ᠳ᠋ᠢᠩ ᠰᠢᠤᠸᠠᠢ ᠰᠢᠶᠠᠩ ᠭᠤᠣᠯ ᠲᠠᠯᠠᠪᠠᠢ ᠶᠢᠨ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠳᠤ | ᠣᠷᠣᠯᠴᠠᠵᠤ ᠶᠠᠷᠢᠶ᠎ᠠ ᠲᠠᠯᠪᠢᠵᠠᠢ | ᠠᠩᠬᠠᠳᠠᠭᠴᠢ ᠪᠦᠭᠦ ᠤᠯᠤᠰ ᠤᠨ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠲᠠᠢ | ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠮᠥᠨ᠂ ᠨᠠᠮ ᠤᠨ ᠡᠭᠦᠷᠭᠡ ᠬᠠᠷᠢᠭᠤᠴᠠᠯᠭ᠎ᠠ ᠵᠣᠷᠢᠯᠲᠠ ᠲᠠᠢ | ᠬᠤᠯᠪᠣᠭᠳᠠᠬᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠮᠥᠨ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠲᠠᠢ ᠬᠤᠯᠪᠣᠭᠳᠠᠬᠤ ᠴᠢᠬᠤᠯᠠ ᠶᠡᠭᠡ ᠨᠡᠶᠢᠭᠡᠮ ᠤᠨ ᠠᠰᠠᠭᠤᠳᠠᠯ ᠮᠥᠨ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠵᠡᠷᠭᠡ ᠪᠠᠷ ᠠᠬᠢᠭᠤᠯᠬᠤ ᠶᠢ | ᠴᠢᠬᠤᠯᠠᠴᠢᠯᠠᠵᠤ᠂ ︽ ᠬᠤᠣᠰ ᠨᠡᠭᠦᠷᠡᠰᠦᠲᠥ᠋ᠷᠥᠭᠴᠢ ︾ ᠶᠢᠨ ᠠᠵᠢᠯ ᠢᠶᠠᠷ ᠵᠢᠯᠣᠭᠤᠳᠤᠮᠵᠢ ᠪᠤᠯᠭᠠᠵᠤ᠂ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ | ᠡᠵᠡᠮᠳᠡᠯ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ ᠠᠮᠢᠳᠤᠷᠠᠯ ᠤᠨ | ᠠᠷᠭ᠎ᠠ ᠭᠡᠯᠪᠡᠷᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ | ᠠᠬᠢᠭᠤᠯᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ | ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ | ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠤ ᠢᠳᠡᠪᠬᠢᠲᠡᠢ ᠳᠠᠮᠵᠢᠭᠤᠯᠤᠭᠴᠢ ᠪᠠ ᠵᠢᠱᠢᠶᠡᠴᠢ | ᠦᠢᠯᠡᠳᠦᠯᠭᠡᠵᠢᠭᠦᠯᠦᠭᠴᠢ ᠪᠣᠯᠵᠤ᠂ ᠪᠡᠶᠡᠴᠢᠯᠡᠨ ᠭᠦᠢᠴᠡᠳᠬᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ | ᠭᠠᠷᠭᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃ | ᠪᠦᠭᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠤᠨ ᠭᠤᠣᠯ ᠲᠠᠯᠠᠪᠠᠢ ᠶᠢᠨ ᠠᠵᠢᠯᠯᠠᠭ᠎ᠠ 15 ᠤ | ᠡᠳᠦᠷ ᠵᠧᠵᠢᠶᠠᠩ ᠮᠤᠵᠢ ᠶᠢᠨ ᠬᠤᠵᠸᠦ ᠬᠤᠲᠠ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ | ᠰᠠᠶᠢᠳ ᠳ᠋ᠢᠩ ᠰᠢᠤᠸᠠᠢ ᠰᠢᠶᠠᠩ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠢ ᠶᠢᠨ ᠫᠢᠩ ᠤᠨ ᠴᠢᠬᠤᠯᠠ | ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ ᠳ᠋ᠢᠩ ᠰᠢᠤᠸᠠᠢ ᠰᠢᠶᠠᠩ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ | ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠪᠤᠯᠭᠠᠵᠤ᠂ ᠠᠯᠢ ᠤᠯᠠᠨ | ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ ᠤᠨ ᠶᠡᠭᠡ᠂ ᠡᠷᠴᠢᠮ ᠤᠨ ᠶᠡᠭᠡ᠂ ᠦᠷ᠎ᠡ | ᠪᠦᠲᠦᠮᠵᠢ ᠶᠢᠨ ᠶᠡᠭᠡ ᠪᠠᠷ ᠢᠶᠠᠨ ᠤᠷᠢᠳ ᠡᠮᠦᠨ᠎ᠡ ᠪᠠᠶᠢᠭ᠎ᠠ ᠦᠭᠡᠢ ᠶᠤᠮ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠠᠮᠵᠢᠯᠲᠠ ᠪᠦᠲᠦᠮᠵᠢ ᠨᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠰᠢᠨ᠎ᠡ ᠴᠠᠭ ᠦᠶ᠎ᠡ ᠶᠢᠨ | ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ᠂ ᠲᠡᠦᠬᠡᠲᠦ ᠴᠢᠨᠠᠷᠲᠠᠢ | ᠬᠤᠪᠢᠰᠤᠯᠲᠠ ᠭᠠᠷᠤᠭᠰᠠᠨ ᠤ ᠢᠯᠡᠷᠬᠡᠢ ᠪᠡᠯᠭᠡ ᠲᠡᠮᠳᠡᠭ ᠪᠣᠯᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠳᠤ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠤᠯᠤᠰ ᠢᠶᠠᠨ ᠬᠦᠴᠦᠷᠬᠡᠭᠵᠢᠭᠦᠯᠬᠦ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠨᠠᠷ | ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠬᠥᠮᠥᠨ ᠪᠠ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ ᠠᠬᠢᠭᠤᠯᠬᠤ ᠬᠡᠷᠡᠭᠲᠡᠢ᠃ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠥᠬᠦᠷᠡᠰᠢ ᠦᠭᠡᠢ ᠰᠠᠶᠢᠲᠤᠷ ᠬᠢᠵᠦ᠂ | ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ | ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠭᠡᠷᠡᠭᠲᠡᠢ︔ ᠪᠤᠭᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠᠷ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠪᠤᠯᠭᠠᠬᠤ ᠶᠢ | ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ | ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠭᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ | ᠲᠦᠷᠭᠡᠨ ᠪᠦᠷᠢᠯᠳᠦᠭᠦᠯᠬᠦ ᠭᠡᠷᠡᠭᠳᠠᠢ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ | ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ | ᠬᠦᠴᠦᠯᠡᠨ ᠳᠡᠭᠡᠭᠰᠢᠯᠡᠭᠦᠯᠭᠦ ᠭᠡᠷᠡᠭᠳᠠᠢ︔ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ | ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ | ᠬᠥᠭᠵᠢᠯᠲᠡ ᠶᠢᠨ ᠳᠤᠮᠳᠠ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠶᠢ ᠪᠠᠭ᠎ᠠ | ᠭᠠᠳᠠᠭᠰᠢᠯᠠᠭᠤᠯᠬᠤ ᠳᠤᠮᠳᠠ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠭᠡᠷᠡᠭᠳᠠᠢ︔ ᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ | ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠪᠦᠭᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ ᠲᠠᠯᠠᠪᠤᠷ ᠤᠨ | ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭᠠᠨ ᠤ ᠤᠯᠠᠨ ᠲᠦᠮᠡᠨᠴᠢᠯᠡᠭᠰᠡᠨ ᠳᠠᠮᠵᠢᠭᠤᠯᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠪᠦᠭᠦ | ᠨᠡᠶᠢᠭᠡᠮ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠪᠦᠭᠦ ᠠᠷᠠᠳ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢ | ᠴᠢᠩᠭᠠᠳᠬᠠᠵᠤ᠂ ᠬᠥᠮᠥᠨ ᠪᠦᠭᠦᠨ᠂ ᠶᠠᠪᠤᠳᠠᠯ ᠪᠦᠭᠦᠨ᠂ ᠴᠠᠭ ᠢᠮᠠᠭᠲᠠ᠂ ᠭᠠᠵᠠᠷ ᠪᠣᠯᠭᠠᠨ ᠳᠤ ᠠᠮᠢ ᠠᠬᠤᠢ ᠶᠢᠨ | ᠪᠣᠯᠪᠠᠰᠤᠨ ᠢ ᠡᠷᠭᠢᠮᠯᠡᠭᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠬᠤ | ᠬᠡᠷᠡᠭᠲᠡᠢ ᠭᠡᠵᠦ ᠢᠯᠡᠳᠬᠡᠪᠡ᠃ | 2023 ᠣᠨ ᠤ 6 ᠰᠠᠷ᠎ᠠ ᠶᠢᠨ 28 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ | ᠬᠤᠷᠠᠯ ᠠᠴᠠ ᠲᠣᠭᠲᠠᠭᠠᠯ ᠢ ᠪᠠᠲᠤᠯᠠᠵᠤ᠂ 8 ᠰᠠᠷ᠎ᠠ ᠶᠢᠨ 15 ᠤ ᠡᠳᠦᠷ ᠢ ᠪᠦᠭᠦ ᠤᠯᠤᠰ ᠤᠨ ᠠᠮᠢ ᠠᠬᠤᠢ ᠶᠢᠨ | ᠡᠳᠦᠷ ᠪᠤᠯᠭᠠᠬᠤ ᠪᠠᠷ ᠲᠣᠭᠲᠠᠪᠠ᠃ ᠠᠩᠬᠠᠳᠠᠭᠴᠢ ᠪᠦᠭᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ | ᠲᠠᠯᠠᠪᠠᠢ ᠶᠢᠨ ᠠᠵᠢᠯᠯᠠᠭ᠎ᠠ ᠶᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ | ᠲᠥᠪ ᠤᠨ ᠤᠬᠠᠭᠤᠯᠬᠤ ᠬᠡᠯᠲᠡᠰ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ ᠣᠷᠴᠢᠨ | ᠲᠣᠭᠤᠷᠢᠨ ᠤ ᠶᠠᠮᠤᠨ ᠵᠡᠷᠭᠡ ᠰᠠᠯᠠᠭ᠎ᠠ ᠮᠥᠴᠢᠷ ᠪᠣᠯᠣᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ | ᠣᠷᠳᠣᠨ ᠲᠠᠢ ᠬᠠᠮᠲᠤᠷᠠᠨ ᠡᠷᠭᠢᠯᠡᠵᠦ᠂ ︽ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ︾ ᠭᠡᠬᠦ ᠪᠠᠷ ᠭᠤᠣᠯ ᠰᠡᠳᠦᠪ ᠢᠶᠠᠨ ᠪᠣᠯᠭᠠᠵᠠᠢ᠃ | ︵ᠰᠢᠨᠬᠤᠸᠠ ᠬᠤᠷᠢᠶ᠎ᠠ ᠶᠢᠨ ᠬᠠᠩᠵᠧᠦ ᠶᠢᠨ 8 ᠰᠠᠷ᠎ᠠ ᠶᠢᠨ 15 ᠤ ᠴᠠᠭᠢᠯᠭᠠᠨ ᠮᠡᠳᠡᠭᠡ︶ | |