ᠬᠥᠯᠥᠨ ᠪᠤᠶᠢᠷ ᠨᠢᠰᠬᠡᠯ ᠤᠨ ᠪᠠᠭᠤᠳᠠᠯ ᠭᠠᠭᠴᠠ ᠡᠳᠦᠷ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/8/10
      8 ᠳ᠋ᠤᠭᠠᠷ ᠰᠠᠷ᠎ᠠ ᠶᠢᠨ 6 ᠤ ᠡᠳᠦᠷ᠂ ᠬᠥᠯᠥᠨ ᠪᠤᠶᠢᠷ ᠨᠢᠰᠬᠡᠯ ᠤᠨ ᠪᠠᠭᠤᠳᠠᠯ ᠭᠠᠭᠴᠠ ᠡᠳᠦᠷ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 2.4 ᠲᠦᠮᠡᠨ ᠬᠥᠮᠥᠨ ᠤᠳᠠᠭ᠎ᠠ ᠶᠢ ᠳᠠᠪᠠᠵᠠᠢ᠃      ᠵᠤᠨ ᠤ ᠠᠮᠠᠷᠠᠯᠲᠠ ᠶᠢᠨ ᠲᠡᠭᠡᠭᠡᠪᠦᠷᠢ ᠪᠣᠯᠣᠨ ᠵᠢᠭᠤᠯᠴᠢᠯᠠᠯ ᠤᠨ ᠬᠥᠭᠵᠢᠩᠭᠦᠢ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠬᠥᠯᠥᠨ ᠪᠤᠶᠢᠷ ᠨᠢᠰᠬᠡᠯ ᠤᠨ ᠪᠠᠭᠤᠳᠠᠯ ᠪᠦᠯᠦᠭ ᠪᠦᠯᠦᠭ ᠠᠶᠠᠨᠴᠢᠳ ᠤᠨ ︽ᠤᠷᠬᠢᠯ︾ ᠢ ᠤᠭᠲᠤᠨ ᠠᠪᠴᠢᠷᠠᠵᠤ᠂ ᠠᠭᠠᠷ ᠤᠨ ᠲᠡᠭᠡᠭᠡᠪᠦᠷᠢ ᠶᠢᠨ ᠦᠢᠯᠡᠳᠪᠦᠷᠢᠯᠡᠯ ᠤᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠡᠢ᠃ ᠬᠥᠯᠥᠨ ᠪᠤᠶᠢᠷ ᠨᠢᠰᠬᠡᠯ ᠤᠨ ᠪᠠᠭᠤᠳᠠᠯ ᠭᠠᠭᠴᠠ ᠡᠳᠦᠷ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 7 ᠳ᠋ᠤᠭᠠᠷ ᠰᠠᠷ᠎ᠠ ᠶᠢᠨ 21 ᠤ ᠡᠳᠦᠷ ᠤᠨ ᠭᠠᠭᠴᠠ ᠡᠳᠦᠷ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ 2 ᠲᠦᠮᠡᠨ ᠬᠥᠮᠥᠨ ᠤᠳᠠᠭ᠎ᠠ ᠶᠢ ᠳᠠᠪᠠᠵᠤ᠂ 7 ᠳ᠋ᠤᠭᠠᠷ ᠰᠠᠷ᠎ᠠ ᠶᠢᠨ 29 ᠤ ᠡᠳᠦᠷ ᠤᠨ ᠭᠠᠭᠴᠠ ᠡᠳᠦᠷ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ 22937 ᠬᠥᠮᠥᠨ ᠤᠳᠠᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ 8 ᠳ᠋ᠤᠭᠠᠷ ᠰᠠᠷ᠎ᠠ ᠶᠢᠨ 6 ᠤ ᠡᠳᠦᠷ ᠭᠠᠭᠴᠠ ᠡᠳᠦᠷ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠠᠮᠤᠭ ᠤᠨ ᠥᠨᠳᠥᠷ ᠬᠡᠮᠵᠢᠶ᠎ᠡ ᠶᠢ ᠳᠠᠬᠢᠨᠲᠠ ᠰᠢᠨᠡᠳᠬᠡᠵᠦ᠂ 158 ᠨᠢᠰᠬᠡᠯ ᠤᠳᠠᠭ᠎ᠠ ᠶᠢᠨ ᠲᠡᠭᠡᠭᠡᠪᠦᠷᠢ ᠶᠢᠨ ᠨᠢᠰᠴᠦ ᠪᠠᠭᠤᠬᠤ ᠶᠢ ᠪᠠᠲᠤᠯᠠᠵᠤ᠂ 24398 ᠬᠥᠮᠥᠨ ᠤᠳᠠᠭ᠎ᠠ ᠶᠢᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠶᠢ ᠪᠡᠶᠡᠯᠡᠭᠦᠯᠪᠡ᠃ 8 ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ᠂ ᠡᠨᠡ ᠵᠢᠯ ᠨᠡᠶᠢᠲᠡ 1.39 ᠲᠦᠮᠡᠨ ᠨᠢᠰᠬᠡᠯ ᠤᠳᠠᠭ᠎ᠠ ᠶᠢᠨ ᠲᠡᠭᠡᠭᠡᠪᠦᠷᠢ ᠶᠢᠨ ᠨᠢᠰᠴᠦ ᠪᠠᠭᠤᠬᠤ ᠶᠢ ᠪᠡᠶᠡᠯᠡᠭᠦᠯᠵᠦ᠂ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠶᠢ 172.3 ᠲᠦᠮᠡᠨ ᠬᠥᠮᠥᠨ ᠤᠳᠠᠭ᠎ᠠ ᠶᠢ ᠪᠡᠶᠡᠯᠡᠭᠦᠯᠵᠦ᠂ ᠲᠣᠰ ᠲᠣᠰ 2019 ᠣᠨ ᠤ 119.7%᠂ 115.6% ᠪᠣᠯᠲᠠᠯ᠎ᠠ ᠰᠡᠷᠭᠦᠭᠡᠪᠡ᠃      ᠵᠤᠨ ᠤ ᠲᠡᠭᠡᠭᠡᠪᠦᠷᠢ ᠶᠢᠨ ᠬᠥᠭᠵᠢᠩᠭᠦᠢ ᠤᠯᠠᠷᠢᠯ ᠳᠤ ᠣᠷᠣᠭᠰᠠᠨ ᠠᠴᠠ ᠨᠠᠭᠠᠰᠢ᠂ ᠵᠢᠭᠤᠯᠴᠢᠯᠠᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠰᠤᠷᠤᠭᠴᠢᠳ ᠵᠡᠷᠭᠡ ᠠᠶᠠᠨᠴᠢᠳ ᠤᠨ ᠲᠤᠭ᠎ᠠ ᠳᠠᠪᠬᠤᠴᠠᠭ᠎ᠠ ᠨᠡᠮᠡᠭᠳᠡᠵᠦ᠂ ᠭᠠᠳᠠᠭᠰᠢ ᠠᠶᠠᠯᠠᠬᠤ ᠬᠠᠯᠠᠮᠰᠢᠯ ᠤᠯᠠᠮ ᠨᠢᠭᠡ ᠠᠯᠬᠤᠮ ᠳᠡᠭᠡᠭᠰᠢᠯᠡᠵᠡᠢ᠃ ᠬᠥᠯᠥᠨ ᠪᠤᠶᠢᠷ ᠨᠢᠰᠬᠡᠯ ᠤᠨ ᠪᠠᠭᠤᠳᠠᠯ ᠵᠤᠨ ᠤ ᠠᠮᠠᠷᠠᠯᠲᠠ ᠶᠢᠨ ᠲᠡᠭᠡᠭᠡᠪᠦᠷᠢ ᠶᠢᠨ ᠲᠣᠬᠢᠶᠠᠯ ᠢ ᠠᠮᠵᠢᠵᠤ᠂ ᠠᠭᠠᠷ ᠠᠶᠠᠯᠠᠯ ᠤᠨ ᠱᠤᠭᠤᠮ ᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠠᠭᠠᠷ ᠠᠶᠠᠯᠠᠯ ᠤᠨ ᠺᠣᠮᠫᠠᠨᠢ ᠲᠠᠢ ᠢᠳᠡᠪᠬᠢᠲᠡᠢ ᠬᠤᠯᠪᠣᠯᠴᠠᠨ᠂ ᠵᠠᠭᠳᠠᠴᠢ ⇋ ᠬᠠᠶᠢᠯᠠᠷ᠂ ᠬᠥᠬᠡᠬᠤᠲᠠ ⇋ ᠬᠠᠶᠢᠯᠠᠷ᠂ ᠴᠠᠩᠱᠠ ⇋ ᠬᠠᠶᠢᠯᠠᠷ᠂ ᠬᠠᠷᠪᠢᠨ ⇋ ᠬᠠᠶᠢᠯᠠᠷ ⇋ ᠨᠢᠩᠪᠦ᠋ᠸᠧ᠂ ᠱᠧᠨᠵᠧᠨ ⇋ ᠬᠠᠶᠢᠯᠠᠷ᠂ ᠵᠧᠩᠵᠧᠦ ⇋ ᠬᠠᠶᠢᠯᠠᠷ᠂ ᠪᠡᠭᠡᠵᠢᠩ ᠤᠨ ᠳ᠋ᠡ ᠰᠢᠩ ⇋ ᠬᠠᠶᠢᠯᠠᠷ᠂ ᠨᠠᠨᠵᠢᠩ ⇋ ᠬᠠᠶᠢᠯᠠᠷ ᠵᠡᠷᠭᠡ ᠠᠭᠠᠷ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠭᠰᠡᠨ᠂ ᠨᠢᠭᠲᠠᠷᠠᠭᠤᠯᠤᠭᠰᠠᠨ ᠪᠤᠶᠤ ᠰᠡᠷᠭᠦᠭᠡᠪᠡ᠃ ᠣᠲᠣ ᠪᠣᠯᠲᠠᠯ᠎ᠠ᠂ ᠬᠥᠯᠥᠨ ᠪᠤᠶᠢᠷ ᠨᠢᠰᠬᠡᠯ ᠤᠨ ᠪᠠᠭᠤᠳᠠᠯ ᠨᠡᠶᠢᠲᠡ 37 ᠠᠭᠠᠷ ᠠᠶᠠᠯᠠᠯ ᠤᠨ ᠺᠣᠮᠫᠠᠨᠢ ᠶᠢ ᠠᠵᠢᠯᠯᠠᠭᠤᠯᠵᠤ ᠲᠡᠭᠡᠭᠡᠪᠦᠷᠢᠯᠡᠭᠦᠯᠦᠨ᠂ ᠤᠯᠤᠰ ᠤᠨ ᠳᠣᠲᠣᠭᠠᠳᠤ ᠶᠢᠨ 54 ᠬᠤᠲᠠ᠂ 2 ᠣᠯᠠᠨ ᠤᠯᠤᠰ ᠤᠨ ᠬᠤᠲᠠ ᠳᠤ ᠠᠶᠠᠯᠠᠯ ᠨᠡᠪᠲᠡᠷᠡᠭᠦᠯᠵᠦ᠂ ᠤᠯᠤᠰ ᠤᠨ ᠳᠣᠲᠣᠭᠠᠳᠤ ᠶᠢᠨ ᠠᠭᠠᠷ ᠠᠶᠠᠯᠠᠯ ᠤᠨ ᠱᠤᠭᠤᠮ 74᠂ ᠣᠯᠠᠨ ᠤᠯᠤᠰ ᠤᠨ ᠠᠭᠠᠷ ᠠᠶᠠᠯᠠᠯ ᠤᠨ ᠱᠤᠭᠤᠮ 2 ᠢ ᠠᠵᠢᠯᠯᠠᠭᠤᠯᠤᠨ ᠲᠡᠭᠡᠭᠡᠪᠦᠷᠢᠯᠡᠭᠦᠯᠪᠡ ᠃      ᠲᠠᠷᠠᠭᠠᠴᠢ ᠶᠢᠨ ᠠᠯᠬᠤᠮ ᠳᠤ᠂ ᠬᠥᠯᠥᠨ ᠪᠤᠶᠢᠷ ᠨᠢᠰᠬᠡᠯ ᠤᠨ ᠪᠠᠭᠤᠳᠠᠯ ᠵᠣᠨ ᠤ ᠠᠮᠠᠷᠠᠯᠲᠠ ᠶᠢᠨ ᠲᠡᠭᠡᠭᠡᠪᠦᠷᠢ ᠶᠢᠨ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠭᠡᠯᠵᠢ ᠶᠢᠨ ᠨᠢᠰᠬᠡᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠠᠭᠠᠷ ᠤᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠪᠣᠶ ᠪᠣᠯᠭᠠᠵᠤ᠂ ᠠᠶᠠᠨᠴᠢᠳ ᠲᠤ ᠨᠠᠩ ᠳᠥᠭᠦᠮ ᠳᠥᠲᠡ ᠪᠥᠭᠡᠳ ᠲᠠᠭᠠᠯᠠᠮᠵᠢᠲᠠᠢ ᠭᠠᠳᠠᠭᠰᠢ ᠠᠶᠠᠯᠠᠬᠤ ᠥᠩᠭᠡᠷᠡᠯᠲᠡ ᠶᠢ ᠬᠦᠷᠲᠡᠭᠡᠨ᠎ᠡ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号