ᠯᠢ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠱᠠᠭᠪᠠᠽᠢ ᠳᠤ ᠲᠣᠬᠤᠨᠢᠭᠤᠯᠬᠤ ᠴᠠᠬᠢᠯᠭᠠᠨ ᠴᠢᠮᠡᠭᠡ | ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 1 ᠤ ᠴᠠᠬᠢᠯᠭᠠᠨ ᠮᠡᠳᠡᠭᠡ 8 ᠰᠠᠷ᠎ᠠ ᠶᠢᠨ 1 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠺᠢᠰᠲ᠋ᠠᠨ ᠳᠤ ᠪᠡᠶ᠎ᠡ ᠪᠠᠨ ᠬᠤᠣᠷᠯᠠᠬᠤ ᠮᠠᠶ᠋ᠢᠭ ᠤᠨ ᠳᠡᠯᠪᠡᠴᠢᠬᠦ | ᠪᠥᠮᠪᠦᠭᠡ ᠶᠢᠨ ᠳᠠᠭᠠᠷᠢᠯᠲᠠ ᠶᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ | ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠵᠠᠢ᠃ | ᠰᠢ ᠶᠢᠨ ᠫᠢᠩ᠂ ᠡᠷᠬᠢᠮ ᠤᠯᠤᠰ ᠤᠨ ᠺᠠᠶᠢᠫᠦ᠋ ᠮᠤᠵᠢ ᠳᠤ ᠪᠡᠶ᠎ᠡ ᠪᠠᠨ ᠬᠤᠣᠷᠯᠠᠬᠤ ᠮᠠᠶ᠋ᠢᠭ ᠤᠨ | ᠳᠡᠯᠪᠡᠷᠡᠯᠲᠡ ᠶᠢᠨ ᠳᠠᠭᠠᠷᠢᠯᠲᠠ ᠶᠢᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ | ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ | ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ | ᠠᠳᠡᠭᠰᠡᠳ ᠤᠨ ᠭᠡᠷ ᠪᠦᠯᠢ ᠪᠣᠯᠣᠨ ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ | ᠢᠯᠡᠳᠬᠡᠪᠡ᠃ | ᠰᠢ ᠶᠢᠨ ᠫᠢᠩ᠂ ᠳᠤᠮᠳᠠᠳᠤ ᠤᠯᠤᠰ ᠠᠯᠢᠪᠠ ᠬᠡᠯᠪᠡᠷᠢ ᠶᠢᠨ ᠰᠦᠷᠳᠡᠭᠦᠯᠬᠦ ᠦᠵᠡᠯ ᠢ ᠡᠰᠡᠷᠭᠦᠴᠡᠵᠦ᠂ ᠡᠨᠡ | ᠤᠳᠠᠭ᠎ᠠ ᠶᠢᠨ ᠳᠠᠭᠠᠷᠢᠯᠲᠠ ᠶᠢᠨ ᠬᠡᠷᠡᠭ ᠢ ᠴᠢᠩᠭ᠎ᠠ ᠵᠢᠮᠡᠯᠡᠨ ᠪᠤᠷᠤᠭᠤᠰᠢᠶᠠᠵᠤ᠂ ᠫᠠᠺᠢᠰᠲ᠋ᠠᠨ ᠤ ᠤᠯᠤᠰ ᠤᠨ | ᠰᠦᠷᠳᠡᠭᠦᠯᠦᠯ ᠢ ᠡᠰᠡᠷᠭᠦᠴᠡᠬᠦ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠡᠷᠡᠰ ᠳᠡᠮᠵᠢᠵᠦ᠂ ᠲᠣᠰ ᠭᠠᠵᠠᠷ | ᠣᠷᠣᠨ ᠵᠢᠴᠢ ᠳᠡᠯᠡᠬᠡᠢ ᠶᠢᠨ ᠡᠩᠬᠡ ᠲᠠᠶᠢᠪᠤᠩ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠭᠡᠵᠦ | ᠴᠢᠬᠤᠯᠠᠴᠢᠯᠠᠪᠠ᠃ | ᠲᠣᠰ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠫᠠᠺᠢᠰᠲ᠋ᠠᠨ ᠤ | ᠶᠡᠷᠦᠩᠬᠡᠢ ᠰᠠᠶᠢᠳ ᠱᠠᠭᠪᠠᠽᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃ | |