ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 17 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 8 ᠰᠠᠷ᠎ᠠ ᠶᠢᠨ 17 ᠤ ᠡᠳᠦᠷ ᠬᠤᠷᠠᠯ | ᠬᠤᠷᠠᠯᠳᠤᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠭᠠᠮᠰᠢᠭ ᠤᠨ | ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠬᠤᠷᠠᠯ ᠠᠴᠠ ᠂ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢ ︾ ᠪᠣᠯ ᠦᠶᠡᠷ ᠢ | ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ | ᠵᠢᠯᠤᠭᠤᠳᠬᠤ ᠭᠠᠵᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠨ ᠂ ᠬᠦᠴᠦ ᠪᠠᠨ ᠬᠠᠮᠲᠤᠳᠬᠠᠨ ᠬᠠᠮᠵᠢᠯᠴᠠᠵᠤ ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠡᠮᠦᠨ᠎ᠡ ᠨᠢ ᠭᠠᠪᠰᠢᠭᠠᠶᠢᠯᠠᠵᠤ ᠂ ᠴᠢᠯᠦᠭᠡᠯᠡᠬᠦ ᠴᠡᠷᠢᠭ ᠂ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠠᠴᠢᠮ ᠲᠤᠰᠠᠯᠠᠵᠤ ᠂ ᠲᠥᠪ ᠤᠨ ᠠᠵᠤ ᠠᠬᠤᠶᠢᠯᠠᠯ ᠪᠣᠯᠣᠨ | ᠨᠡᠶᠢᠭᠡᠮ ᠤᠨ ᠬᠦᠴᠦᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠂ ᠥᠷᠭᠡᠨ ᠤᠯᠠᠨ ᠠᠷᠠᠳ ᠲᠦᠮᠡᠨ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠵᠥ ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠂ ᠭᠡᠷ ᠣᠷᠣᠨ ᠢᠶᠠᠨ | ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ ᠂ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠲᠡᠮᠡᠴᠡᠯ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ | ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠂ ᠣᠳᠣᠬᠠᠨ ᠳᠤ ᠮᠠᠨ ᠤ ᠤᠯᠤᠰ ᠮᠥᠨ ᠬᠦ ᠭᠤᠣᠯ ᠦᠶᠡᠷ ᠤᠨ ᠬᠤᠭᠤᠴᠠᠭᠠᠨ ᠳᠤ | ᠣᠷᠣᠰᠢᠵᠤ ᠂ ᠪᠦᠭᠦ ᠤᠯᠤᠰ ᠤᠨ ᠣᠯᠠᠨ ᠭᠠᠵᠠᠷ ᠲᠤ ᠰᠢᠷᠦᠭᠦᠨ ᠪᠣᠷᠣᠭᠠᠨ ᠂ ᠦᠶᠡᠷ ᠤᠰᠤᠲᠤᠯ ᠂ ᠲᠠᠶᠢᠹᠧᠩ | ᠰᠠᠯᠬᠢ ᠵᠡᠷᠭᠡ ᠭᠠᠮᠰᠢᠭ ᠮᠥᠨ ᠬᠦ ᠣᠯᠠᠨ ᠡᠭᠦᠰᠴᠦ ᠂ ᠵᠠᠷᠢᠮ ᠰᠠᠪᠠ ᠭᠠᠵᠠᠷ ᠲᠤ ᠮᠥᠨ ᠬᠦ ᠦᠶᠡᠷ ᠤᠰᠤᠲᠤᠯ ᠤᠨ | ᠭᠠᠮᠰᠢᠭ ᠤᠨ ᠲᠦᠭᠰᠢᠭᠦᠷᠢ ᠣᠷᠣᠰᠢᠵᠤ ᠂ ᠤᠮᠠᠷᠠᠲᠤ ᠣᠷᠣᠨ ᠂ ᠵᠡᠭᠦᠨ ᠬᠤᠶᠢᠲᠤ ᠶᠢᠨ ᠬᠡᠰᠡᠭ ᠠᠭᠤᠯᠠᠷᠬᠠᠭ | ᠣᠷᠣᠨ ᠤ ᠬᠥᠷᠥᠰᠥ ᠰᠢᠷᠣᠢ ᠶᠢᠨ ᠤᠰᠤᠨ ᠤ ᠠᠭᠤᠯᠤᠭᠳᠠᠴᠠ ᠨᠢᠭᠡᠨᠲᠡ ᠬᠠᠨᠤᠮᠠᠯ ᠬᠡᠮᠵᠢᠶᠡᠨ ᠳᠤ ᠬᠦᠷᠴᠦ ᠂ | ᠠᠭᠤᠯᠠᠨ ᠦᠶᠡᠷ ᠤᠨ ᠭᠠᠮᠰᠢᠭ ᠤᠨ ᠲᠦᠭᠰᠢᠭᠦᠷᠢ ᠥᠨᠳᠥᠷ ᠪᠠᠶᠢᠵᠤ ᠂ ᠮᠥᠨ ᠬᠦ ᠥᠴᠥᠬᠡᠨ ᠴᠦ ᠰᠤᠯᠠᠷᠠᠭᠤᠯᠵᠤ | ᠪᠤᠯᠬᠤ ᠦᠭᠡᠢ ᠪᠠᠶᠢᠨ᠎ᠠ᠃ ᠣᠨᠴᠠ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠤ ᠪᠠᠶᠢᠳᠠᠯ ᠢᠯᠡᠷᠡᠭᠰᠡᠨ | ᠪᠥᠭᠡᠳ ᠬᠡᠴᠡᠭᠦᠳᠡᠵᠦ ᠪᠠᠶᠢᠭ᠎ᠠ ᠳᠤ ᠮᠥᠨ ᠬᠦ ᠬᠥᠩᠭᠡᠨ ᠬᠠᠭᠤᠮᠠᠭᠠᠢ ᠬᠠᠨᠳᠤᠵᠤ ᠪᠤᠯᠬᠤ ᠦᠭᠡᠢ᠃ ᠡᠯ᠎ᠡ | ᠬᠤᠯᠪᠣᠭᠳᠠᠯ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ ᠂ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂︽ᠴᠠᠭ ᠢᠮᠠᠭᠲᠠ ᠰᠠᠨᠠᠭ᠎ᠠ | ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ | ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ ᠰᠠᠶᠢᠲᠤᠷ ᠬᠢᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠂ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠳᠠᠭᠠᠵᠤ ᠂ ᠴᠠᠭ | ᠠᠭᠤᠷ ᠤᠨ ᠤᠷᠢᠳᠴᠢᠯᠠᠨ ᠰᠡᠷᠡᠮᠵᠢᠯᠡᠭᠦᠯᠭᠦ ᠬᠢᠭᠡᠳ ᠭᠠᠮᠰᠢᠭ ᠢ ᠤᠷᠢᠳᠴᠢᠯᠠᠨ ᠮᠡᠳᠡᠭᠡᠯᠡᠬᠦ ᠶᠢᠨ ᠬᠠᠮᠲᠤᠷᠠᠨ | ᠬᠥᠳᠡᠯᠦᠯᠴᠡᠬᠦ ᠶᠢ ᠤᠯᠠᠮ ᠴᠢᠨᠠᠭᠰᠢᠳᠠ ᠴᠢᠩᠭᠠᠳᠬᠠᠵᠤ ᠂ ᠭᠠᠮᠰᠢᠭ ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠭᠦ ᠶᠢ | ᠲᠣᠪᠤᠶᠢᠯᠭᠠᠨ ᠂ ᠴᠡᠭ ᠴᠡᠭ ᠢᠶᠠᠷ ᠬᠠᠷᠠᠭᠠᠯᠵᠠᠭᠤᠯᠤᠨ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠪᠠ ᠲᠡᠷᠡ ᠳᠠᠷᠤᠢ | ᠳᠤᠨᠢ ᠰᠢᠨᠡᠳᠬᠡᠬᠦ ᠶᠢ ᠰᠠᠶᠢᠲᠤᠷ ᠬᠢᠵᠦ ᠂ ᠤᠷᠢᠳᠴᠢᠯᠠᠨ ᠰᠡᠷᠡᠮᠵᠢᠯᠡᠭᠦᠯᠭᠦ ᠶᠢᠨ ᠴᠢᠭᠯᠡᠯᠲᠦ ᠴᠢᠨᠠᠷ ᠢ ᠴᠢᠩᠭᠠᠷᠠᠭᠤᠯᠤᠨ ᠂ | ᠭᠠᠮᠰᠢᠭ ᠤᠨ ᠰᠡᠷᠡᠮᠵᠢᠯᠡᠭᠦᠯᠤᠯ ᠤᠨ ︽ᠳᠠᠭᠤᠳᠠᠬᠤ ᠬᠠᠷᠢᠭᠤ ᠥᠭᠬᠦ ︾ ᠶᠢ ᠦᠨᠳᠦᠰᠦᠨ ᠱᠠᠲᠤᠨ ᠤ ᠦᠶᠡᠷ ᠢ | ᠰᠡᠷᠭᠡᠶᠢᠯᠡᠬᠦ ᠬᠠᠷᠢᠭᠤᠴᠠᠯᠭᠠᠲᠠᠨ ᠳᠤ ᠰᠢᠭᠤᠳ ᠬᠦᠷᠭᠡᠬᠦ ᠲᠣᠭᠲᠠᠴᠠ ᠶᠢ ᠨᠠᠶᠢᠳᠠᠪᠤᠷᠢᠵᠢᠭᠤᠯᠵᠤ ᠂ ᠤᠷᠢᠳᠴᠢᠯᠠᠨ | ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ ᠂ ᠪᠠᠴᠢᠮ | ᠪᠠᠶᠢᠳᠠᠯ ᠢ ᠠᠷᠭᠠᠴᠠᠭᠠᠬᠤ ᠲᠥᠰᠥᠯ ᠤᠨ ᠠᠵᠢᠯᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠵᠢᠯ ᠤᠨ | ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠰᠡᠷᠭᠡᠶᠢᠯᠡᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ ᠂ ᠰᠠᠪᠠ | ᠭᠠᠵᠠᠷ ᠤᠨ ᠴᠢᠨᠠᠷᠲᠠᠢ ᠶᠡᠭᠡ ᠦᠶᠡᠷ ᠪᠣᠯ ᠦᠶᠡᠷ ᠢ ᠰᠡᠷᠭᠡᠶᠢᠯᠡᠬᠦ ᠠᠵᠢᠯ ᠤᠨ ᠢᠮᠠᠭᠲᠠ ᠶᠢᠨ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠣᠨ᠎ᠠ ᠂ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠲᠣᠬᠢᠷᠠᠭᠤᠯᠬᠤ | ᠠᠵᠢᠯ ᠢ ᠰᠠᠶᠢᠲᠤᠷ ᠲᠥᠯᠥᠪᠵᠢᠭᠦᠯᠵᠦ ᠂ ᠰᠠᠶᠢᠲᠤᠷ ᠨᠠᠶᠢᠳᠠᠪᠤᠷᠢᠵᠢᠭᠤᠯᠵᠤ ᠂ ᠪᠡᠯᠡᠳᠬᠡᠯ ᠲᠥᠰᠥᠯ ᠂ ᠡᠩᠨᠡᠭᠡ ᠂ ᠡᠳ᠋ | ᠪᠣᠳᠠᠰ ᠪᠣᠯᠣᠨ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠨ ᠬᠡᠷᠡᠭᠯᠡᠬᠦ ᠪᠡᠯᠡᠳᠬᠡᠯ ᠢ ᠪᠦᠭᠦ ᠲᠠᠯ᠎ᠠ ᠪᠠᠷ | ᠰᠠᠶᠢᠲᠤᠷ ᠬᠢᠵᠦ ᠂ ᠶᠡᠭᠡ ᠭᠤᠣᠯ ᠮᠥᠷᠡᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ | ᠭᠡᠷᠡᠭᠲᠡᠶ ︔ ᠳᠤᠮᠳᠠ ᠪᠠᠭ᠎ᠠ ᠭᠤᠣᠯ ᠮᠥᠷᠡᠨ ᠤ ᠦᠶᠡᠷ ᠂ ᠳᠤᠮᠳᠠ ᠪᠠᠭ᠎ᠠ ᠤᠰᠤᠨ ᠴᠥᠭᠦᠷᠥᠮ ᠤᠨ ᠦᠶᠡᠷ ᠤᠨ | ᠬᠤᠭᠤᠴᠠᠭ᠎ᠠ ᠶᠢ ᠥᠩᠭᠡᠷᠡᠭᠦᠯᠬᠦ ᠂ ᠠᠭᠤᠯᠠᠨ ᠦᠶᠡᠷ ᠪᠣᠯᠣᠨ ᠭᠠᠵᠠᠷ ᠤᠨ ᠭᠠᠮᠰᠢᠭ ᠂ ᠬᠤᠳᠠ ᠬᠥᠳᠡᠭᠡ ᠶᠢᠨ | ᠤᠰᠤᠲᠤᠯ ᠵᠡᠷᠭᠡ ᠪᠠᠭᠤᠷᠠᠢ ᠭᠤᠭᠴᠤᠭ᠎ᠠ ᠶᠢᠨ ᠦᠶᠡᠷ ᠢ ᠰᠡᠷᠭᠡᠶᠢᠯᠡᠵᠦ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠭᠠᠮᠰᠢᠭ | ᠪᠤᠯᠬᠤ ᠠᠴᠠ ᠨᠢ ᠡᠮᠦᠨ᠎ᠡ ᠠᠷᠢᠯᠭᠠᠬᠤ ᠭᠡᠷᠡᠭᠲᠡᠢ ︔ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠭᠠᠩ ᠬᠠᠭᠰᠠᠷᠠᠭᠠᠨ ᠤᠰᠤᠲᠤᠯ ᠵᠡᠷᠭᠡ ᠪᠠᠷ | ᠡᠭᠦᠰᠬᠦ ᠂ ᠭᠠᠩ ᠬᠠᠭᠰᠠᠷᠠᠭᠠᠨ ᠤᠰᠤᠲᠤᠯ ᠲᠦᠷᠭᠡᠨ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠷᠡᠰ | ᠰᠢᠭᠤᠷᠬᠠᠢ ᠪᠠᠷ ᠰᠢᠯᠵᠢᠭᠦᠯᠦᠨ ᠠᠶᠤᠯ ᠠᠴᠠ ᠵᠠᠶᠢᠯᠠᠭᠤᠯᠵᠤ ᠂ ︽ᠠᠷᠪᠠ ᠤᠳᠠᠭ᠎ᠠ ᠰᠡᠷᠭᠡᠶᠢᠯᠡᠭᠡᠳ ᠶᠢᠰᠦ ᠤᠳᠠᠭ᠎ᠠ | ᠨᠢ ᠬᠤᠭᠤᠰᠤᠨ ᠪᠣᠯᠤᠭᠰᠠᠨ ᠴᠤ ᠰᠡᠷᠭᠡᠶᠢᠯᠡᠯᠲᠡ ᠪᠠᠨ ᠠᠯᠳᠠᠵᠤ ᠪᠤᠯᠬᠤ ᠦᠭᠡᠢ ︾᠂ ᠵᠠᠩᠭᠢᠯᠠᠭ᠎ᠠ ᠶᠢᠨ ᠦᠶ᠎ᠡ ᠳᠤ | ᠠᠶᠤᠯᠲᠠᠢ ᠭᠠᠵᠠᠷ ᠣᠷᠣᠨ ᠤ ᠣᠯᠠᠨ ᠲᠦᠮᠡᠨ ᠢ ᠰᠢᠯᠵᠢᠭᠦᠯᠦᠨ ᠵᠠᠶᠢᠯᠠᠭᠤᠯᠵᠤ ᠂ ᠬᠥᠮᠥᠰ ᠢ ᠰᠢᠯᠵᠢᠭᠦᠯᠦᠨ | ᠠᠶᠤᠯ ᠠᠴᠠ ᠵᠠᠶᠢᠯᠠᠭᠤᠯᠬᠤ ᠪᠡᠯᠡᠳᠬᠡᠯ ᠲᠥᠰᠥᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ ᠂ ᠰᠢᠯᠵᠢᠭᠦᠯᠪᠡᠰᠦ | ᠵᠣᠬᠢᠬᠤ ᠶᠢ ᠨᠢ ᠪᠦᠭᠦᠨ ᠢ ᠰᠢᠯᠵᠢᠭᠦᠯᠵᠦ ᠂ ᠰᠢᠯᠵᠢᠭᠦᠯᠪᠡᠰᠦ ᠵᠣᠬᠢᠬᠤ ᠶᠢ ᠨᠢ ᠡᠷᠲᠡᠬᠡᠨ ᠰᠢᠯᠵᠢᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠂ ᠪᠦᠭᠦ ᠬᠦᠴᠦᠨ ᠢᠶᠠᠷ ᠢᠶᠠᠨ ᠠᠶᠤᠯ ᠠᠴᠠ ᠠᠪᠤᠷᠠᠨ ᠲᠤᠰᠠᠯᠠᠵᠤ ᠂ ᠤᠯᠤᠰ ᠤᠨ | ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠂ ᠴᠢᠯᠦᠭᠡᠯᠡᠬᠦ | ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ | ᠪᠣᠯᠣᠨ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠦᠴᠦᠨ ᠢ | ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠂ ᠰᠢᠨᠵᠢᠯᠡᠬᠦ | ᠤᠬᠠᠭᠠᠨᠴᠢ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ ᠂ ᠪᠦᠭᠦ ᠬᠦᠴᠦᠨ ᠢᠶᠠᠷ ᠢᠶᠠᠨ ᠬᠠᠰᠢᠯᠭ᠎ᠠ ᠶᠢ | ᠪᠠᠬᠢᠯᠡᠨ ᠠᠶᠤᠯ ᠢ ᠠᠷᠢᠯᠭᠠᠵᠤ ᠂ ᠬᠠᠰᠢᠭᠳᠠᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠠᠪᠤᠷᠠᠵᠤ ᠂ ᠪᠠᠷ᠎ᠠ ᠰᠤᠷᠠᠭ | ᠦᠭᠡᠢ ᠪᠣᠯᠤᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ ᠂ ᠬᠥᠮᠥᠨ ᠬᠠᠷ᠎ᠠ ᠶᠢᠨ ᠠᠳᠡᠯ | ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠭᠡᠷᠡᠭᠲᠡᠢ ︔ ᠪᠠᠭᠤᠷᠠᠶ ᠬᠠᠰᠢᠯᠭ᠎ᠠ ᠂ ᠵᠠᠩᠭᠢᠯᠠᠭ᠎ᠠ ᠶᠢᠨ | ᠬᠠᠰᠢᠯᠭ᠎ᠠ ᠶᠢ ᠤᠷᠢᠳᠴᠢᠯᠠᠨ ᠪᠠᠬᠢᠵᠢᠭᠦᠯᠦᠨ ᠳᠡᠭᠡᠭᠰᠢᠯᠡᠭᠦᠯᠵᠦ ᠂ ᠲᠤᠰᠬᠠᠢ ᠬᠦᠴᠦᠨ ᠢ ᠲᠣᠬᠢᠷᠠᠭᠤᠯᠤᠨ ᠲᠠᠰᠤᠷᠠᠯᠲᠠ | ᠦᠭᠡᠢ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠵᠤ ᠂ ᠤᠰᠤ ᠣᠷᠭᠢᠯᠬᠤ ᠂ ᠬᠠᠰᠢᠯᠭ᠎ᠠ ᠰᠡᠳᠡᠷᠡᠭᠦ ᠵᠡᠷᠭᠡ | ᠬᠦᠨᠳᠦ ᠶᠡᠭᠡ ᠲᠦᠭᠰᠢᠭᠦᠷᠢᠲᠦ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠂ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠠᠨ ᠲᠦᠮᠡᠨ ᠢ ᠵᠣᠬᠢᠰᠲᠠᠢ ᠲᠥᠪᠬᠢᠨᠡᠭᠦᠯᠵᠦ ᠂ | ᠡᠨᠡ ᠤᠳᠠᠭ᠎ᠠ ᠶᠢᠨ ᠭᠠᠮᠰᠢᠭ ᠤᠨ ᠬᠡᠪᠴᠢᠶ᠎ᠡ ᠥᠷᠭᠡᠨ ᠂ ᠦᠶᠡᠷ ᠢ ᠲᠣᠭᠲᠠᠭᠠᠬᠤ ᠣᠷᠣᠨ ᠢ ᠡᠬᠢᠯᠡᠨ ᠬᠡᠷᠡᠭᠯᠡᠭᠰᠡᠨ ᠨᠢ | ᠤᠯᠠᠨ ᠂ ᠰᠢᠯᠵᠢᠭᠦᠯᠦᠨ ᠲᠥᠪᠬᠢᠨᠡᠭᠦᠯᠦᠭᠰᠡᠨ ᠤᠯᠠᠨ ᠲᠦᠮᠡᠨ ᠨᠢ ᠤᠯᠠᠨ ᠪᠠᠶᠢᠵᠤ ᠂ ᠠᠷᠭ᠎ᠠ ᠪᠦᠭᠦᠨ ᠢ | ᠰᠦᠪᠡᠭᠴᠢᠯᠡᠵᠦ ᠪᠠᠶᠢᠭᠠᠳ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ ᠂ | ᠣᠷᠴᠢᠨ ᠲᠣᠭᠤᠷᠢᠨ ᠢ ᠠᠷᠢᠭᠤᠳᠬᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠂ | ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ ᠂ | ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ | ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ ᠂ ᠰᠡᠷᠭᠦᠭᠡᠨ ᠳᠠᠭᠢᠨ | ᠪᠦᠲᠦᠭᠡᠨ ᠪᠠᠶᠢᠭᠤᠯᠬᠤ ᠶᠢ ᠲᠦᠷᠭᠡᠳᠬᠡᠵᠦ ᠂ ᠵᠠᠮ ᠬᠠᠷᠢᠯᠴᠠᠭ᠎ᠠ ᠂ ᠴᠢᠮᠡᠭᠡ ᠬᠤᠯᠪᠤᠭ᠎ᠠ ᠂ ᠴᠠᠭᠢᠯᠭᠠᠨ ᠬᠦᠴᠦ ᠵᠡᠷᠭᠡ | ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠰᠡᠯᠪᠢᠨ ᠵᠠᠰᠠᠵᠤ ᠂ ᠭᠠᠮᠰᠢᠭ ᠲᠤ ᠡᠪᠳᠡᠭᠳᠡᠭᠰᠡᠨ | ᠲᠠᠷᠢᠶᠠᠨ ᠭᠠᠵᠠᠷ ᠪᠣᠯᠣᠨ ᠲᠠᠷᠢᠶᠠᠯᠠᠩ ᠤᠨ ᠲᠥᠬᠦᠭᠡᠷᠦᠮᠵᠢ ᠶᠢ ᠱᠠᠯᠠᠪᠳᠠᠭᠤᠯᠤᠨ ᠰᠡᠷᠭᠦᠭᠡᠨ ᠵᠠᠰᠠᠵᠤ ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ ᠂ | ᠲᠠᠷᠢᠶᠠᠴᠢᠳ ᠤᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ ᠂ ᠲᠠᠷᠢᠶᠠᠴᠢᠳ ᠢ ᠵᠣᠬᠢᠶᠠᠨ | ᠪᠠᠶᠢᠭᠤᠯᠵᠤ ᠢᠳᠡᠪᠬᠢᠲᠡᠢ ᠪᠠᠷ ᠨᠥᠬᠦᠨ ᠲᠠᠷᠢᠵᠤ ᠠᠪᠤᠷᠠᠨ ᠲᠤᠰᠠᠯᠠᠵᠤ ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠰᠤᠷᠭᠠᠭᠤᠯᠢ ᠂ | ᠡᠮᠨᠡᠯᠭᠡ ᠶᠢᠨ ᠬᠤᠷᠢᠶ᠎ᠠ ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢ | ᠰᠡᠷᠭᠦᠭᠡᠨ ᠲᠠᠭᠢᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ ᠂ ᠭᠠᠮᠰᠢᠭᠳᠠᠭᠰᠠᠨ ᠰᠤᠷᠤᠬᠴᠢᠳ ᠤᠨ | ᠴᠠᠭ ᠲᠠᠭᠠᠨ ᠰᠤᠷᠭᠠᠭᠤᠯᠢ ᠡᠬᠢᠯᠡᠵᠦ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠲᠤ | ᠡᠪᠳᠡᠭᠳᠡᠭᠰᠡᠨ ᠭᠡᠷ ᠪᠠᠶᠢᠰᠢᠩ ᠢ ᠵᠠᠰᠠᠨ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠦᠳᠲᠡᠷ ᠲᠦᠷᠭᠡᠨ | ᠡᠬᠢᠯᠡᠭᠦᠯᠵᠦ ᠂ ᠭᠠᠮᠰᠢᠭᠳᠠᠭᠰᠠᠨ ᠣᠯᠠᠨ ᠲᠦᠮᠡᠨ ᠤ ᠡᠪᠦᠯ ᠣᠷᠣᠬᠤ ᠠᠴᠠ ᠡᠮᠦᠨ᠎ᠡ ᠭᠡᠷ ᠲᠡᠭᠡᠨ ᠬᠠᠷᠢᠬᠤ ᠪᠤᠶᠤ | ᠰᠢᠨ᠎ᠡ ᠣᠷᠣᠨ ᠰᠠᠭᠤᠴᠠ ᠳᠤ ᠨᠡᠭᠦᠵᠦ ᠣᠷᠣᠬᠤ ᠂ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠳᠡᠰ ᠳᠠᠷᠠᠭᠠᠯᠠᠯ ᠢ | ᠰᠢᠯᠢᠳᠡᠭᠵᠢᠭᠦᠯᠦᠨ ᠳᠥᠭᠦᠮᠴᠢᠯᠡᠵᠦ ᠂ ᠭᠠᠮᠰᠢᠭᠳᠠᠭᠰᠠᠨ ᠭᠠᠵᠠᠷ ᠣᠷᠣᠨ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠭᠦ ᠪᠠ ᠳᠠᠭᠠᠳᠬᠠᠯ ᠤᠨ ᠲᠥᠯᠥᠪᠦᠷᠢ ᠥᠭᠬᠦ ᠶᠢ ᠴᠢᠩᠭᠠᠳᠬᠠᠬᠤ ᠶᠢᠨ ᠬᠠᠮᠲᠤ ᠲᠦᠭᠰᠢᠭᠦᠷᠢ ᠶᠢᠨ ᠳᠠᠯᠳᠠ | ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠭᠠᠮᠰᠢᠭᠳᠠᠭᠰᠠᠨ ᠣᠯᠠᠨ ᠲᠦᠮᠡᠨ ᠪᠠ | ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠬᠦᠴᠢᠷ ᠢ ᠳᠤᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠳ᠋ᠦᠩᠨᠡᠵᠦ ᠂ ᠳᠤᠲᠠᠭᠤᠳᠠᠯ ᠢᠶᠠᠨ ᠲᠦᠷᠭᠡᠨ | ᠨᠥᠬᠦᠪᠦᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠂ ᠮᠠᠨ ᠤ ᠤᠯᠤᠰ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ᠃ ᠡᠯ᠎ᠡ | ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠰᠢᠰᠲ᠋ᠧᠮ ᠢ ᠴᠢᠨᠠᠭᠰᠢᠳᠠ ᠪᠠᠶᠢᠭᠤᠯᠤᠨ | ᠬᠦᠴᠦᠷᠬᠡᠭᠵᠢᠭᠦᠯᠵᠦ ᠂ ᠲᠣᠬᠢᠷᠠᠭᠤᠯᠤᠨ ᠵᠢᠯᠤᠭᠤᠳᠬᠤ ᠂ ᠵᠥᠪᠳᠡᠯᠴᠡᠨ ᠰᠤᠳᠤᠯᠤᠨ ᠮᠠᠭᠠᠳᠯᠠᠬᠤ ᠂ ᠲᠤᠬᠠᠶᠢᠯᠠᠭᠰᠠᠨ | ᠠᠵᠢᠯ ᠤᠨ ᠪᠠᠲᠤᠯᠠᠭ᠎ᠠ ᠵᠡᠷᠭᠡ ᠲᠤᠨᠤᠭ ᠲᠥᠬᠦᠭᠡᠷᠦᠮᠵᠢ ᠪᠠ ᠰᠢᠰᠲ᠋ᠧᠮ ᠢ ᠲᠡᠭᠦᠯᠳᠡᠷᠵᠢᠭᠦᠯᠦᠨ ᠂ ᠳᠡᠭᠡᠳᠦ ᠳᠣᠣᠷᠠᠳᠤ | ᠱᠠᠲᠤ ᠨᠡᠪᠲᠡᠷᠡᠯᠴᠡᠭᠰᠡᠨ ᠂ ᠨᠢᠭᠡ ᠴᠣᠭᠴᠠᠵᠢᠭᠤᠯᠤᠨ ᠠᠷᠭᠠᠴᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ | ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠥᠪ ᠤᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠭᠦᠢᠴᠡᠳᠬᠡᠬᠦ ᠳᠤ | ᠰᠠᠭᠤᠷᠢᠯᠠᠵᠤ ᠂ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ | ᠬᠡᠷᠡᠭᠴᠡᠭᠡ ᠶᠢ ᠲᠤᠪᠤᠶᠢᠯᠭᠠᠵᠤ ᠂ ᠣᠷᠣᠨ ᠪᠦᠰᠡ ᠶᠢᠨ ᠠᠪᠤᠷᠠᠨ ᠲᠤᠰᠠᠯᠠᠬᠤ ᠵᠢᠩᠬᠢᠨᠢ ᠪᠠᠶᠢᠯᠳᠤᠭᠠᠨ ᠤ ᠴᠢᠳᠠᠪᠤᠷᠢ ᠶᠢ | ᠲᠦᠷᠭᠡᠨ ᠪᠦᠷᠢᠯᠳᠦᠭᠦᠯᠬᠦ ᠬᠡᠷᠡᠭᠲᠡᠢ᠃ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ ᠵᠢᠷᠤᠮᠵᠢᠭᠤᠯᠵᠤ ᠂ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠪᠣᠯᠣᠨ ᠠᠶᠤᠯ | ᠲᠦᠭᠰᠢᠭᠦᠷᠢ ᠶᠡᠬᠡᠲᠡᠢ ᠰᠢᠶᠠᠩ ᠪᠠᠯᠭᠠᠰᠤ ᠂ ᠲᠣᠰᠬᠤᠨ ᠳᠤᠭᠤᠶᠢᠯᠠᠩ ᠳᠤ ᠴᠢᠬᠤᠯᠠ ᠪᠦᠬᠦᠢ ᠲᠣᠨᠣᠭᠯᠠᠯ | ᠲᠣᠬᠢᠷᠠᠭᠤᠯᠤᠨ ᠥᠭᠴᠦ ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ᠃ ᠰᠠᠪᠠ ᠭᠠᠵᠠᠷ ᠢᠯᠠᠩᠭᠤᠶ᠎ᠠ ᠤᠮᠠᠷᠠᠲᠤ ᠣᠷᠣᠨ ᠤ ᠭᠤᠣᠯ ᠪᠤᠯᠬᠤ ᠭᠤᠣᠯ ᠮᠥᠷᠡᠨ ᠤ | ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ ᠂ | ᠦᠶᠡᠷ ᠢ ᠲᠣᠭᠲᠠᠭᠠᠬᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠪᠣᠯᠣᠨ ᠠᠵᠢᠯᠯᠠᠭᠠᠨ ᠤ ᠬᠠᠮᠢᠶᠠᠷᠤᠯᠲᠠ ᠶᠢ | ᠴᠢᠩᠭᠠᠳᠬᠠᠵᠤ ᠂ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠪᠦᠬᠦᠶᠢᠯᠡ ᠴᠣᠭᠴᠠ ᠪᠠᠷ ᠨᠢ ᠳᠡᠭᠡᠭᠰᠢᠯᠡᠭᠦᠯᠭᠦ | ᠬᠡᠷᠡᠭᠲᠡᠢ᠃ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢᠨ ᠲᠥᠯᠦᠪᠵᠢᠭᠦᠯᠭᠡ ᠪᠣᠯᠣᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠤᠳᠠ ᠶᠢᠨ ᠤᠰᠤ ᠵᠠᠯᠠᠬᠤ ᠬᠤᠭᠤᠯᠠᠢ ᠶᠢᠨ ᠲᠣᠣᠷ ᠵᠡᠷᠭᠡ ᠰᠠᠭᠤᠷᠢ | ᠲᠥᠬᠦᠭᠡᠷᠦᠮᠵᠢ ᠶᠢᠨ ᠠᠵᠢᠯᠯᠠᠭᠠᠨ ᠤ ᠴᠢᠳᠠᠪᠤᠷᠢ ᠶᠢ ᠰᠢᠨᠡᠳᠬᠡᠨ ᠳᠡᠭᠡᠭᠰᠢᠯᠡᠭᠦᠯᠵᠦ ᠂ ᠭᠤᠣᠯ ᠤᠨ ᠬᠡᠪᠡᠯᠢ ᠶᠢᠨ | ᠤᠰᠤᠲᠤᠯ ᠢ ᠵᠠᠯᠠᠬᠤ ᠢᠨᠵᠧᠨᠧᠷᠢᠩ ᠲᠠᠢ ᠪᠦᠲᠦᠮᠵᠢᠲᠡᠢ ᠵᠣᠯᠭᠠᠭᠤᠯᠵᠤ ᠂ ᠬᠤᠳᠠ ᠶᠢᠨ ᠭᠤᠣᠯ ᠤᠰᠤ ᠵᠠᠯᠠᠬᠤ | ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ ᠂ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠤᠳᠤᠷᠢᠳᠬᠤ ᠺᠠᠳ᠋ᠷᠴᠤᠳ ᠡᠮᠦᠨ᠎ᠡ ᠹᠷᠣᠨᠲ ᠲᠤ | ᠣᠴᠢᠵᠤ ᠵᠢᠯᠣᠭᠤᠳᠤᠨ ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ | ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠡᠩᠨᠡᠭᠡ ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠴᠤᠴᠠᠯᠲᠠ ᠦᠭᠡᠢ | ᠤᠷᠤᠭᠰᠢᠯᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ ᠵᠢᠱᠢᠶᠡᠴᠢ ᠦᠢᠯᠡᠳᠦᠯ ᠢᠶᠠᠨ | ᠭᠦᠢᠴᠡᠳ ᠪᠠᠳᠠᠷᠠᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ | ᠹᠷᠣᠨᠲ ᠲᠤ ᠬᠦᠨᠳᠦ ᠡᠭᠦᠷᠭᠡ ᠶᠢ ᠡᠭᠦᠷᠭᠡᠯᠡᠵᠦ ᠂ ᠬᠤᠰᠢᠭᠤᠴᠢ ᠪᠣᠯᠵᠤ ᠂ ᠲᠦᠷᠦᠭᠦᠯᠡᠨ ᠠᠵᠢᠯᠯᠠᠵᠤ ᠂ ᠠᠷᠠᠳ | ᠲᠦᠮᠡᠨ ᠳᠤ ᠴᠢᠩᠭ᠎ᠠ ᠲᠦᠰᠢᠭᠯᠡᠵᠦ ᠂ ᠨᠠᠮ ᠤᠨ ᠤᠯᠤᠰ ᠲᠥᠷᠥ ᠶᠢᠨ ᠳᠠᠪᠠᠭᠤᠯᠢᠭ ᠂ ᠵᠣᠬᠢᠶᠠᠨ ᠪᠠᠶᠢᠭᠤᠯᠤᠯᠲᠠ ᠶᠢᠨ | ᠳᠠᠪᠠᠭᠤᠯᠢᠭ ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠦᠶᠡᠷ ᠢ ᠰᠡᠷᠭᠡᠶᠢᠯᠡᠵᠦ ᠭᠠᠮᠰᠢᠭ ᠠᠴᠠ | ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠤᠯᠤᠰ | ᠲᠥᠷᠥ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |