ᠬᠤᠵᠢᠳ ᠭᠤᠸᠠᠩᠶᠤᠸᠠᠨ᠂ ᠳ᠋ᠸᠶᠠᠩ ᠵᠡᠷᠭᠡ ᠭᠠᠵᠠᠷ ᠲᠤ ᠬᠦᠷᠴᠦ ᠪᠠᠶᠢᠴᠠᠭᠠᠨ | ᠰᠤᠳᠤᠯᠤᠯᠲᠠ ᠬᠢᠪᠡ᠃ | 25 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠭᠤᠸᠠᠩᠶᠤᠸᠠᠨ ᠬᠤᠳᠠ ᠶᠢᠨ ᠵᠢᠶᠠᠨ | ᠭᠧ ᠰᠢᠶᠠᠨ ᠳᠤ ᠬᠦᠷᠴᠦ ᠼᠦᠢ ᠶᠦᠨ ᠯᠠᠩ ᠳᠤ ᠰᠢᠨᠵᠢᠯᠡᠨ ᠪᠠᠶᠢᠴᠠᠭᠠᠪᠠ᠃ ᠠᠳᠡᠬᠢ ᠪᠣᠯ ᠡᠷᠲᠡᠨ ᠤ | ᠪᠣᠭᠤᠮᠲᠠ ᠶᠢᠨ ᠳᠤᠮᠳᠠᠬᠢ ᠲᠠᠯ᠎ᠠ ᠭᠠᠵᠠᠷ ᠠᠴᠠ ᠰᠧᠴᠤᠸᠠᠨ ᠬᠤᠲᠣᠭᠤᠷ ᠲᠤ ᠨᠡᠪᠲᠡᠷᠡᠬᠦ ᠡᠷᠲᠡᠨ ᠤ ᠱᠤ᠋ ᠤᠯᠤᠰ ᠤᠨ | ᠵᠠᠮ ᠤᠨ ᠴᠢᠬᠤᠯᠠ ᠬᠡᠰᠡᠭ ᠪᠠᠶᠢᠵᠤ᠂ ᠤᠳᠤ ᠪᠤᠯᠲᠠᠯ᠎ᠠ ᠬᠠᠳᠠᠭᠠᠯᠠᠭᠳᠠᠵᠤ ᠪᠠᠶᠢᠭ᠎ᠠ ᠬᠠᠮᠤᠭ ᠤᠨ ᠪᠦᠷᠢᠨ ᠪᠦᠲᠦᠨ | ᠬᠥᠮᠥᠨ ᠤ ᠬᠦᠴᠦ ᠪᠠᠷ ᠵᠠᠶᠢᠯᠠᠭᠰᠠᠨ ᠡᠷᠲᠡᠨ ᠤ ᠤᠯᠠᠭ᠎ᠠ ᠥᠷᠲᠡᠭᠡᠨ ᠤ ᠵᠠᠮ ᠤᠨ ᠡᠷᠲᠡᠨ ᠤ ᠮᠠᠶᠢᠯᠠᠰᠤᠨ ᠮᠣᠳᠣᠨ ᠤ | ᠰᠦᠷᠦᠭ ᠪᠤᠢ᠃ ᠰᠢ ᠶᠢᠨ ᠫᠢᠩ ᠡᠷᠲᠡᠨ ᠤ ᠱᠤ᠋ ᠤᠯᠤᠰ ᠤᠨ ᠵᠠᠮ ᠤᠨ ᠬᠥᠭᠵᠢᠯᠲᠡ ᠶᠢᠨ ᠥᠩᠭᠡᠷᠡᠯᠲᠡ᠂ ᠼᠦᠢ | ᠶᠦᠨ ᠯᠠᠩ ᠤᠨ ᠪᠦᠬᠦᠶᠢᠯᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠷᠲᠡᠨ ᠤ ᠵᠠᠮ ᠢᠶᠠᠷ ᠠᠯᠬᠤᠵᠤ | ᠮᠢᠩᠭᠠᠨ ᠣᠨ ᠤ ᠡᠷᠲᠡᠨ ᠤ ᠮᠠᠶᠢᠯᠠᠰᠤ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠡᠦᠬᠡᠨ ᠳᠡᠭᠡᠷᠡᠬᠢ | ᠮᠠᠶᠢᠯᠠᠰᠤ ᠲᠠᠷᠢᠵᠤ ᠮᠠᠶᠢᠯᠠᠰᠤ ᠶᠢ ᠬᠠᠮᠠᠭᠠᠯᠠᠭᠰᠠᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠡᠨᠡᠬᠦ ᠳᠡᠯᠡᠬᠡᠢ | ᠳᠡᠭᠡᠷᠡᠬᠢ ᠬᠥᠮᠥᠨ ᠤ ᠬᠦᠴᠦ ᠪᠠᠷ ᠵᠠᠶᠢᠯᠠᠭᠰᠠᠨ ᠬᠠᠮᠤᠭ ᠤᠨ ᠲᠣᠮᠣ ᠡᠷᠲᠡᠨ ᠤ ᠮᠠᠶᠢᠯᠠᠰᠤ ᠨᠢ ᠡᠶᠢᠮᠦ ᠣᠷᠳᠣ | ᠬᠤᠭᠤᠴᠠᠭ᠎ᠠ ᠤᠷᠭᠤᠵᠤ ᠦᠷᠭᠦᠯᠵᠢᠯᠡᠵᠦ ᠴᠢᠳᠠᠭᠰᠠᠨ ᠨᠢ ᠮᠢᠩ ᠤᠯᠤᠰ ᠤᠨ ᠦᠶ᠎ᠡ ᠠᠴᠠ ᠡᠬᠢᠯᠡᠨ ︽ᠨᠣᠶᠠᠳ ᠪᠠ | ᠠᠷᠠᠳ ᠬᠠᠮᠲᠤ ᠪᠠᠷ ᠣᠭᠲᠣᠯᠬᠤ ᠶᠢ ᠴᠠᠭᠠᠵᠠᠯᠠᠬᠤ︾᠂ ︽ᠮᠣᠳᠣ ᠶᠢ ᠲᠤᠰᠢᠶᠠᠵᠤ ᠲᠠᠮᠠᠭ᠎ᠠ ᠶᠢ ᠲᠤᠰᠢᠶᠠᠬᠤ︾ ᠵᠡᠷᠭᠡ | ᠳᠦᠷᠢᠮ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠪᠣᠯᠤᠭᠰᠠᠨ ᠶᠤᠮ᠂ ᠤᠳᠤ ᠪᠤᠯᠳᠠᠯ᠎ᠠ ᠦᠷᠭᠦᠯᠵᠢᠯᠡᠵᠥ᠂ ᠵᠠᠩᠰᠢᠯ | ᠪᠣᠯᠵᠤ ᠴᠢᠳᠠᠭᠰᠠᠨ ᠨᠢ ᠨᠠᠩ ᠴᠤ ᠲᠤᠬᠠᠢ ᠶᠢᠨ ᠭᠠᠵᠠᠷ ᠤᠨ ᠠᠷᠠᠳ ᠲᠦᠮᠡᠨ ᠤ ᠦᠶ᠎ᠡ ᠶᠢᠨ ᠦᠶ᠎ᠡ ᠳᠡᠭᠡᠨ | ᠬᠠᠮᠲᠤ ᠪᠠᠷ ᠬᠠᠮᠠᠭᠠᠯᠠᠭᠰᠠᠨ ᠠᠴᠠ ᠪᠣᠯᠤᠭᠰᠠᠨ ᠶᠤᠮ᠃ ᠡᠨᠡ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠳᠬᠤᠬᠤ ᠳᠤ ᠡᠷᠬᠡᠪᠰᠢ ᠳᠦᠷᠢᠮ ᠤᠨ ᠪᠣᠷᠣ ᠲᠥᠯᠥᠪ ᠢ ᠰᠠᠶᠢᠲᠤᠷ ᠪᠠᠶᠢᠭᠤᠯᠵᠤ᠂ ᠳᠦᠷᠢᠮ ᠤᠨ | ᠬᠡᠷᠡᠭᠵᠢᠭᠦᠯᠦᠯᠲᠡ ᠶᠢ ᠰᠠᠶᠢᠲᠤᠷ ᠠᠳᠬᠤᠬᠤ ᠶᠢᠨ ᠬᠠᠮᠲᠤ ᠥᠷᠭᠡᠨ ᠣᠯᠠᠨ ᠠᠷᠠᠳ ᠲᠦᠮᠡᠨ ᠤ ᠢᠳᠡᠪᠬᠢᠵᠢᠯ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠰᠢᠨ᠎ᠡ ᠴᠠᠭ ᠦᠶ᠎ᠡ ᠶᠢᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠳᠡᠭ ᠢ | ᠪᠢᠳᠡᠨ ᠳᠤ ᠰᠡᠩᠬᠡᠷᠡᠭᠦᠯᠦᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ ᠮᠣᠷᠳᠠᠬᠤ ᠠᠴᠠ ᠪᠠᠨ ᠡᠮᠦᠨ᠎ᠡ᠂ ᠲᠡᠷᠡ | ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠲᠤ᠂ ᠡᠷᠲᠡᠨ ᠤ ᠮᠣᠳᠣ ᠨᠡᠷᠡᠳᠦ ᠮᠣᠳᠣ ᠶᠢ ᠰᠠᠶᠢᠲᠤᠷ | ᠬᠠᠮᠠᠭᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ | ᠭᠡᠵᠦ ᠵᠠᠬᠢᠪᠠ᠃ | ᠳ᠋ᠧᠶᠠᠩ ᠬᠤᠲᠠ ᠶᠢᠨ ᠭᠤᠸᠠᠩ ᠬᠠᠨ ᠬᠤᠲᠠ ᠶᠢᠨ ᠪᠠᠷᠠᠭᠤᠨ ᠬᠤᠶᠢᠨᠠᠬᠢ ᠳᠠᠬᠢ ᠶᠠ ᠽᠢ ᠾᠧ ᠭᠤᠣᠯ ᠤᠨ | ᠡᠮᠦᠨ᠎ᠡ ᠬᠥᠪᠡᠭᠡᠨ ᠳᠤ ᠪᠠᠶᠢᠷᠢᠯᠠᠭ᠎ᠠ ᠰᠠᠨ ᠰᠢᠩ ᠳ᠋ᠦᠢ ᠶᠢᠨ ᠪᠠᠭᠤᠷᠢ ᠨᠢ ᠬᠡᠳᠦᠨ ᠮᠢᠩᠭᠠᠨ ᠵᠢᠯ ᠤᠨ ᠡᠮᠦᠨᠡᠬᠢ | ᠡᠷᠲᠡᠨ ᠤ ᠱᠤ᠋ ᠤᠯᠤᠰ ᠤᠨ ᠪᠣᠯᠪᠠᠰᠤᠨ ᠤ ᠳᠦᠷᠰᠦ ᠪᠠᠶᠢᠳᠠᠯ ᠪᠠ ᠬᠥᠭᠵᠢᠯᠲᠡ ᠶᠢᠨ ᠲᠦᠪᠰᠢᠨ ᠢ ᠲᠥᠯᠥᠭᠡᠯᠡᠵᠦ᠂ | ᠠᠳᠠᠯᠢ ᠬᠤᠭᠤᠴᠠᠭᠠᠨ ᠤ ᠬᠥᠬᠡᠮᠥ᠋ᠷᠡᠨ ᠤ ᠰᠠᠪᠠ ᠭᠠᠵᠠᠷ ᠤᠨ ᠰᠣᠶᠣᠯ ᠤᠨ ᠠᠭᠤᠯᠤᠭᠳᠠᠬᠤᠨ ᠢᠶᠠᠷ ᠬᠠᠮᠤᠭ ᠤᠨ | ᠪᠠᠶᠠᠯᠢᠭ᠂ ᠲᠠᠯᠠᠪᠠᠶ ᠪᠠᠷ ᠬᠠᠮᠤᠭ ᠤᠨ ᠶᠡᠭᠡ ᠨᠡᠶᠢᠰᠯᠡᠯ ᠤᠨ ᠪᠠᠭᠤᠷᠢ ᠪᠣᠯᠣᠨ᠎ᠠ᠃ 26 ᠤ ᠦᠳᠡ ᠶᠢᠨ ᠬᠤᠶᠢᠨ᠎ᠠ᠂ | ᠰᠢ ᠶᠢᠨ ᠫᠢᠩ ᠰᠠᠨ ᠰᠢᠩ ᠳ᠋ᠦᠢ ᠮᠦᠽᠧᠢ ᠶᠢᠨ ᠰᠢᠨ᠎ᠡ ᠣᠷᠳᠣᠨ ᠳᠤ ᠬᠦᠷᠴᠦ᠂ ︽ᠡᠷᠡᠨ ᠵᠠᠭᠤᠨ ᠤ ᠵᠡᠭᠦᠳᠦ︾᠂ | ︽ᠰᠡᠬᠦᠶᠢᠨ ᠰᠦᠨᠳᠡᠷᠯᠡᠭᠰᠡᠨ ᠸᠠᠩᠲᠤ ᠨᠡᠶᠢᠰᠯᠡᠯ︾᠂ ︽ᠲᠡᠭᠷᠢ ᠭᠠᠵᠠᠷ ᠬᠥᠮᠥᠨ ᠰᠠᠬᠢᠭᠤᠯᠰᠤᠨ︾ ᠵᠡᠷᠭᠡ ᠳᠡᠯᠭᠡᠨ | ᠦᠵᠡᠭᠦᠯᠭᠡ ᠶᠢ ᠲᠣᠭᠤᠷᠢᠨ ᠦᠵᠡᠵᠦ᠂ ᠰᠠᠨ ᠰᠢᠩ ᠳ᠋ᠦᠢ ᠶᠢᠨ ᠪᠠᠭᠤᠷᠢ ᠶᠢ ᠠᠭᠤᠳᠠᠯᠤᠭᠰᠠᠨ ᠥᠩᠭᠡᠷᠡᠯᠲᠡ ᠪᠣᠯᠣᠨ | ᠡᠷᠲᠡᠨ ᠤ ᠱᠤ᠋ ᠤᠯᠤᠰ ᠤᠨ ᠪᠣᠯᠪᠠᠰᠤᠨ ᠤ ᠦᠷ᠎ᠡ ᠪᠦᠲᠦᠭᠡᠯ ᠢ ᠣᠶᠢᠯᠠᠭᠠᠪᠠ᠃ ᠰᠠᠨ ᠰᠢᠩ ᠳ᠋ᠦᠢ ᠮᠦᠽᠧᠢ ᠶᠢᠨ | ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠰᠡᠷᠭᠦᠭᠡᠬᠦ ᠣᠷᠳᠣᠨ ᠳᠣᠲᠣᠷ᠎ᠠ᠂ ᠰᠢ ᠶᠢᠨ ᠫᠢᠩ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠵᠤ ᠰᠡᠷᠭᠦᠭᠡᠬᠦ ᠠᠵᠢᠯ ᠤᠨ ᠲᠣᠭᠤᠷᠢᠭ ᠲᠤ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠵᠤ ᠰᠡᠷᠭᠦᠭᠡᠬᠦ ᠠᠵᠢᠯ ᠤᠨ ᠶᠠᠪᠤᠴᠠ ᠶᠢᠨ ᠨᠠᠷᠢᠨ ᠵᠦᠢᠯᠡᠰ ᠪᠣᠯᠣᠨ ᠬᠠᠮᠤᠭ ᠤᠨ ᠰᠢᠨ᠎ᠡ ᠮᠡᠷᠭᠡᠵᠢᠯ ᠢ ᠨᠠᠷᠢᠨ | ᠬᠢᠨᠠᠮᠠᠭᠠᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠰᠢ | ᠶᠢᠨ ᠫᠢᠩ᠂ ᠰᠠᠨ ᠰᠢᠩ ᠳ᠋ᠦᠢ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠦᠷ᠎ᠡ ᠪᠦᠲᠦᠭᠡᠯ ᠳᠡᠯᠡᠬᠡᠢ ᠳ᠋ᠠᠬᠢᠨ ᠳᠤ | ᠠᠯᠳᠠᠷᠰᠢᠵᠤ᠂ ᠲᠦᠷᠪᠡᠨ ᠮᠢᠩᠭ᠎ᠠ ᠭᠠᠷᠤᠢ ᠵᠢᠯ ᠤᠨ ᠡᠮᠦᠨᠡᠬᠢ ᠪᠣᠯᠪᠠᠰᠤᠨ ᠤ ᠦᠷ᠎ᠡ ᠪᠦᠲᠦᠭᠡᠯ ᠢ ᠢᠯᠡᠷᠡᠭᠦᠯᠵᠦ᠂ | ᠳᠤᠮᠳᠠᠳᠤ ᠶᠢᠨ ᠪᠣᠯᠪᠠᠰᠤᠨ ᠤ ᠤᠯᠠᠨ ᠡᠰᠢᠵᠢᠵᠦ ᠨᠢᠭᠡ ᠴᠣᠭᠴᠠᠵᠢᠭᠰᠠᠨ᠂ ᠡᠷᠲᠡᠨ ᠤ ᠱᠤ᠋ ᠤᠯᠤᠰ ᠤᠨ ᠪᠣᠯᠪᠠᠰᠤᠨ | ᠪᠣᠯᠣᠨ ᠳᠤᠮᠳᠠᠳᠤ ᠣᠷᠣᠨ ᠤ ᠪᠣᠯᠪᠠᠰᠤᠨ ᠤ ᠬᠠᠷᠢᠯᠴᠠᠨ ᠨᠥᠯᠥᠭᠡᠯᠡᠭᠰᠡᠨ ᠵᠡᠷᠭᠡ ᠲᠠᠯ᠎ᠠ ᠪᠠᠷ ᠨᠡᠩ ᠬᠦᠴᠦᠲᠡᠢ | ᠬᠠᠭᠤᠴᠢ ᠰᠤᠳᠤᠯᠤᠯ ᠤᠨ ᠪᠣᠳᠠᠲᠤ ᠭᠡᠷᠡᠴᠢᠯᠡᠯ ᠬᠠᠩᠭᠠᠵᠠᠢ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ | ᠰᠡᠷᠭᠦᠭᠡᠬᠦ ᠪᠣᠯ ᠤᠷᠳᠤ ᠬᠤᠭᠤᠴᠠᠭᠠᠨ ᠤ ᠡᠭᠦᠷᠭᠡ ᠮᠥᠨ᠂ ᠤᠯᠤᠰ ᠤᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠩᠭ᠎ᠠ ᠨᠢᠮᠪᠠᠢ ᠤᠷᠠᠨ | ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠨᠢᠭᠡ ᠶᠠᠪᠤᠳᠠᠯ ᠢᠶᠠᠷ ᠬᠢᠵᠦ᠂ ᠤᠳᠠᠭᠠᠨ ᠳᠠᠭᠠᠭᠠᠮᠠᠭᠠᠢ | ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠶᠡᠭᠡ ᠠᠮᠵᠢᠯᠲᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ | ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠰᠠᠨ ᠰᠢᠩ ᠳ᠋ᠦᠢ ᠮᠦᠽᠧᠢ ᠶᠢᠨ ᠰᠢᠨ᠎ᠡ ᠣᠷᠳᠣᠨ | ᠪᠠᠶᠢᠭᠤᠯᠤᠭᠳᠠᠵᠤ ᠠᠰᠢᠭᠯᠠᠯᠲᠠ ᠳᠤ ᠣᠷᠣᠭᠰᠠᠨ ᠳᠤ ᠬᠠᠯᠠᠭᠤᠨ ᠪᠠᠶᠠᠷ ᠬᠦᠷᠭᠡᠵᠦ᠂ ᠥᠷᠭᠡᠨ ᠤᠯᠠᠨ ᠬᠠᠭᠤᠴᠢ | ᠰᠤᠳᠤᠯᠤᠭᠴᠢᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ | ᠢᠯᠡᠳᠬᠡᠪᠡ ︕ | 27 ᠤ ᠦᠳᠡ ᠶᠢᠨ ᠡᠮᠦᠨ᠎ᠡ᠂ ᠰᠢ ᠶᠢᠨ ᠫᠢᠩ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠪᠣᠯᠣᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠧᠴᠤᠸᠠᠨ ᠤ ᠡᠯ᠎ᠡ | ᠵᠦᠢᠯ ᠤᠨ ᠠᠵᠢᠯ ᠤᠨ ᠠᠮᠵᠢᠯᠲᠠ ᠶᠢ ᠨᠤᠲᠠᠯᠠᠵᠤ᠂ ᠰᠧᠴᠤᠸᠠᠨ ᠤ ᠬᠢᠨ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ ᠶᠢ ᠠᠬᠢᠭᠤᠯᠬᠤ ᠲᠠᠯ᠎ᠠ ᠪᠠᠷ ᠵᠡᠷᠭᠡ ᠪᠠᠷ ᠬᠦᠴᠦᠯᠡᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠲᠠᠯ᠎ᠠ ᠪᠠᠷ ᠣᠨᠣᠴᠠᠲᠠᠢ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠪᠦᠭᠦ ᠲᠠᠯ᠎ᠠ ᠪᠠᠷ ᠬᠦᠴᠦᠯᠡᠵᠦ᠂ ᠬᠥᠬᠡᠮᠥ᠋ᠷᠡᠨ ᠬᠠᠳᠤᠨ ᠭᠤᠣᠯ ᠤᠨ | ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠯᠬᠠᠪᠴᠢ ᠶᠢ ᠪᠠᠲᠤ ᠪᠠᠬᠢ ᠴᠣᠭᠴᠠᠯᠠᠬᠤ ᠲᠠᠯ᠎ᠠ ᠪᠠᠷ ᠦᠷᠭᠦᠯᠵᠢᠯᠡᠨ | ᠬᠦᠴᠦᠯᠡᠲᠦᠭᠡᠢ ᠭᠡᠵᠦ ᠬᠦᠰᠡᠪᠡ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ | ᠳᠠᠪᠠᠭᠤᠯᠢᠭ ᠢ ᠪᠤᠢ ᠪᠤᠯᠭᠠᠬᠤ ᠪᠣᠯ ᠶᠡᠭᠡ ᠬᠠᠨᠳᠤᠰᠢ ᠪᠤᠯᠬᠤ ᠪᠥᠭᠡᠳ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢᠨ | ᠲᠤᠯᠭᠠᠮ ᠱᠠᠭᠠᠷᠳᠠᠯᠭ᠎ᠠ ᠮᠥᠨ᠂ ᠡᠷᠬᠡᠪᠰᠢ ᠰᠢᠨ᠎ᠡ ᠶᠢ ᠡᠭᠦᠳᠬᠦ ᠢᠯᠠᠩᠭᠤᠶ᠎ᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠬᠥᠳᠡᠯᠭᠡᠬᠦ ᠬᠦᠴᠦᠨ ᠤ ᠬᠤᠪᠢᠰᠤᠯᠲᠠ ᠪᠣᠯᠣᠨ ᠬᠥᠳᠡᠯᠭᠡᠬᠦ | ᠡᠨᠧᠷᠭᠢ ᠶᠢᠨ ᠰᠣᠯᠢᠭᠳᠠᠯ ᠢ ᠪᠡᠶᠡᠯᠡᠭᠦᠯᠬᠦ ᠬᠡᠷᠡᠭᠲᠡᠢ᠃ ᠰᠧᠴᠤᠸᠠᠨ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠤᠯᠠᠨ᠂ ᠰᠢᠨ᠎ᠡ ᠶᠢ ᠡᠭᠦᠳᠬᠦ ᠴᠢᠳᠠᠪᠤᠷᠢᠲᠠᠨ ᠲᠥᠪᠯᠡᠷᠡᠭᠰᠡᠨ | ᠳᠠᠪᠠᠭᠤᠯᠢᠭ ᠪᠣᠯᠣᠨ ᠠᠵᠤ ᠦᠢᠯᠡᠰ ᠤᠨ ᠰᠢᠰᠲ᠋ᠧᠮ ᠨᠡᠯᠢᠶᠡᠳ ᠲᠡᠭᠦᠯᠳᠡᠷᠵᠢᠭᠰᠡᠨ᠂ ᠠᠵᠤ ᠦᠢᠯᠡᠰ ᠤᠨ ᠰᠠᠭᠤᠷᠢ | ᠵᠤᠵᠠᠭᠠᠨ ᠪᠠᠶᠢᠭ᠎ᠠ ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠠᠯ᠎ᠠ ᠪᠠᠷ | ᠵᠡᠷᠭᠡ ᠪᠠᠷ ᠬᠦᠴᠦᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ | ᠲᠡᠭᠦᠯᠳᠡᠷᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠬᠦᠴᠦᠨ ᠪᠠ ᠡᠬᠢ ᠪᠠᠶᠠᠯᠢᠭ ᠢ ᠢᠳᠡᠪᠬᠢᠲᠡᠢ ᠵᠣᠯᠭᠠᠯᠳᠤᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ | ᠪᠠᠶᠢᠷᠢᠰᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠰᠢᠨ᠎ᠡ ᠶᠢ ᠡᠭᠦᠳᠬᠦ | ᠥᠨᠳᠦᠷᠯᠢᠭ ᠢ ᠬᠦᠴᠦᠯᠡᠨ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠧᠴᠤᠸᠠᠨ ᠪᠣᠯ ᠮᠠᠨ ᠤ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠥᠷᠥᠴᠡ ᠭᠠᠵᠠᠷ ᠮᠥᠨ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠢᠯᠠᠩᠭᠤᠶ᠎ᠠ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠ ᠥᠪᠡᠷᠮᠢᠴᠡ ᠪᠥᠭᠡᠳ ᠴᠢᠬᠤᠯᠠ ᠪᠠᠶᠢᠷᠢ | ᠰᠠᠭᠤᠷᠢ ᠲᠠᠢ᠃ ᠦᠢᠯᠡᠳᠬᠦ ᠦᠢᠯᠡᠰ ᠤᠨ ᠥᠪᠡᠷᠮᠢᠴᠡ ᠳᠠᠪᠠᠭᠤᠯᠢᠭ ᠲᠤ ᠲᠦᠰᠢᠭᠯᠡᠨ᠂ ᠤᠯᠤᠰ ᠤᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠳᠤ ᠢᠳᠡᠪᠬᠢᠲᠡᠢ ᠦᠢᠯᠡᠴᠢᠯᠡᠵᠦ᠂ ᠵᠡᠭᠦᠨ | ᠬᠡᠰᠡᠭ ᠤᠨ ᠲᠡᠯᠡᠶ ᠳᠠᠭᠠᠤ ᠭᠠᠵᠠᠷ ᠣᠷᠣᠨ ᠤ ᠠᠵᠤ ᠦᠢᠯᠡᠰ ᠤᠨ ᠰᠢᠨ᠎ᠡ ᠪᠠᠶᠢᠷᠢᠰᠢᠭᠤᠯᠤᠯᠲᠠ ᠯᠤᠭ᠎ᠠ ᠴᠢᠨᠠᠷ | ᠰᠠᠶᠢᠲᠠᠢ ᠵᠣᠯᠭᠠᠭᠤᠯᠬᠤ ᠬᠡᠷᠡᠭᠲᠡᠢ᠃ ᠣᠨᠴᠠᠯᠢᠭᠲᠤ ᠳᠠᠪᠠᠭᠤᠯᠢᠭ ᠠᠵᠤ ᠦᠢᠯᠡᠰ ᠪᠣᠯᠣᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ | ᠴᠢᠭᠯᠡᠯ ᠪᠤᠯᠭᠠᠵᠤ᠂ ᠤᠯᠠᠮᠵᠢᠯᠠᠯᠲᠤ ᠠᠵᠤ ᠦᠢᠯᠡᠰ ᠢ ᠲᠦᠷᠭᠡᠨ ᠥᠭᠡᠷᠡᠴᠢᠯᠡᠨ ᠳᠡᠭᠡᠭᠰᠢᠯᠡᠭᠦᠯᠵᠦ᠂ ᠢᠷᠡᠭᠡᠳᠦᠢ ᠶᠢᠨ | ᠠᠵᠤ ᠦᠢᠯᠡᠰ ᠢ ᠤᠷᠢᠳᠴᠢᠯᠠᠨ ᠪᠠᠶᠢᠷᠢᠯᠠᠭᠤᠯᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ | ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠧᠴᠤᠸᠠᠨ ᠤ ᠣᠨᠴᠠᠯᠢᠭ ᠪᠣᠯᠣᠨ ᠳᠠᠪᠠᠭᠤᠯᠢᠭ ᠲᠠᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ | ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠤᠰᠤ ᠰᠠᠯᠬᠢ ᠭᠡᠷᠡᠯ ᠤᠰᠤᠲᠥ᠋ᠷᠥᠭᠴᠢ | ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠤᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠬᠥᠭᠵᠢᠯᠲᠡ ᠶᠢ ᠠᠬᠢᠭᠤᠯᠬᠤ | ᠬᠡᠷᠡᠭᠲᠡᠢ᠃ ᠠᠮᠤ ᠪᠤᠳᠠᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠵᠡᠷᠭᠡ ᠶᠢᠨ ᠦᠢᠯᠡᠳᠪᠦᠷᠢᠯᠡᠯ ᠬᠠᠩᠭᠠᠯᠭ᠎ᠠ ᠶᠢ ᠴᠢᠩᠭᠠᠳᠬᠠᠵᠤ᠂ ᠤᠯᠤᠰ ᠤᠨ ᠴᠢᠬᠤᠯᠠ ᠠᠩᠬᠠᠨ ᠤ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠰᠠᠭᠤᠷᠢᠨ ᠢ ᠪᠠᠶᠢᠭᠤᠯᠬᠤ ᠬᠡᠷᠡᠭᠲᠡᠢ᠃ | ︽ᠰᠧᠴᠤᠸᠠᠨ ᠴᠦᠩᠴᠢᠩ ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠶᠢ ᠪᠠᠷᠢᠮᠲᠠᠯᠠᠵᠤ᠂ ᠴᠧᠩᠳᠦ᠋ ᠴᠦᠩᠴᠢᠩ ᠤᠨ | ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠪᠠᠷᠠᠭᠤᠨᠰᠢ ᠨᠡᠭᠡᠭᠡᠯᠲᠡ ᠬᠢᠬᠦ ᠪᠠᠶᠢᠯᠳᠤᠬᠤ | ᠪᠣᠳᠣᠯᠭ᠎ᠠ ᠶᠢᠨ ᠥᠨᠳᠦᠷᠯᠢᠭ ᠪᠠ ᠣᠯᠠᠨ ᠤᠯᠤᠰ ᠤᠨ ᠥᠷᠢᠰᠦᠯᠳᠦᠭᠡᠨ ᠳᠤ ᠣᠷᠤᠯᠴᠠᠬᠤ ᠰᠢᠨ᠎ᠡ ᠰᠠᠭᠤᠷᠢᠨ ᠢ | ᠪᠠᠶᠢᠭᠤᠯᠵᠤ᠂ ᠪᠠᠷᠠᠭᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠴᠢᠬᠤᠯᠠ ᠨᠡᠮᠡᠭᠳᠡᠯ ᠤᠨ ᠲᠤᠶᠢᠯ | ᠪᠠ ᠰᠢᠨ᠎ᠡ ᠬᠥᠳᠡᠯᠭᠡᠬᠦ ᠬᠦᠴᠦᠨ ᠤ ᠡᠬᠢ ᠰᠤᠷᠪᠤᠯᠵᠢ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ | ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠧᠴᠤᠸᠠᠨ ᠢ ᠵᠠᠰᠠᠬᠤ | ᠰᠧᠴᠤᠸᠠᠨ ᠢ ᠮᠠᠨᠳᠤᠭᠤᠯᠬᠤ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠤ ᠪᠤᠳᠠᠭ᠎ᠠ᠂ ᠠᠮᠢᠳᠤ ᠭᠠᠭ᠋ᠠᠢ᠂ ᠲᠣᠰᠣᠯᠢᠭ | ᠲᠠᠷᠢᠮᠠᠯ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃ ᠦᠷ᠎ᠡ ᠪᠠ ᠲᠠᠷᠢᠶᠠᠨ ᠭᠠᠵᠠᠷ ᠬᠤᠶᠠᠷ | ᠴᠢᠬᠤᠯᠠ ᠵᠦᠢᠯ ᠢ ᠠᠳᠬᠤᠵᠤ᠂ ᠰᠠᠶᠢᠨ ᠡᠭᠦᠯᠳᠡᠷ ᠪᠠ ᠰᠠᠶᠢᠨ ᠲᠠᠷᠢᠶ᠎ᠠ ᠶᠢ ᠢᠵᠢ ᠪᠦᠷᠢᠳᠦᠭᠦᠯᠬᠦ ᠶᠢ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠩ ᠥᠨᠳᠥᠷ ᠲᠦᠪᠰᠢᠨ ᠪᠦᠬᠦᠢ ︽ᠲᠡᠭᠷᠢ ᠶᠢᠨ ᠬᠡᠰᠢᠭᠲᠦ ᠠᠮᠤ ᠶᠢᠨ | ᠰᠠᠩ︾ ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ᠂ ᠤᠯᠠᠨ ᠲᠦᠮᠡᠨ ᠤ ᠲᠤᠰᠬᠠᠯ ᠴᠢᠩᠭ᠎ᠠ᠂ | ᠠᠳᠬᠤᠵᠤ ᠳᠡᠶᠢᠯᠭᠦ᠂ ᠬᠡᠳᠦᠨ ᠵᠢᠯ ᠠᠳᠬᠤᠪᠠᠯ ᠦᠷ᠎ᠡ ᠪᠦᠲᠦᠮᠵᠢ ᠣᠯᠵᠤ ᠳᠡᠶᠢᠯᠭᠦ ᠬᠡᠳᠦᠨ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠲᠥᠪᠯᠡᠷᠡᠭᠦᠯᠵᠦ᠂ ᠲᠦᠷᠭᠡᠨ ᠰᠢᠪᠲᠤᠯᠤᠯᠲᠠ ᠭᠠᠷᠭᠠᠵᠤ᠂ | ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ᠃ ᠵᠧᠵᠢᠶᠠᠩ ᠤᠨ ︽ᠮᠢᠩᠭᠠᠨ | ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ᠂ ᠵᠢᠵᠢᠭ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠲᠠᠷᠠᠰᠢ ᠦᠭᠡᠢ ᠴᠢᠷᠮᠠᠶᠢᠵᠤ᠂ | ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ | ᠥᠭᠡᠷᠡᠴᠢᠯᠡᠯᠲᠡ ᠳᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠭᠠᠵᠠᠷ ᠰᠢᠷᠣᠢ ᠶᠢᠨ | ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠪᠣᠭᠤᠮᠲᠠ ᠶᠢ ᠴᠢᠩᠭ᠎ᠠ ᠠᠳᠬᠤᠵᠤ᠂ ᠭᠠᠵᠠᠷ ᠰᠢᠷᠣᠢ ᠶᠢᠨ | ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠲᠣᠭᠢᠶᠠᠯ ᠢ ᠠᠰᠢᠭᠯᠠᠨ ︽ᠲᠠᠷᠢᠶᠠᠯᠠᠩ ᠤᠨ ᠪᠤᠰᠤ ᠪᠤᠯᠭᠠᠵᠤ︾ ᠪᠤᠯᠬᠤ | ᠦᠭᠡᠢ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢ | ᠴᠢᠩᠭᠠᠳᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠬᠤᠳᠠ ᠬᠥᠳᠡᠭᠡ ᠶᠢᠨ ᠲᠡᠩᠴᠡᠭᠦᠷᠢ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠧᠴᠤᠸᠠᠨ ᠪᠣᠯ ᠬᠥᠬᠡᠮᠥ᠋ᠷᠡᠨ ᠤ ᠳᠡᠭᠡᠳᠦ ᠤᠷᠤᠰᠬᠠᠯ ᠤᠨ ᠴᠢᠬᠤᠯᠠ ᠤᠰᠤᠨ ᠤ ᠡᠬᠢ | ᠰᠤᠷᠪᠤᠯᠵᠢ ᠶᠢᠨ ᠬᠠᠳᠠᠭᠠᠯᠠᠮᠵᠢ ᠶᠢᠨ ᠭᠠᠵᠠᠷ ᠮᠥᠨ᠂ ᠬᠠᠳᠤᠨ ᠭᠤᠣᠯ ᠤᠨ ᠳᠡᠭᠡᠳᠦ ᠤᠷᠤᠰᠬᠠᠯ ᠤᠨ ᠴᠢᠬᠤᠯᠠ | ᠤᠰᠤᠨ ᠤ ᠡᠬᠢ ᠰᠤᠷᠪᠤᠯᠵᠢ ᠶᠢᠨ ᠨᠥᠬᠦᠪᠦᠷᠢ ᠣᠷᠣᠨ ᠮᠥᠨ᠂ ᠪᠠᠰᠠ ᠴᠤ ᠪᠦᠭᠦ ᠪᠥᠮᠪᠥᠷᠴᠡᠭ ᠤᠨ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠭᠤᠣᠯᠳᠠᠯᠭ᠎ᠠ ᠲᠠᠢ ᠭᠠᠵᠠᠷ ᠣᠷᠣᠨ ᠮᠥᠨ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠ | ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠲᠠᠯ᠎ᠠ ᠨᠤᠲᠤᠭ ᠣᠶ | ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠠᠮᠤᠷᠵᠢᠭᠤᠯᠤᠨ ᠲᠡᠩᠬᠡᠷᠡᠭᠦᠯᠬᠦ ᠶᠢ ᠬᠡᠷᠡᠭᠵᠢᠭᠦᠯᠬᠦ | ᠬᠡᠷᠡᠭᠲᠡᠢ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ ᠲᠦᠷᠭᠡᠨ ᠲᠣᠬᠢᠷᠠᠭᠤᠯᠤᠨ ᠰᠢᠯᠢᠳᠡᠭᠵᠢᠭᠦᠯᠵᠦ᠂ ᠡᠬᠢ ᠪᠠᠶᠠᠯᠢᠭ ᠢ | ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠢᠳᠡᠪᠬᠢᠲᠡᠢ ᠰᠠᠨᠠᠭᠠᠴᠢᠯᠠᠬᠤ | ᠬᠡᠷᠡᠭᠲᠡᠢ᠃ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ | ᠲᠣᠭᠲᠠᠴᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠣᠳᠣᠬᠢᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠧᠴᠤᠸᠠᠨ ᠪᠣᠯ ᠪᠠᠶᠢᠭᠠᠯᠢ ᠶᠢᠨ ᠭᠠᠮᠰᠢᠭ ᠤᠯᠠᠨ ᠡᠭᠦᠰᠳᠡᠭ ᠭᠠᠵᠠᠷ ᠮᠥᠨ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ | ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠯᠳᠦᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ | ᠰᠢᠰᠲ᠋ᠧᠮ ᠲᠠᠢ ᠳᠡᠭᠡᠭᠰᠢᠯᠡᠭᠦᠯᠭᠦ ᠬᠡᠷᠡᠭᠲᠡᠢ᠃ 7᠂ 8 ᠰᠠᠷ᠎ᠠ ᠳᠤ ᠬᠥᠬᠡᠮᠥ᠋ᠷᠡᠨ ᠤ ᠰᠠᠪᠠ ᠭᠠᠵᠠᠷ ᠦᠶᠡᠷ ᠤᠨ ᠭᠤᠣᠯ | ᠬᠤᠭᠤᠴᠠᠭᠠᠨ ᠳᠤ ᠣᠷᠣᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ | ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ | ᠰᠢᠨᠵᠢᠯᠡᠬᠦ ᠤᠬᠠᠭᠠᠨᠴᠢ ᠪᠠᠷ ᠭᠠᠮᠰᠢᠭ ᠠᠴᠠ ᠠᠪᠤᠷᠠᠵᠤ᠂ ᠡᠭᠦᠰᠦᠮᠡᠯ ᠭᠠᠮᠰᠢᠭ ᠭᠠᠷᠬᠤ ᠠᠴᠠ ᠰᠡᠷᠭᠡᠶᠢᠯᠡᠵᠦ᠂ ᠬᠥᠮᠥᠨ | ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ | ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠨᠳᠦ ᠣᠨᠴᠠ ᠶᠡᠭᠡ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠲᠦᠮᠡᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠵᠥᠪᠭᠡᠨ ᠰᠠᠷ᠎ᠠ ᠭᠠᠷᠤᠢ ᠶᠢᠨ | ᠬᠤᠭᠤᠴᠠᠭ᠎ᠠ ᠦᠯᠡᠳᠡᠵᠦ ᠪᠠᠶᠢᠨ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ | ᠬᠤᠷᠢᠶ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ᠂ | ᠢᠮᠠᠭᠲᠠ ᠬᠢᠨᠠᠮᠠᠭᠠᠢ ᠪᠠᠶᠢᠵᠤ᠂ ᠡᠷᠬᠡᠪᠰᠢ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠭᠤᠣᠯ ᠰᠡᠳᠦᠪᠲᠦ | ᠬᠥᠮᠦᠵᠢᠯ ᠤᠨ ᠪᠣᠳᠠᠲᠤ ᠦᠷ᠎ᠡ ᠪᠦᠲᠦᠮᠵᠢ ᠳᠤ ᠰᠢᠨᠵᠢᠯᠡᠬᠦ ᠤᠬᠠᠭᠠᠨᠴᠢ᠂ ᠪᠤᠰᠤᠳᠴᠢ ᠦᠨᠡᠯᠡᠯᠲᠡ ᠬᠢᠬᠦ ᠬᠡᠷᠡᠭᠲᠡᠢ᠃ | ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠬᠤ ᠳᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ | ᠰᠡᠳᠬᠢᠯ ᠳᠡᠭᠡᠨ ᠬᠠᠳᠠᠩᠰᠢᠭᠤᠯᠤᠨ ᠦᠢᠯᠡᠳᠦᠯᠭᠡᠵᠢᠭᠦᠯᠦᠭᠰᠡᠨ ᠡᠰᠡᠬᠦ᠂ ᠨᠠᠮ ᠤᠨ ᠭᠡᠰᠢᠭᠦᠨ ᠺᠠᠳ᠋ᠷ ᠤᠨ ᠰᠠᠶᠢᠨ | ᠰᠡᠳᠬᠢᠵᠦ ᠴᠢᠳᠠᠮᠠᠭᠠᠢ ᠬᠡᠷᠡᠭᠯᠡᠭᠰᠡᠨ ᠡᠰᠡᠬᠦ ᠶᠢ ᠦᠵᠡᠬᠦ ᠭᠡᠷᠡᠭᠲᠡᠢ︔ ᠪᠠᠶᠢᠴᠠᠭᠠᠨ ᠰᠤᠳᠤᠯᠤᠯᠲᠠ ᠶᠢᠨ ᠦᠷ᠎ᠡ | ᠪᠦᠲᠦᠮᠵᠢ ᠶᠢ ᠰᠢᠯᠭᠠᠨ ᠪᠠᠶᠢᠴᠠᠭᠠᠬᠤ ᠳᠠᠭᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠣᠳᠣᠷᠬᠠᠢ | ᠣᠶᠢᠯᠠᠭᠠᠭᠰᠠᠨ ᠡᠰᠡᠬᠦ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠡᠰᠡᠬᠦ ᠶᠢ ᠦᠵᠡᠬᠦ ᠬᠡᠷᠡᠭᠲᠡᠢ︔ | ᠬᠥᠭᠵᠢᠯᠲᠡ ᠶᠢ ᠠᠬᠢᠭᠤᠯᠤᠭᠰᠠᠨ ᠦᠷ᠎ᠡ ᠪᠦᠲᠦᠮᠵᠢ ᠶᠢ ᠰᠢᠯᠭᠠᠬᠤ ᠳᠤ᠂ ᠴᠢᠨᠠᠷ ᠰᠠᠶᠢᠲᠠᠢ ᠬᠥᠭᠵᠢᠯᠲᠡ ᠰᠢᠨ᠎ᠡ | ᠰᠢᠪᠲᠤᠯᠤᠯᠲᠠ ᠲᠠᠢ ᠪᠠᠶᠢᠬᠤ ᠡᠰᠡᠬᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠰᠢᠨ᠎ᠡ ᠳᠡᠭᠡᠭᠰᠢᠯᠡᠯᠲᠡ ᠲᠠᠢ | ᠪᠠᠶᠢᠬᠤ ᠡᠰᠡᠬᠦ ᠶᠢ ᠦᠵᠡᠬᠦ ᠭᠡᠷᠡᠭᠲᠡᠢ︔ ᠴᠡᠭᠴᠡᠯᠡᠨ ᠰᠠᠶᠢᠵᠢᠷᠠᠭᠤᠯᠤᠭᠰᠠᠨ ᠢ ᠰᠢᠯᠭᠠᠨ ᠪᠠᠶᠢᠴᠠᠭᠠᠭᠰᠠᠨ ᠦᠷ᠎ᠡ | ᠪᠦᠲᠦᠮᠵᠢ ᠶᠢ ᠰᠢᠯᠭᠠᠬᠤ ᠳᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ ᠣᠯᠣᠭᠰᠠᠨ ᠡᠰᠡᠬᠦ᠂ | ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠨᠢ ᠣᠷᠣᠨ ᠪᠠᠶᠢᠷᠢ ᠳᠠᠭᠠᠨ ᠭᠦᠷᠦᠭᠰᠡᠨ ᠡᠰᠡᠬᠦ ᠶᠢ ᠦᠵᠡᠬᠦ | ᠭᠡᠷᠡᠭᠲᠠᠢ︔ ᠺᠠᠳ᠋ᠷ ᠤᠨ ᠡᠩᠨᠡᠭᠡ ᠶᠢ ᠬᠥᠮᠥᠵᠢᠭᠦᠯᠵᠦ ᠴᠡᠭᠴᠡᠯᠡᠭᠰᠡᠨ ᠦᠷ᠎ᠡ ᠪᠦᠲᠦᠮᠵᠢ ᠶᠢ ᠰᠢᠯᠭᠠᠬᠤ ᠳᠤ᠂ ᠦᠵᠡᠯ | ᠰᠠᠨᠠᠭᠠᠨ ᠤ ᠲᠠᠯ᠎ᠠ ᠪᠠᠷ ᠴᠡᠪᠡᠷ ᠪᠤᠰᠤ ᠪᠠᠶᠢᠬᠤ ᠪᠠ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠴᠡᠪᠡᠷ ᠪᠤᠰᠤ ᠪᠠᠶᠢᠬᠤ | ᠦᠵᠡᠭᠳᠡᠯ ᠢ ᠵᠠᠯᠠᠷᠠᠭᠤᠯᠤᠭᠰᠠᠨ ᠡᠰᠡᠬᠦ᠂ ᠤᠯᠤᠰ ᠲᠦᠷᠦ ᠶᠢᠨ ᠭᠡᠮ ᠰᠣᠭᠤᠭ ᠢ ᠠᠷᠢᠯᠭᠠᠭᠰᠠᠨ ᠡᠰᠡᠬᠦ ᠶᠢ ᠦᠵᠡᠬᠦ | ᠬᠡᠷᠡᠭᠲᠡᠢ᠃ ᠦᠷ᠎ᠡ ᠪᠦᠲᠦᠮᠵᠢ ᠶᠢ ᠦᠨᠡᠯᠡᠬᠦ ᠳᠤ ᠪᠣᠳᠠᠲᠤ ᠶᠠᠪᠤᠳᠠᠯ ᠢᠶᠠᠷ ᠦᠭᠡ ᠬᠡᠯᠡᠵᠦ᠂ ᠡᠭᠦᠳᠡ ᠪᠠᠨ ᠨᠡᠭᠡᠭᠡᠵᠦ | ᠦᠨᠡᠯᠡᠬᠦ ᠶᠢ ᠠᠳᠬᠤᠵᠤ᠂ ᠤᠯᠠᠨ ᠲᠦᠮᠡᠨ ᠢᠶᠠᠷ ᠦᠨᠡᠯᠡᠭᠦᠯᠵᠦ᠂ ᠪᠤᠰᠤᠳᠴᠢ ᠪᠥᠭᠡᠳ ᠦᠨᠡᠨ ᠪᠣᠳᠠᠲᠠᠢ | ᠦᠨᠡᠯᠡᠬᠦ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠬᠦ ᠳᠤ᠂ ᠮᠠᠰᠢ | ᠴᠢᠬᠤᠯᠠ ᠨᠢᠭᠡ ᠲᠠᠯ᠎ᠠ ᠨᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠦᠲᠦᠮᠵᠢᠲᠡᠢ ᠰᠢᠢᠳᠪᠦᠷᠢᠯᠡᠭᠳᠡᠭᠰᠡᠨ ᠡᠰᠡᠬᠦ ᠶᠢ | ᠦᠵᠡᠨ᠎ᠡ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠵᠦᠢᠯ ᠢ ᠨᠢᠭᠡ ᠤᠳᠠᠭ᠎ᠠ ᠪᠠᠶᠢᠴᠠᠭᠠᠨ ᠦᠵᠡᠵᠦ᠂ | ᠦᠨᠳᠦᠰᠦ ᠰᠤᠷᠪᠤᠯᠵᠢ ᠶᠢ ᠨᠢ ᠵᠠᠳᠠᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠦᠨᠡᠨ ᠬᠦ ᠪᠣᠳᠠᠲᠤ | ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠢᠵᠦ᠂ ᠰᠤᠷᠤᠯᠴᠠᠬᠤ ᠪᠠᠶᠢᠴᠠᠭᠠᠬᠤ ᠵᠠᠯᠠᠷᠠᠭᠤᠯᠬᠤ ᠲᠠᠢ | ᠤᠶᠠᠯᠳᠤᠭᠤᠯᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠨᠵᠢᠶᠠᠩ ᠮᠥᠷᠡᠨ ᠤ ᠰᠠᠪᠠ ᠭᠠᠵᠠᠷ ᠤᠨ ᠲᠡᠦᠬᠡ ᠰᠣᠶᠣᠯ ᠤᠨ ᠤᠯᠠᠮᠵᠢᠯᠠᠯ ᠪᠣᠯᠣᠨ ᠠᠮᠢ | ᠠᠬᠤᠢ ᠶᠢᠨ ᠬᠠᠮᠠᠭᠠᠯᠠᠯᠲᠠ ᠶᠢ ᠲᠤᠶᠢᠯ ᠢᠶᠠᠷ ᠬᠠᠯᠠᠮᠵᠢᠯᠠᠪᠠ᠃ 7 ᠰᠠᠷ᠎ᠠ ᠶᠢᠨ 29 ᠤ ᠡᠳᠦᠷ᠂ ᠰᠢ ᠶᠢᠨ ᠫᠢᠩ | ᠪᠡᠭᠡᠵᠢᠩ ᠳᠤ ᠪᠤᠴᠠᠬᠤ ᠵᠠᠮ ᠳᠠᠭᠠᠨ ᠭᠠᠯᠲᠤ ᠲᠡᠷᠭᠡᠨ ᠠᠴᠠ ᠪᠠᠭᠤᠵᠤ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠵᠤᠤ ᠢ ᠳ᠋ᠧ᠂ ᠮᠤᠵᠢ ᠶᠢᠨ ᠳᠠᠷᠤᠭ᠎ᠠ ᠵᠤᠤ ᠭᠠᠩ ᠤᠨ ᠪᠠᠷ᠎ᠠ ᠪᠤᠯᠤᠯᠭ᠎ᠠ ᠪᠠᠷ ᠬᠠᠨᠵᠦ᠋ᠩ ᠬᠤᠳᠠ ᠳᠤ | ᠰᠢᠨᠵᠢᠯᠡᠨ ᠪᠠᠶᠢᠴᠠᠭᠠᠪᠠ᠃ ᠰᠢ ᠶᠢᠨ ᠫᠢᠩ ᠬᠠᠨᠵᠦ᠋ᠩ ᠬᠤᠲᠠ ᠶᠢᠨ ᠮᠦᠽᠧᠢ ᠶᠢᠨ ᠬᠤᠯᠪᠣᠭᠳᠠᠯ ᠪᠦᠬᠦᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢ ᠲᠣᠭᠤᠷᠢᠨ ᠦᠵᠡᠵᠦ᠂ ᠬᠠᠨᠵᠦ᠋ᠩ ᠤᠨ ᠲᠡᠦᠬᠡ ᠰᠣᠶᠣᠯ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠲᠡᠦᠬᠡ ᠶᠢᠨ | ᠳᠤᠷᠠᠰᠬᠠᠯᠲᠤ ᠵᠦᠢᠯᠡᠰ ᠨᠢ ᠭᠡᠷᠡᠯ ᠰᠠᠴᠤᠷᠠᠩᠭᠤᠢ ᠪᠣᠯᠪᠠᠰᠤᠨ ᠢ ᠠᠴᠢᠶᠠᠯᠠᠵᠤ᠂ ᠲᠡᠦᠬᠡ ᠰᠣᠶᠣᠯ ᠢ ᠤᠯᠠᠮᠵᠢᠯᠠᠨ | ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠠᠭᠠᠯᠠᠵᠤ ᠪᠠᠶᠢᠳᠠᠭ᠃ ᠮᠦᠽᠧᠢ ᠶᠢᠨ ᠬᠥᠮᠥᠨ | ᠲᠥᠷᠥᠯᠬᠢᠲᠡᠨ ᠤ ᠪᠣᠯᠪᠠᠰᠤᠨ ᠢ ᠬᠠᠮᠠᠭᠠᠯᠠᠬᠤ᠂ ᠤᠯᠠᠮᠵᠢᠯᠠᠬᠤ᠂ ᠰᠤᠳᠤᠯᠬᠤ᠂ ᠳᠡᠯᠭᠡᠨ ᠦᠵᠡᠭᠦᠯᠭᠦ ᠴᠢᠬᠤᠯᠠ | ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠰᠠᠶᠢᠲᠤᠷ ᠬᠠᠮᠠᠭᠠᠯᠠᠬᠤ ᠪᠥᠭᠡᠳ ᠲᠡᠦᠬᠡ ᠶᠢᠨ | ᠳᠤᠷᠠᠰᠬᠠᠯᠲᠤ ᠵᠦᠢᠯᠡᠰ ᠢ ᠠᠮᠢᠯᠠᠭᠤᠯᠵᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠥᠷᠭᠡᠳᠬᠡᠬᠦ | ᠬᠡᠷᠡᠭᠲᠡᠢ᠃ ᠬᠠᠨᠵᠦ᠋ᠩ ᠤᠨ ᠲᠠᠩᠰᠠᠨ ᠭᠦᠷᠦᠮᠡᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠨᠢ ᠶᠡᠬᠡᠳᠡ | ᠠᠯᠳᠠᠷᠰᠢᠵᠠᠢ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠣᠯᠠᠨ ᠲᠦᠮᠡᠨ ᠢ ᠨᠠᠩ | ᠰᠠᠶᠢᠲᠤᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠮᠦᠽᠧᠢ ᠠᠴᠠ ᠰᠠᠯᠬᠤ | ᠦᠶ᠎ᠡ ᠳᠤ᠂ ᠣᠶᠢᠷ᠎ᠠ ᠬᠠᠪᠢ ᠶᠢᠨ ᠨᠤᠲᠤᠭ ᠤᠨ ᠠᠬ᠎ᠠ ᠳᠡᠭᠦᠦ ᠨᠠᠷ ᠬᠦᠷᠦᠯᠴᠡᠨ ᠢᠷᠡᠵᠦ ︽ᠶᠡᠷᠦᠩᠬᠡᠢ ᠱᠦᠵᠢ | ᠰᠠᠶᠢᠨ ᠪᠠᠶᠢᠨ᠎ᠠ ᠦᠦ︾ ᠭᠡᠵᠦ ᠬᠠᠯᠠᠭᠤᠨ ᠢᠶᠠᠷ ᠪᠠᠶᠠᠷᠯᠠᠯᠳᠤᠨ ᠬᠠᠰᠬᠢᠷᠴᠤ ᠪᠠᠶᠢᠯ᠎ᠠ᠃ ᠰᠢ ᠶᠢᠨ ᠫᠢᠩ ᠤᠯᠠᠨ | ᠲᠦᠮᠡᠨ ᠳᠤ᠂ ᠪᠢ 2008 ᠣᠨ ᠤ ᠸᠧᠨᠴᠤᠸᠠᠨ ᠤ ᠶᠡᠭᠡ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ | ᠠᠪᠤᠷᠠᠬᠤ ᠦᠶ᠎ᠡ ᠳᠤ ᠬᠠᠨᠵᠦ᠋ᠩ ᠳᠤ ᠢᠷᠡᠵᠦ ᠥᠩᠭᠡᠷᠡᠵᠡᠢ᠂ ᠡᠳᠡᠭᠡᠷ ᠵᠢᠯ ᠤᠳ ᠲᠤ ᠪᠢ ᠠᠳᠡᠬᠢ ᠶᠢ | ᠰᠡᠳᠬᠢᠯ ᠳᠡᠭᠡᠨ ᠪᠤᠳᠤᠬᠰᠠᠭᠠᠷ ᠢᠷᠡᠵᠠᠢ᠃ ᠡᠨᠡ ᠤᠳᠠᠭ᠎ᠠ᠂ ᠠᠳᠡᠬᠢ ᠬᠥᠭᠵᠢᠯᠲᠡ ᠬᠤᠪᠢᠷᠠᠯᠲᠠ ᠮᠠᠰᠢ ᠶᠡᠭᠡ᠂ | ᠬᠤᠳᠠ ᠴᠤ ᠡᠮᠬᠢ ᠳᠢᠭᠯᠢᠮ ᠲᠠᠢ ᠪᠠᠶᠢᠬᠤ ᠶᠢ ᠦᠵᠡᠭᠡᠳ ᠮᠠᠰᠢ ᠪᠠᠶᠠᠷᠯᠠᠵᠤ ᠪᠤᠢ ᠭᠡᠵᠦ ᠬᠡᠯᠡᠪᠡ᠃ ᠲᠡᠷᠡ ᠤᠯᠠᠨ ᠤ | ᠠᠵᠢᠯ ᠦᠢᠯᠡᠰ ᠰᠠᠶᠢᠨ᠂ ᠠᠮᠢᠳᠤᠷᠠᠯ ᠰᠠᠶᠢᠨ᠂ ᠭᠡᠷ ᠪᠦᠯᠢ ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠪᠡ᠃ | ᠠᠶᠠᠨ ᠵᠠᠮ ᠳᠠᠭᠠᠨ᠂ ᠰᠢ ᠶᠢᠨ ᠫᠢᠩ ᠬᠠᠨᠵᠢᠶᠠᠩ ᠤᠨ ᠬᠠᠨᠵᠦ᠋ᠩ ᠬᠤᠳᠠ ᠶᠢᠨ ᠬᠡᠰᠡᠭ ᠲᠤ ᠪᠠᠶᠢᠷᠢᠯᠠᠭ᠎ᠠ | ᠲᠢᠶᠠᠨ ᠬᠠᠨ ᠨᠤᠭᠤ ᠭᠠᠵᠠᠷ ᠤᠨ ᠴᠡᠴᠡᠷᠯᠢᠭ ᠢᠶᠠᠷ ᠰᠢᠨᠵᠢᠯᠡᠨ ᠪᠠᠶᠢᠴᠠᠭᠠᠵᠤ᠂ ᠠᠳᠡ ᠪᠣᠯ ᠬᠤᠳᠠ ᠶᠢᠨ ᠠᠷᠠᠳ ᠤᠨ | ︽ᠵᠣᠯ ᠵᠢᠷᠭᠠᠯ ᠤᠨ ᠬᠦᠷᠢᠶᠡᠯᠡᠩ︾ ᠮᠥᠨ ᠭᠡᠵᠦ ᠮᠠᠭᠲᠠᠨ ᠰᠠᠶᠢᠰᠢᠶᠠᠪᠠ᠃ ᠰᠢ ᠶᠢᠨ ᠫᠢᠩ᠂ ᠬᠠᠨᠵᠢᠶᠠᠩ ᠮᠥᠷᠡᠨ | ᠵᠢᠴᠢ ᠲᠡᠭᠦᠨ ᠤ ᠰᠠᠯᠪᠤᠷᠢ ᠤᠷᠤᠰᠬᠠᠯ ᠪᠣᠯ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ | ᠢᠨᠵᠧᠨᠧᠷᠢᠩ ᠤᠨ ᠭᠤᠣᠯ ᠪᠤᠯᠬᠤ ᠤᠰᠤᠨ ᠤ ᠡᠬᠢ ᠰᠤᠷᠪᠤᠯᠵᠢ ᠲᠥᠪᠯᠡᠷᠡᠭᠰᠡᠨ ᠣᠷᠣᠨ ᠪᠠ ᠬᠠᠩᠭᠠᠯᠭ᠎ᠠ ᠶᠢᠨ ᠭᠠᠵᠠᠷ | ᠪᠣᠯᠣᠨ᠎ᠠ᠂ ᠡᠨᠡ ᠬᠦ ᠣᠷᠣᠨ ᠪᠦᠰᠡ ᠶᠢᠨ ᠨᠤᠭᠤ ᠭᠠᠵᠠᠷ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ | ᠬᠠᠷᠢᠭᠤᠴᠠᠯᠭ᠎ᠠ ᠬᠦᠨᠳᠦ ᠶᠡᠭᠡ᠂ ᠠᠴᠢ ᠬᠤᠯᠪᠣᠭᠳᠠᠯ ᠭᠦᠨ ᠭᠦᠨᠵᠡᠭᠡᠢ ᠶᠤᠮ᠃ ᠠᠮᠢ ᠠᠬᠤᠢ ᠶᠢᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠨᠢ ᠪᠠᠶᠢᠭᠠᠯᠢ ᠲᠠᠢ ᠵᠣᠬᠢᠴᠠᠵᠤ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ | ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ ᠪᠠ ᠰᠢᠰᠲ᠋ᠧᠮᠲᠦ ᠴᠢᠨᠠᠷᠲᠠᠢ ᠰᠡᠷᠭᠦᠭᠡᠯᠲᠡ ᠶᠢ ᠴᠢᠩᠭᠠᠳᠬᠠᠵᠤ᠂ | ᠠᠮᠢ ᠠᠬᠤᠢ ᠶᠢᠨ ᠬᠠᠮᠠᠭᠠᠯᠠᠯᠲᠠ ᠬᠢᠭᠡᠳ ᠦᠢᠯᠡᠳᠪᠦᠷᠢᠯᠡᠯ ᠠᠮᠢᠳᠤᠷᠠᠯ ᠤᠨ ᠠᠭᠤᠰᠤᠯᠴᠠᠯ ᠢ ᠠᠬᠢᠭᠤᠯᠵᠤ᠂ ᠣᠷᠴᠢᠨ | ᠲᠣᠭᠤᠷᠢᠨ ᠭᠤᠶᠣ ᠰᠠᠶᠢᠬᠠᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠢ ᠵᠢᠭᠤᠯᠴᠢᠯᠠᠬᠤ ᠳᠤ ᠲᠣᠬᠢᠷᠠᠮᠵᠢᠲᠠᠢ ᠠᠮᠢ ᠠᠬᠤᠢ ᠶᠢᠨ ᠬᠤᠲᠠ ᠶᠢ ᠴᠢᠷᠮᠠᠶᠢᠨ ᠪᠦᠲᠦᠭᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ | ᠰᠡᠳᠦᠪᠲᠦ ᠬᠥᠮᠦᠵᠢᠯ ᠤᠨ ᠲᠥᠪ ᠤᠨ ᠠᠷᠪᠠᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ | ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | ︵ ᠰᠢᠨᠬᠤᠸᠠ ᠬᠤᠷᠢᠶ᠎ᠠ ᠶᠢᠨ ᠰᠧᠴᠤᠸᠠᠨ ᠤ ᠴᠧᠩᠳᠦ᠋ \ ᠱᠠᠨᠰᠢ ᠶᠢᠨ ᠬᠠᠨᠵᠦ᠋ᠩ ᠤᠨ 7 ᠰᠠᠷ᠎ᠠ ᠶᠢᠨ 29 ᠤ | ᠴᠠᠭᠢᠯᠭᠠᠨ ᠮᠡᠳᠡᠭᠡ ︶ | |