ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠦᠨ ᠰᠡᠷᠭᠦᠭᠡᠵᠦ᠂ 70.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/8/11
      1 — 7 ᠳ᠋ᠤᠭᠠᠷ ᠰᠠᠷ᠎ᠠ ᠳᠤ᠂ ᠤᠯᠠᠭᠠᠨᠴᠠᠪ ᠬᠤᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠥᠷᠥᠯ ᠵᠦᠢᠯ ᠨᠡᠶᠢᠲᠡ 23 ᠪᠠᠶᠢᠵᠤ᠂ ᠨᠡᠶᠢᠲᠡ 420.89 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠨ ᠤ ᠲᠥᠯᠥᠪᠯᠡᠭᠡ ᠪᠠᠷ 119.33 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ ᠡᠭᠦᠨ ᠳᠤ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ 16 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 384.72 ᠳ᠋ᠦᠩᠰᠢᠭᠤᠷ ᠲᠥᠭᠦᠷᠢᠭ ᠪᠠᠶᠢᠵᠤ᠂ ᠡᠨᠡ ᠵᠢᠯ 110.73 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ 7 ᠵᠦᠢᠯ ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 36117 ᠳ᠋ᠦᠩᠰᠢᠭᠤᠷ ᠲᠥᠭᠦᠷᠢᠭ ᠪᠠᠶᠢᠵᠤ ᠂ ᠡᠨᠡ ᠵᠢᠯ 8.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ  ᠃      7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ ᠠᠵᠢᠯ ᠡᠬᠢᠯᠡᠭᠦᠯᠦᠨ ᠰᠡᠷᠭᠦᠭᠡᠵᠦ ᠂ 70.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢᠨ 63.4% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 36 ᠵᠠᠭᠤᠨ ᠤ ᠴᠡᠭ ᠨᠡᠮᠡᠭᠳᠡᠪᠡ᠃ ᠡᠭᠦᠨ ᠳᠤ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠳᠤ 68.98 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠳᠤ 1.27 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号