ᠰᠢᠨᠬᠤᠸᠠ ᠬᠤᠷᠢᠶ᠎ᠠ ᠶᠢᠨ ᠨᠠᠶᠢᠷᠤᠪᠢ ᠶᠢᠨ 8 ᠰᠠᠷ᠎ᠠ ᠶᠢᠨ 14 ᠤ ᠴᠠᠭᠢᠯᠭᠠᠨ ᠮᠡᠳᠡᠭᠡ 14 ᠤ ᠡᠳᠦᠷ ᠂ ︽ | ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ | ᠪᠣᠳᠢ ᠶᠢᠨ ᠰᠸᠠᠾᠢᠯᠢ ᠬᠡᠯᠡᠨ ᠤ ᠬᠡᠪᠯᠡᠯ ᠤᠨ ᠠᠩᠬ᠎ᠠ ᠲᠠᠷᠬᠠᠭᠠᠬᠤ ᠶᠣᠰᠣᠯᠠᠯ ᠵᠢᠴᠢ ᠳᠤᠮᠳᠠᠳᠤ ᠺᠧᠨᠢᠶᠠ ᠶᠢᠨ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠰᠤᠳᠤᠯᠤᠨ ᠶᠠᠷᠢᠯᠴᠠᠬᠤ ᠬᠤᠷᠠᠯ ᠺᠧᠨᠢᠶᠠ ᠶᠢᠨ ᠨᠡᠶᠢᠰᠯᠡᠯ ᠨᠠᠶᠢᠷᠤᠪᠢ | ᠳᠤ ᠶᠠᠪᠤᠭᠳᠠᠪᠠ ᠃ | ᠳᠤᠮᠳᠠᠳᠤ ᠺᠧᠨᠢᠶᠠ ᠶᠢᠨ ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠪᠣᠯᠣᠨ ᠲᠤᠰᠬᠠᠢ ᠮᠡᠷᠭᠡᠵᠢᠯᠲᠡᠨ | ᠡᠷᠳᠡᠮᠲᠡᠳ ᠂ ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠨᠢ | ᠲᠡᠷᠢᠭᠦᠯᠡᠭᠴᠢ ᠰᠢ ᠶᠢᠨ ᠫᠢᠩ ᠤᠨ ᠲᠦᠷᠦ ᠶᠢ ᠵᠠᠰᠠᠬᠤ ᠠᠷᠭ᠎ᠠ ᠪᠣᠳᠣᠯᠭ᠎ᠠ ᠶᠢ ᠲᠥᠪᠯᠡᠷᠡᠭᠦᠯᠦᠨ ᠲᠤᠰᠬᠠᠵᠤ ᠂ | ᠳᠤᠮᠳᠠᠳᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠣᠯᠣᠨ ᠲᠤᠷᠰᠢᠯᠭ᠎ᠠ ᠨᠢ ᠺᠧᠨᠢᠶᠠ ᠶᠢ | ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠲᠤ ᠠᠰᠢᠭᠲᠠᠢ ᠲᠣᠯᠢᠯᠠᠯ ᠬᠠᠩᠭᠠᠵᠠᠢ ᠃ ︽ ᠰᠢ ᠶᠢᠨ | ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ ᠪᠣᠳᠢ ᠶᠢᠨ | ᠰᠸᠠᠾᠢᠯᠢ ᠬᠡᠯᠡᠨ ᠤ ᠬᠡᠪᠯᠡᠯ ᠬᠡᠪᠯᠡᠭᠳᠡᠭᠰᠡᠨ ᠨᠢ ᠬᠤᠶᠠᠷ ᠤᠯᠤᠰ ᠤᠨ ᠬᠡᠪᠯᠡᠯ ᠤᠨ ᠡᠲᠡᠭᠡᠳ ᠂ ᠣᠷᠴᠢᠭᠤᠯᠭ᠎ᠠ ᠶᠢᠨ | ᠡᠲᠡᠭᠡᠳ ᠤᠨ ᠬᠢᠨ ᠤ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠭᠰᠠᠨ ᠤ ᠴᠢᠬᠤᠯᠠ ᠦᠷ᠎ᠡ ᠪᠦᠲᠦᠭᠡᠯ ᠪᠤᠯᠬᠤ | ᠪᠥᠭᠡᠳ ᠪᠠᠰᠠ ᠳᠤᠮᠳᠠᠳᠤ ᠺᠧᠨᠢᠶᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ | ᠬᠠᠷᠢᠯᠴᠠᠨ ᠲᠣᠯᠢᠯᠠᠭᠰᠠᠨ ᠤ ᠠᠮᠢᠳᠤᠯᠢᠭ ᠭᠡᠷᠡᠴᠢ ᠪᠣᠯᠣᠨ᠎ᠠ ᠃ ᠰᠢᠨ᠎ᠡ ᠨᠣᠮ ᠢ ᠬᠡᠪᠯᠡᠨ ᠲᠠᠷᠬᠠᠭᠠᠭᠰᠠᠨ ᠨᠢ ᠠᠹᠷᠢᠺᠠ | ᠲᠢᠪ ᠤᠨ ᠤᠩᠰᠢᠭᠴᠢᠳ ᠤᠨ ᠳᠤᠮᠳᠠᠳᠤ ᠤᠯᠤᠰ ᠤᠨ ᠵᠠᠮ ᠤᠨ ᠲᠡᠦᠬᠡ ᠶᠢᠨ ᠭᠦᠨ ᠳᠠᠪᠬᠤᠷᠭ᠎ᠠ ᠪᠠ ᠰᠣᠶᠣᠯ ᠤᠨ | ᠰᠠᠭᠤᠷᠢ ᠶᠢ ᠲᠠᠨᠢᠵᠤ ᠣᠶᠢᠯᠠᠭᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠬᠡᠨ ᠤ ᠲᠥᠯᠥᠭᠡ ᠪᠠᠶᠢᠬᠤ ᠂ | ᠬᠡᠨ ᠳᠤ ᠲᠦᠰᠢᠭᠯᠡᠬᠦ ᠲᠦᠷᠦ ᠪᠠᠷᠢᠬᠤ ᠣᠶᠢᠯᠠᠭᠠᠭᠳᠠᠬᠤᠨ ᠵᠢᠴᠢ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ | ᠪᠠᠶᠢᠭᠤᠯᠬᠤ ᠳᠤᠮᠳᠠᠳᠤ ᠤᠯᠤᠰ ᠤᠨ ᠤᠶᠤᠨ ᠤᠬᠠᠭᠠᠨ ᠢ ᠲᠠᠨᠢᠵᠤ ᠣᠶᠢᠯᠠᠭᠠᠬᠤ ᠶᠢ ᠠᠬᠢᠭᠤᠯᠬᠤ ᠪᠣᠯᠣᠨ᠎ᠠ ᠭᠡᠵᠦ | ᠦᠵᠡᠵᠡᠭᠡᠪᠡ ᠃ | ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠂ ᠡᠨᠡ ᠵᠢᠯ ᠪᠣᠯ ᠳᠤᠮᠳᠠᠳᠤ ᠺᠧᠨᠢᠶᠠ ᠶᠢᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠣᠨ᠎ᠠ ᠂ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ | ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ | ᠤᠯᠠᠮᠵᠢᠯᠠᠯᠲᠤ ᠨᠥᠬᠦᠷᠯᠡᠯ ᠢᠶᠠᠨ ᠠᠬᠢᠭᠤᠯᠵᠤ ᠂ ᠳᠤᠮᠳᠠᠳᠤ ᠺᠧᠨᠢᠶᠠ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠳᠬᠡᠪᠡ ᠃ | ᠠᠩᠬ᠎ᠠ ᠲᠠᠷᠬᠠᠭᠠᠬᠤ ᠶᠣᠰᠣᠯᠠᠯ ᠳᠡᠭᠡᠷ᠎ᠡ ᠳᠤᠮᠳᠠᠳᠤ ᠺᠧᠨᠢᠶᠠ ᠶᠢᠨ ᠬᠦᠨᠳᠦᠲᠦ ᠵᠣᠴᠢᠳ ᠬᠠᠮᠲᠤ ᠪᠠᠷ ︽ ᠰᠢ | ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ ᠪᠣᠳᠢ ᠶᠢᠨ | ᠰᠸᠠᠾᠢᠯᠢ ᠬᠡᠯᠡᠨ ᠤ ᠬᠡᠪᠯᠡᠯ ᠤᠨ ᠰᠢᠨ᠎ᠡ ᠨᠣᠮ ᠤᠨ ᠬᠥᠰᠢᠭᠡ ᠶᠢ ᠰᠡᠬᠦᠵᠦ ᠂ ᠳᠤᠮᠳᠠᠳᠤ ᠤᠯᠤᠰ ᠤᠨ ᠬᠢᠨ ᠺᠧᠨᠢᠶᠠ | ᠶᠢᠨ ᠲᠠᠯ᠎ᠠ ᠳᠤ ᠰᠢᠨ᠎ᠡ ᠨᠣᠮ ᠪᠡᠯᠡᠭᠯᠡᠪᠡ ᠃ | ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ | ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠢ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠪᠣᠯᠣᠨ ᠺᠧᠨᠢᠶᠠ | ᠶᠢᠨ ᠤᠳᠬ᠎ᠠ ᠵᠣᠬᠢᠶᠠᠯ ᠤᠨ ᠲᠣᠪᠴᠢᠶ᠎ᠠ ᠠᠴᠠ ᠬᠠᠮᠲᠤᠷᠠᠨ ᠣᠷᠴᠢᠭᠤᠯᠤᠨ ᠬᠡᠪᠯᠡᠭᠦᠯᠵᠡᠢ ᠃ ᠣᠳᠣᠬᠠᠨ ᠪᠤᠯᠲᠠᠯ᠎ᠠ ᠂ | ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ | ᠪᠣᠳᠢ ᠶᠢ ᠨᠢᠭᠡᠨᠲᠡ 37 ᠲᠦᠷᠦᠯ ᠤᠨ ᠬᠡᠯᠡ ᠪᠠᠷ ᠣᠷᠴᠢᠭᠤᠯᠤᠨ ᠬᠡᠪᠯᠡᠭᠦᠯᠵᠦ ᠂ 180 ᠭᠠᠷᠤᠢ ᠤᠯᠤᠰ ᠪᠠ ᠭᠠᠵᠠᠷ | ᠣᠷᠣᠨ ᠳᠤ ᠲᠠᠷᠬᠠᠭᠠᠪᠠ ᠃ | ᠲᠥᠪ ᠤᠨ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠂ ᠺᠧᠨᠢᠶᠠ ᠳᠤ ᠰᠠᠭᠤᠭ᠎ᠠ ᠳᠤᠮᠳᠠᠳᠤ ᠤᠯᠤᠰ ᠤᠨ | ᠡᠯᠴᠢᠨ ᠰᠠᠶᠢᠳ ᠤᠨ ᠶᠠᠮᠤᠨ ᠤ ᠬᠠᠷᠢᠭᠤᠴᠠᠯᠭᠠᠲᠠᠨ ᠂ ᠺᠧᠨᠢᠶᠠ ᠶᠢᠨ ᠲᠠᠯ᠎ᠠ ᠶᠢᠨ ᠳᠡᠭᠡᠳᠦ ᠵᠡᠷᠭᠡ ᠶᠢᠨ ᠤᠯᠤᠰ | ᠲᠦᠷᠦ ᠶᠢᠨ ᠴᠢᠬᠤᠯᠠ ᠬᠥᠮᠥᠰ ᠂ ᠲᠦᠷᠦ ᠶᠢᠨ ᠨᠠᠮ ᠤᠨ ᠤᠳᠤᠷᠢᠳᠤᠭᠴᠢ ᠂ ᠵᠠᠭᠤᠴᠢᠯᠠᠭᠤᠷ ᠂ ᠤᠶᠤᠨ ᠤ | ᠬᠥᠮᠥᠷᠭᠡ ᠶᠢᠨ ᠲᠥᠯᠥᠭᠡᠯᠡᠭᠴᠢ ᠵᠡᠷᠭᠡ ᠡᠯ᠎ᠡ ᠡᠲᠡᠭᠡᠳ ᠤᠨ 500 ᠰᠢᠬᠠᠮ ᠬᠥᠮᠥᠨ ᠠᠩᠬ᠎ᠠ ᠲᠠᠷᠬᠠᠭᠠᠬᠤ ᠶᠣᠰᠣᠯᠠᠯ | ᠪᠣᠯᠣᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠠᠢ ᠃ | ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ | ᠮᠡᠳᠡᠭᠡᠨ ᠤ ᠠᠯᠪᠠᠨ ᠭᠡᠷ ᠠᠴᠠ ᠵᠢᠯᠤᠭᠤᠳᠴᠤ ᠂ ᠺᠧᠨᠢᠶᠠ ᠶᠢᠨ ᠤᠳᠬ᠎ᠠ ᠵᠣᠬᠢᠶᠠᠯ ᠤᠨ ᠲᠣᠪᠴᠢᠶ᠎ᠠ ᠂ ᠳᠤᠮᠳᠠᠳᠤ | ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠯᠲᠠ ᠶᠢᠨ ᠦᠢᠯᠡᠰ ᠤᠨ ᠲᠣᠪᠴᠢᠶ᠎ᠠ ᠂ ᠳᠤᠮᠳᠠᠳᠤ ᠤᠯᠤᠰ ᠤᠨ | ᠺᠧᠨᠢᠶᠠ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠬᠠᠮᠲᠤᠷᠠᠨ ᠡᠷᠭᠢᠯᠡᠪᠡ ᠃ | ᠲᠤᠬᠠᠢ ᠶᠢᠨ ᠡᠳᠦᠷ ᠂ ᠳᠤᠮᠳᠠᠳᠤ ᠺᠧᠨᠢᠶᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠪᠠᠰᠠ 2023 ︽ | ᠠᠹᠷᠢᠺᠠ ᠲᠢᠪ ᠤᠨ ᠬᠠᠨᠢᠲᠠᠨ ︾ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠂ ᠺᠧᠨᠢᠶᠠ ᠶᠢᠨ | ᠳᠤᠮᠳᠠᠳᠤ ᠤᠯᠤᠰ ᠤᠨ ᠺᠢᠨᠣ᠋ ᠶᠢᠨ ᠨᠠᠶᠢᠷ ᠵᠡᠷᠭᠡ ᠠᠯᠢ ᠤᠯᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠡᠷᠭᠢᠯᠡᠵᠡᠢ ᠃ | | |