ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 15 ᠤ ᠴᠠᠭᠢᠯᠭᠠᠨ ᠮᠡᠳᠡᠭᠡ 8 ᠰᠠᠷ᠎ᠠ ᠶᠢᠨ 16 | ᠤ ᠡᠳᠦᠷ ᠬᠡᠪᠯᠡᠭᠳᠡᠬᠦ 16 ᠳ᠋ᠤᠭᠠᠷ ᠬᠤᠭᠤᠴᠠᠭᠠᠨ ᠤ ︽ᠦᠨᠡᠨ ︾ᠰᠡᠳᠬᠦᠯ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ | ᠮᠥᠨ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ | ᠵᠣᠬᠢᠶᠠᠯ ᠳᠤ ᠂ ᠨᠢᠭᠡ ᠤᠯᠤᠰ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠣᠳᠣᠬᠢᠴᠢᠯᠠᠯᠲᠠ ᠶᠢᠨ | ᠡᠩ ᠤᠨ ᠵᠢᠮ᠎ᠡ ᠶᠣᠰᠣ ᠶᠢ ᠵᠢᠷᠤᠮᠯᠠᠬᠤ ᠪᠥᠭᠡᠳ ᠨᠡᠩ ᠴᠤ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ | ᠨᠡᠶᠢᠴᠡᠵᠦ ᠂ ᠲᠤᠰ ᠤᠯᠤᠰ ᠤᠨ ᠢᠶᠠᠨ ᠣᠨᠴᠠᠯᠢᠭ ᠲᠠᠢ ᠪᠠᠶᠢᠬᠤ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠪᠥᠭᠡᠳ ᠨᠡᠩ ᠴᠤ | ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ ᠶᠤᠮ ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ 5 | ᠲᠠᠯ᠎ᠠ ᠶᠢᠨ ᠳᠤᠮᠳᠠᠳᠤ ᠤᠯᠤᠰ ᠤᠨ ᠣᠨᠴᠠᠯᠢᠭ ᠢ ᠲᠣᠳᠣᠷᠬᠠᠢ ᠬᠤᠷᠢᠶᠠᠩᠭᠤᠶᠢᠯᠠᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠢᠯᠡᠷᠡᠭᠦᠯᠪᠡ ᠃ ᠡᠨᠡ ᠨᠢ | ᠤᠨᠤᠯ ᠤᠨ ᠬᠤᠷᠢᠶᠠᠩᠭᠤᠶᠢᠯᠠᠯ ᠪᠤᠯᠬᠤ ᠪᠥᠭᠡᠳ ᠪᠠᠰᠠ ᠴᠤ ᠦᠢᠯᠡᠳᠦᠯᠭᠡ ᠶᠢᠨ ᠱᠠᠭᠠᠷᠳᠠᠯᠭ᠎ᠠ ᠪᠠᠶᠢᠵᠤ ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠠᠷᠠᠭᠤᠯ ᠳᠠᠷᠳᠠᠩ ᠵᠠᠮ ᠢ ᠵᠢᠭᠠᠵᠤ | ᠥᠭᠴᠡᠢ ᠭᠡᠵᠦ ᠴᠢᠬᠤᠯᠠᠴᠢᠯᠠᠪᠠ ᠃ | ᠵᠣᠬᠢᠶᠠᠯ ᠳᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ | ᠣᠨᠴᠠᠯᠢᠭ ᠢ ᠠᠮᠵᠢᠯᠲᠠ ᠲᠠᠢ ᠦᠢᠯᠡᠳᠦᠯᠭᠡ ᠪᠣᠯᠭᠠᠨ ᠬᠤᠪᠢᠷᠠᠭᠤᠯᠵᠤ ᠂ ᠢᠯᠡ ᠲᠣᠳᠣ ᠣᠨᠴᠠᠯᠢᠭ ᠢ ᠥᠪᠡᠷᠮᠢᠴᠡ | ᠳᠠᠪᠠᠭᠤᠯᠢᠭ ᠪᠣᠯᠭᠠᠨ ᠬᠤᠪᠢᠷᠠᠭᠤᠯᠬᠤ ᠳᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ ᠃ ᠨᠢᠭᠡᠳᠦᠭᠡᠷ ᠲᠤ ᠂ | ᠬᠥᠮᠥᠨ ᠠᠮᠠ ᠶᠢᠨ ᠬᠡᠪᠴᠢᠶ᠎ᠡ ᠶᠢᠨ ᠯᠤᠲᠤ ᠶᠡᠭᠡ ᠣᠳᠣᠬᠢᠴᠢᠯᠠᠯᠲᠠ ᠪᠣᠯᠣᠨ᠎ᠠ ᠃ ᠡᠨᠡ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠢᠯᠡᠷᠬᠡᠢ ᠣᠨᠴᠠᠯᠢᠭ ᠮᠥᠨ ᠃ ᠳᠤᠮᠳᠠᠳᠤ ᠤᠯᠤᠰ ᠤᠨ 14 ᠳ᠋ᠦᠩᠰᠢᠭᠤᠷ | ᠭᠠᠷᠤᠢ ᠬᠥᠮᠥᠨ ᠠᠮᠠ ᠪᠦᠬᠦᠯᠢ ᠴᠣᠭᠴᠠ ᠪᠠᠷ ᠢᠶᠠᠨ ᠣᠳᠣᠬᠢᠴᠢᠯᠠᠯᠲᠠ ᠳᠤ ᠣᠷᠣᠵᠤ ᠂ ᠬᠡᠪᠴᠢᠶ᠎ᠡ ᠨᠢ ᠤᠳᠤ ᠶᠢᠨ | ᠬᠥᠭᠵᠢᠭᠰᠡᠨ ᠤᠯᠤᠰ ᠤᠨ ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ ᠂ ᠣᠳᠣᠬᠢᠴᠢᠯᠠᠯᠲᠠ ᠶᠢᠨ ᠳᠡᠯᠡᠬᠡᠢ ᠶᠢᠨ | ᠪᠠᠶᠢᠷᠢᠰᠢᠯ ᠢ ᠲᠤᠶᠢᠯ ᠤᠨ ᠶᠡᠭᠡ ᠪᠠᠷ ᠬᠤᠪᠢᠷᠠᠭᠤᠯᠬᠤ ᠪᠣᠯᠣᠨ᠎ᠠ ᠃ ᠡᠨᠡ ᠪᠣᠯ ᠬᠥᠮᠥᠨ ᠲᠥᠷᠥᠯᠬᠢᠲᠡᠨ ᠤ ᠲᠡᠦᠬᠡᠨ | ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠣᠳᠣᠬᠢᠴᠢᠯᠠᠯᠲᠠ ᠪᠤᠯᠬᠤ ᠪᠥᠭᠡᠳ ᠪᠠᠰᠠ ᠴᠤ ᠬᠦᠴᠢᠷᠳᠡᠯ ᠢᠶᠠᠷ | ᠬᠠᠮᠤᠭ ᠤᠨ ᠶᠡᠭᠡ ᠣᠳᠣᠬᠢᠴᠢᠯᠠᠯᠲᠠ ᠮᠥᠨ ᠃ ᠪᠢᠳᠡ ᠠᠰᠠᠭᠤᠳᠠᠯ ᠢ ᠪᠣᠳᠣᠯᠬᠢᠯᠠᠬᠤ ᠂ ᠰᠢᠢᠳᠪᠦᠷᠢᠲᠦ ᠪᠣᠳᠣᠯᠭ᠎ᠠ | ᠲᠣᠭᠲᠠᠭᠠᠬᠤ ᠂ ᠠᠵᠢᠯ ᠶᠠᠪᠤᠳᠠᠯ ᠬᠢᠬᠦ ᠳᠡᠭᠡᠨ ᠡᠩ ᠲᠡᠷᠢᠭᠦᠨ ᠳᠤ ᠬᠥᠮᠥᠨ ᠠᠮᠠ ᠶᠢᠨ ᠰᠠᠭᠤᠷᠢ ᠲᠤᠭ᠎ᠠ ᠶᠢᠨ | ᠠᠰᠠᠭᠤᠳᠠᠯ ᠢ ᠪᠣᠳᠣᠯᠬᠢᠯᠠᠵᠤ ᠂ ᠮᠠᠨ ᠤ ᠤᠯᠤᠰ ᠤᠨ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ | ᠲᠦᠪᠰᠢᠨ ᠤ ᠵᠥᠷᠢᠶ᠎ᠡ ᠶᠡᠭᠡ ᠪᠠᠶᠢᠬᠤ ᠵᠡᠷᠭᠡ ᠪᠣᠳᠠᠲᠤ ᠪᠠᠶᠢᠳᠠᠯ ᠢ ᠪᠣᠳᠣᠯᠬᠢᠯᠠᠵᠤ ᠂ ᠶᠡᠭᠡ ᠶᠢ ᠰᠠᠨᠠᠭᠠᠷᠬᠠᠵᠤ ᠪᠤᠯᠬᠤ | ᠦᠭᠡᠢ ᠪᠥᠭᠡᠳ ᠪᠠᠰᠠ ᠬᠠᠭᠤᠴᠢᠨ ᠢᠶᠠᠨ ᠪᠠᠷᠢᠮᠲᠠᠯᠠᠵᠤ ᠪᠤᠯᠬᠤ ᠦᠭᠡᠢ ᠂ ᠲᠡᠦᠬᠡ ᠶᠢᠨ ᠬᠦᠯᠢᠴᠡᠩᠭᠦᠢ ᠣᠪᠣᠷ ᠢ | ᠪᠠᠷᠢᠮᠲᠠᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ ᠂ | ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠃ ᠬᠤᠶᠠᠳᠤᠭᠠᠷ ᠲᠤ ᠂ ᠪᠦᠭᠦ ᠠᠷᠠᠳ ᠲᠦᠮᠡᠨ ᠢ ᠬᠠᠮᠲᠤ ᠪᠠᠷ | ᠪᠠᠶᠠᠵᠢᠭᠤᠯᠬᠤ ᠣᠳᠣᠬᠢᠴᠢᠯᠠᠯᠲᠠ ᠮᠥᠨ ᠃ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠮᠥᠨ ᠴᠢᠨᠠᠷ ᠤᠨ ᠣᠨᠴᠠᠯᠢᠭ ᠪᠤᠯᠬᠤ ᠪᠥᠭᠡᠳ ᠪᠠᠰᠠ ᠴᠤ ᠥᠷᠥᠨᠡᠳᠠᠬᠢᠨ ᠤ ᠣᠳᠣᠬᠢᠴᠢᠯᠠᠯᠲᠠ ᠠᠴᠠ ᠢᠯᠭᠠᠭᠳᠠᠬᠤ | ᠢᠯᠡᠷᠬᠡᠢ ᠰᠢᠨᠵᠢ ᠲᠡᠮᠳᠡᠭ ᠮᠥᠨ ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ︽ᠪᠤᠭᠤᠷᠰᠤᠭ ︾ ᠢ ᠰᠠᠶᠢᠲᠤᠷ | ᠬᠢᠵᠦ ᠶᠡᠭᠡ ᠬᠢᠬᠦ ᠶᠢᠨ ᠬᠠᠮᠲᠤ ᠂ ︽ᠪᠤᠭᠤᠷᠰᠤᠭ ︾ ᠢ ᠤᠯᠠᠮ ᠴᠢᠨᠠᠭᠰᠢᠳᠠ ᠰᠠᠶᠢᠲᠤᠷ ᠬᠤᠪᠢᠶᠠᠵᠤ ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ | ᠨᠡᠩ ᠡᠷᠬᠡ ᠲᠡᠭᠰᠢ ᠪᠠᠷ ᠬᠦᠷᠲᠡᠭᠡᠵᠦ ᠂ ᠬᠤᠶᠠᠷ ᠲᠤᠶᠢᠯ ᠲᠡᠶᠢᠰᠢ ᠵᠠᠳᠠᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠃ | ᠭᠤᠷᠪᠠᠳᠤᠭᠠᠷ ᠲᠤ ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ | ᠣᠳᠣᠬᠢᠴᠢᠯᠠᠯᠲᠠ ᠮᠥᠨ ᠃ ᠡᠳ᠋ ᠪᠣᠳᠠᠰ ᠡᠯᠪᠡᠭ ᠳᠡᠯᠪᠡᠭ ᠪᠠᠶᠢᠬᠤ ᠪᠥᠭᠡᠳ ᠪᠠᠰᠠ ᠤᠶᠤᠨ ᠰᠠᠨᠠᠭ᠎ᠠ ᠡᠯᠪᠡᠭ | ᠪᠠᠶᠠᠯᠢᠭ ᠪᠠᠶᠢᠬᠤ ᠬᠡᠷᠡᠭᠲᠡᠢ ᠂ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠡᠷᠬᠢᠮ ᠳᠡᠭᠡᠳᠦ | ᠬᠥᠭᠡᠭᠡᠴᠡᠯᠳᠦᠯ ᠮᠥᠨ ᠃ ᠬᠤᠶᠠᠷ ᠲᠠᠯ᠎ᠠ ᠶᠢ ᠠᠳᠬᠤᠬᠤ ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ | ᠪᠠᠷᠢᠮᠲᠠᠯᠠᠵᠤ ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠯᠳᠤᠭᠤᠯᠵᠤ ᠂ ᠬᠠᠷᠢᠯᠴᠠᠨ | ᠠᠬᠢᠭᠤᠯᠬᠤ ᠬᠡᠷᠡᠭᠲᠡᠢ ᠃ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ | ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠵᠤ ᠂ ᠠᠷᠠᠳ ᠲᠦᠮᠡᠨ ᠤ ᠤᠶᠤᠨ ᠤ | ᠶᠢᠷᠲᠢᠨᠴᠦ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ | ᠳᠡᠭᠡᠭᠰᠢᠯᠡᠭᠦᠯᠵᠦ ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠳᠥᠷᠪᠡᠳᠦᠭᠡᠷ ᠲᠤ ᠂ | ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ ᠃ ᠪᠠᠶᠢᠭᠠᠯᠢ ᠶᠢ | ᠬᠦᠨᠳᠦᠳᠬᠡᠬᠦ ᠂ ᠪᠠᠶᠢᠭᠠᠯᠢ ᠲᠠᠢ ᠵᠣᠬᠢᠴᠠᠬᠤ ᠂ ᠪᠠᠶᠢᠭᠠᠯᠢ ᠶᠢ ᠬᠠᠮᠠᠭᠠᠯᠠᠬᠤ ᠂ ᠬᠥᠮᠥᠨ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ ᠮᠥᠨ ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ ᠂ ᠴᠢᠨᠠᠷ ᠰᠠᠶᠢᠲᠠᠢ | ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠃ | ᠲᠠᠪᠤᠳᠤᠭᠠᠷ ᠲᠤ ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ ᠃ ᠡᠩᠬᠡ | ᠲᠠᠶᠢᠪᠤᠩ ᠬᠥᠭᠵᠢᠯᠲᠡ ᠶᠢ ᠪᠠᠷᠢᠮᠲᠠᠯᠠᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ | ᠬᠠᠮᠠᠭᠠᠯᠠᠬᠤ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ ᠡᠷᠢᠯᠬᠢᠯᠡᠵᠦ ᠂ ᠲᠤᠰ ᠪᠡᠶ᠎ᠡ ᠶᠢᠨ ᠬᠥᠭᠵᠢᠯᠲᠡ ᠪᠠᠷ ᠢᠶᠠᠨ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ ᠰᠠᠶᠢᠲᠤᠷ ᠬᠠᠮᠠᠭᠠᠯᠠᠵᠤ ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠲᠣᠪᠣᠶᠢᠮ᠎ᠠ ᠣᠨᠴᠠᠯᠢᠭ ᠪᠣᠯᠣᠨ᠎ᠠ ᠃ ᠪᠢᠳᠡ ᠡᠩᠬᠡ ᠲᠠᠶᠢᠪᠤᠩ ᠂ ᠬᠥᠭᠵᠢᠯᠲᠡ ᠂ | ᠬᠠᠮᠲᠤᠷᠠᠯᠴᠠᠬᠤ ᠂ ᠬᠠᠮᠲᠤ ᠪᠠᠷ ᠠᠰᠢᠭ ᠭᠦᠷᠲᠡᠭᠦ ᠲᠤᠭ ᠢ ᠢᠮᠠᠭᠲᠠ ᠥᠨᠳᠥᠷ ᠮᠠᠨᠳᠤᠭᠤᠯᠵᠤ ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠵᠢᠩᠬᠢᠨᠢ | ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ | ᠪᠠᠳᠠᠷᠠᠭᠤᠯᠵᠤ ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠳᠤ ᠨᠡᠩ ᠶᠡᠭᠡ ᠬᠤᠪᠢ ᠨᠡᠮᠡᠷᠢ | ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ | ᠬᠢᠭᠰᠡᠨ ᠠᠴᠠ ᠨᠠᠭᠠᠰᠢ ᠂ ᠪᠢᠳᠡ ᠬᠡᠳᠦᠨ ᠠᠷᠪᠠᠨ ᠵᠢᠯ ᠤᠨ ᠴᠠᠭ ᠢ ᠬᠡᠷᠡᠭᠰᠡᠨ ᠥᠷᠥᠨᠡᠳᠠᠬᠢᠨ ᠤ ᠬᠥᠭᠵᠢᠭᠰᠡᠨ | ᠤᠯᠤᠰ ᠤᠳ ᠤᠨ ᠬᠡᠳᠦᠨ ᠵᠠᠭᠤᠨ ᠵᠢᠯ ᠤᠨ ᠶᠠᠪᠤᠵᠤ ᠢᠷᠡᠭᠰᠡᠨ ᠠᠵᠤ ᠦᠢᠯᠡᠳᠪᠦᠷᠢᠵᠢᠯᠲᠡ ᠶᠢᠨ ᠶᠠᠪᠤᠴᠠ ᠶᠢ | ᠪᠡᠶᠡᠯᠡᠭᠦᠯᠵᠦ ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭᠠᠨ ᠤ | ᠲᠣᠭᠲᠠᠭᠤᠨ ᠪᠠᠶᠢᠳᠠᠯ ᠤᠨ ᠭᠠᠶᠢᠬᠠᠮᠰᠢᠭ ᠢ ᠡᠭᠦᠳᠴᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠡᠢ ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠤᠷᠤᠭᠰᠢᠲᠠᠢ ᠶᠠᠪᠤᠭᠳᠠᠵᠤ ᠳᠡᠶᠢᠯᠤᠨ᠎ᠠ ᠂ ᠲᠣᠭᠲᠠᠭᠤᠨ ᠶᠠᠪᠤᠭᠳᠠᠵᠤ ᠳᠡᠶᠢᠯᠤᠨ᠎ᠠ ᠂ ᠲᠡᠷᠡ ᠪᠣᠯ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠴᠤᠷ ᠤᠨ ᠭᠠᠭᠴᠠ ᠵᠥᠪ ᠵᠠᠮ ᠮᠥᠨ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ ᠃ | | |