ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠦᠷᠢᠮ
ᠨᠡᠶᠢᠲᠡᠯᠡᠭᠰᠡᠨ ᠴᠠᠭ᠄
2023/8/2
  ︵2023  ᠤᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯ ᠠᠴᠠ ᠪᠠᠲᠤᠯᠠᠪᠠ︶  ᠨᠢᠭᠡᠳᠦᠭᠡᠷ ᠪᠦᠯᠦᠭ ᠶᠡᠷᠦᠩᠬᠡᠶ ᠳᠦᠷᠢᠮ  ᠨᠢᠭᠡᠳᠦᠭᠡᠷ ᠵᠤᠷᠪᠤᠰ  ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠦᠨ᠂ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃  ᠬᠤᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠠᠵᠢᠯ ᠵᠢᠴᠢ ᠬᠠᠮᠢᠶ᠎ᠠ ᠪᠥᠬᠦᠶ ᠠᠵᠢᠯᠯᠠᠭ᠎ᠠ ᠳᠤ ᠲᠣᠰ ᠲᠦᠷᠢᠮ ᠳᠣᠭᠢᠷᠠᠨ᠎ᠠ᠃  ᠭᠤᠷᠪᠠᠳᠤᠭᠠᠷ ᠵᠤᠷᠪᠤᠰ  ᠤᠯᠤᠰ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ   ᠪᠠᠷᠢᠮᠲᠠᠯᠠᠨ᠎ᠠ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠬᠦ ᠬᠡᠷᠡᠭᠲᠡᠶ᠂ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠶ᠎ᠠ᠂ ᠨᠢᠭᠡᠳᠦᠯᠲᠡᠶ ᠲᠥᠯᠥᠪᠯᠡᠬᠦ ᠶᠢ ᠵᠢᠷᠤᠮᠯᠠᠬᠤ᠂ ᠳᠦᠷᠢᠮ ᠤᠨ ᠵᠢᠯᠣᠭᠤᠳᠤᠮᠵᠢ᠂ ᠳᠠᠪᠠᠭᠤᠯᠢᠭ ᠬᠥᠮᠦᠵᠢᠭᠦᠯᠬᠦ᠂ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ ᠂ ᠬᠠᠮᠵᠢᠯᠴᠠᠨ ᠬᠥᠭᠵᠢᠬᠦ ᠵᠠᠷᠴᠢᠮ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠴᠣᠭᠴᠠᠯᠠᠬᠤ ᠴᠢᠬᠤᠯᠠ ᠵᠠᠩᠭᠢᠯᠠᠭ᠎ᠠ ᠶᠢᠨ ᠴᠡᠭ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠪᠠᠶᠢᠯᠳᠤᠬᠤ ᠪᠤᠳᠤᠯᠭ᠎ᠠ ᠶᠢᠨ ᠲᠤᠯᠬᠤ ᠴᠡᠭ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠤᠨ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠨ᠎ᠠ᠃  ᠳᠥᠷᠪᠡᠳᠦᠭᠡᠷ ᠵᠤᠷᠪᠤᠰ  ᠤᠯᠤᠰ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠳᠤ ᠲᠥᠯᠥᠪᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠠ ᠵᠡᠭᠦᠨ ᠭᠤᠷᠪᠠᠨ ᠮᠣᠵᠢ ᠯᠤᠭ᠎ᠠ ᠶᠢᠨ ᠬᠤᠯᠪᠣᠭᠠᠯᠠᠨ ᠨᠡᠪᠲᠡᠷᠡᠯᠴᠡᠬᠦ ᠶᠢ ᠴᠢᠩᠭᠠᠳᠬᠠᠵᠤ᠂ ᠧᠦ᠋ᠷᠣᠫᠠ ᠲᠢᠪ᠂ ᠵᠡᠭᠦᠨ ᠬᠤᠶᠢᠲᠤ ᠠᠽᠢᠶ᠎ᠠ᠂ ᠳᠤᠮᠳᠠ ᠪᠠᠷᠠᠭᠤᠨ ᠠᠽᠢᠶ᠎ᠠ ᠵᠡᠷᠭᠡ ᠤᠯᠤᠰ ᠠᠴᠠ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ ᠤᠯᠤᠰ ᠠᠴᠠ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠠᠩ ᠰᠠᠶᠢᠨ ᠠᠭᠤᠰᠤᠯᠴᠠᠵᠤ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠠᠶᠢᠭᠤᠯᠵᠤ᠂ ᠤᠯᠤᠰ ᠠᠴᠠ ᠤᠮᠠᠷᠠᠰᠢ ᠨᠡᠭᠡᠭᠡᠯᠲᠡ ᠬᠢᠬᠦ ᠶᠢ ᠦᠢᠯᠡᠴᠢᠯᠡᠬᠦ ᠪᠠ ᠠᠬᠢᠭᠤᠯᠤᠨ᠎ᠠ᠃  ᠲᠠᠪᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ᠂ ᠵᠢᠯᠣᠭᠤᠳᠤᠨ ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠵᠡᠷᠭᠡ ᠡᠯ᠎ᠡ ᠵᠤᠷᠪᠤᠰ ᠤᠨ ᠠᠵᠢᠯ ᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠠ ᠴᠢᠬᠤᠯᠠ  ᠵᠦᠢᠯᠡᠰ ᠢ ᠰᠤᠳᠤᠯᠤᠨ ᠰᠢᠢᠳᠪᠦᠷᠢᠯᠡᠨ᠎ᠡ᠃  ᠵᠢᠷᠭᠤᠳᠤᠭᠠᠷ ᠵᠤᠷᠪᠤᠰ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃  ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠭᠠᠳᠠᠭᠠᠳᠤ ᠶᠠᠪᠤᠳᠠᠯ᠂ ᠪᠣᠭᠤᠮᠲᠠ᠂ ᠬᠢᠯᠢ ᠪᠠᠷ ᠭᠠᠷᠴᠤ ᠣᠷᠣᠬᠤ ᠬᠢᠯᠢ ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃  ᠠᠷᠠᠯᠵᠢᠶ᠎ᠠ ᠶᠢ ᠠᠬᠢᠭᠤᠯᠬᠤ ᠡᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠠᠶᠢᠭᠤᠯᠬᠤ ᠠᠵᠢᠯ ᠳᠤ ᠬᠠᠤᠯᠢ ᠶᠣᠰᠣᠭᠠᠷ ᠣᠷᠣᠯᠴᠠᠵᠤ᠂ ᠣᠯᠠᠨ ᠤᠯᠤᠰ ᠤᠨ ᠬᠤᠳᠠᠯᠳᠤᠭᠠᠴᠢᠳ ᠤᠨ ᠨᠡᠶᠢᠭᠡᠮᠯᠢᠭ ᠯᠦᠭᠡ ᠶᠢᠨ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠨ᠂ ᠭᠠᠳᠠᠭᠠᠳᠤ ᠠᠵᠤ ᠠᠬᠤᠶ ᠠᠷᠠᠯᠵᠢᠶᠠᠨ ᠤ ᠠᠵᠢᠯᠯᠠᠭ᠎ᠠ ᠶᠢ ᠠᠬᠢᠭᠤᠯᠬᠤ ᠬᠡᠷᠡᠭᠲᠡᠶ᠃  ᠳᠣᠯᠣᠳᠤᠭᠠᠷ ᠵᠤᠷᠪᠤᠰ  ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠬᠠᠮᠢᠶ᠎ᠠ ᠪᠥᠬᠦᠶ ᠠᠵᠢᠯᠯᠠᠭ᠎ᠠ ᠳᠤ ᠬᠠᠤᠯᠢ ᠶᠣᠰᠣᠭᠠᠷ ᠣᠷᠣᠯᠴᠠᠨ᠎ᠠ᠃  ᠬᠤᠶᠠᠳᠤᠭᠠᠷ ᠪᠦᠯᠦᠭ ᠬᠥᠭᠦᠷᠭᠡᠨ ᠪᠠᠬᠢᠯᠡᠯᠲᠡ ᠶᠢᠨ ᠴᠢᠳᠠᠮᠵᠢ ᠶᠢ ᠳᠡᠭᠡᠭᠰᠢᠯᠡᠭᠦᠯᠦᠨ᠎ᠡ  ᠨᠠᠢᠮᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠢ ᠨᠥᠯᠥᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠬᠦᠴᠦᠨ ᠵᠤᠷᠪᠤᠰ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠥᠬᠦ ᠣᠷᠣᠨ ᠪᠦᠰᠡ ᠶᠢᠨ ᠨᠡᠭᠡᠭᠡᠯᠲᠡ ᠬᠢᠬᠦ ᠲᠠᠪᠴᠠᠩ ᠢ ᠲᠦᠷᠭᠡᠳᠬᠡᠨ ᠪᠠᠶᠢᠭᠤᠯᠵᠤ᠂ ᠨᠡᠭᠡᠭᠡᠯᠲᠡ ᠬᠢᠬᠦ ᠲᠣᠮᠣ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠣᠷᠣᠨ ᠪᠠᠶᠢᠷᠢ ᠶᠢᠨ ᠳᠠᠪᠠᠭᠤᠯᠢᠭ ᠢ ᠨᠡᠭᠡᠭᠡᠯᠲᠡ ᠬᠢᠬᠦ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃  ᠶᠢᠰᠦᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠬᠦᠴᠦᠨ ᠴᠢᠳᠠᠪᠤᠷᠢ ᠲᠠᠢ᠂ ᠣᠶᠤᠨᠴᠢ᠂ ᠬᠠᠤᠯᠢ ᠪᠠᠷ ᠵᠠᠰᠠᠬᠤ᠂ ᠪᠣᠬᠢᠷᠲᠤᠯ ᠥᠬᠡᠶ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠣᠷᠣᠨ ᠤ ᠡᠯ᠎ᠡ ᠪᠣᠭᠤᠮᠲᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ᠂ ᠬᠥᠭᠵᠢᠯᠲᠡ ᠳᠤ ᠲᠥᠷᠥᠯ ᠬᠤᠪᠢᠶᠠᠨ ᠵᠢᠯᠣᠭᠤᠳᠬᠤ ᠪᠠ ᠲᠥᠯᠥᠪᠵᠢᠭᠦᠯᠬᠦ ᠶᠢ ᠭᠤᠤᠯᠳᠠᠯᠭ᠎ᠠ ᠲᠠᠢ ᠬᠡᠷᠡᠭᠵᠢᠭᠦᠯᠦᠨ᠂ ᠨᠡᠭᠡᠭᠡᠯᠲᠡ ᠶᠢ ᠥᠷᠭᠡᠳᠬᠡᠬᠦ᠂ ᠪᠥᠲᠥᠭᠡᠨ ᠪᠠᠶᠢᠭᠤᠯᠤᠯᠲᠠ ᠶᠢᠨ    ᠣᠷᠣᠭᠤᠯᠤᠯᠲᠠ᠂ ᠴᠢᠳᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠵᠦᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠂ ᠪᠣᠭᠤᠮᠲᠠ ᠶᠢᠨ ᠠᠳᠠᠯᠢ ᠴᠢᠨᠠᠷᠵᠢᠭᠤᠨ ᠥᠷᠢᠰᠥᠯᠳᠦᠬᠦ᠂ ᠲᠤᠰᠠᠭᠠᠷᠯᠠᠨ ᠠᠵᠢᠯᠯᠠᠬᠤ ᠠᠴᠠ ᠵᠠᠶᠢᠯᠠᠰᠬᠢᠨ᠂ ᠪᠣᠭᠤᠮᠲᠠ ᠶᠢᠨ ᠪᠥᠭᠡᠮᠨᠡᠷᠡᠬᠦ᠂ ᠨᠥᠯᠥᠭᠡᠯᠡᠬᠦ ᠴᠢᠳᠠᠮᠵᠢ ᠪᠠ ᠣᠯᠠᠨ ᠤᠯᠤᠰ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃  ᠠᠷᠪᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠣᠭᠤᠮᠲᠠ ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠬᠢ ᠪᠠᠶᠠᠯᠢᠭ ᠤᠨ ᠣᠭ ᠰᠤᠷᠪᠤᠯᠵᠢ ᠪᠠ ᠪᠣᠳᠠᠲᠠᠶ ᠨᠥᠬᠦᠴᠡᠯ ᠢᠶᠠᠨ ᠦᠨᠳᠦᠰᠦᠯᠡᠨ ᠪᠣᠭᠤᠮᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠠᠮᠠ ᠶᠢᠨ ᠠᠵᠤ  ᠦᠢᠯᠡᠰ ᠤᠨ ᠲᠥᠪᠯᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠣᠭᠤᠮᠲᠠ ᠶᠢᠨ ᠴᠢᠳᠠᠮᠵᠢ ᠳᠠᠬᠢ ᠪᠣᠭᠤᠮᠲᠠ ᠶᠢᠨ ᠬᠤᠲᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠬᠤ ᠬᠡᠷᠡᠭᠲᠡᠶ᠃  ᠠᠷᠪᠠᠨ ᠨᠢᠭᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠶᠢᠯᠡᠭᠰᠡᠨ ᠵᠠᠩᠭᠢᠯᠠᠭ᠎ᠠ ᠪᠣᠭᠤᠮᠲᠠ ᠶᠢ ᠡᠩ ᠲᠡᠷᠢᠭᠦᠨ  ᠳᠤ ᠪᠥᠳᠥᠭᠡᠨ ᠪᠠᠶᠢᠭᠤᠯᠵᠤ᠂ ᠪᠣᠭᠤᠮᠲᠠ ᠶᠢᠨ ᠨᠡᠪᠳᠡᠷᠡᠯ ᠵᠠᠮ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠤᠯᠤᠰ ᠤᠨ ᠠᠷᠠᠯᠵᠢᠶ᠎ᠠ᠂ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠬᠦ᠂ ᠡᠳ᠋ᠰᠢᠭᠦᠯᠵᠦ ᠦᠢᠯᠡᠳᠬᠦ ᠪᠠᠷ ᠤᠳᠤᠷᠢᠳᠤᠮᠵᠢ ᠪᠣᠯᠭᠠᠵᠤ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ᠂ ᠠᠵᠤ ᠦᠢᠯᠡᠰ᠂ ᠪᠠᠷᠠᠭ᠎ᠠ ᠶᠢᠨ ᠭᠦᠢᠯᠭᠡᠭᠡᠨ᠂ ᠬᠥᠮᠥᠷᠭᠡᠯᠡᠬᠦ ᠵᠡᠷᠭᠡ ᠰᠠᠭᠤᠷᠢ ᠪᠡᠯᠡᠳᠬᠡᠮᠵᠢ᠂ ᠢᠵᠢ ᠪᠥᠷᠢᠳᠥᠬᠦᠯᠬᠦ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠪᠣᠯᠤᠨ ᠤᠶᠤᠨᠴᠢᠯᠠᠬᠤ ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠲᠡᠢ᠃  ᠠᠷᠪᠠᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠭᠤᠣᠯᠳᠠᠯᠭ᠎ᠠ ᠲᠠᠢ ᠲᠤᠰᠬᠠᠢ ᠠᠵᠢᠯ ᠤᠨ ᠪᠣᠭᠤᠮᠲᠠ  ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠣᠯᠤᠨ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠤᠣᠯᠳᠠᠯᠭ᠎ᠠ ᠲᠠᠢ ᠲᠤᠰᠬᠠᠢ ᠠᠵᠢᠯ ᠤᠨ ᠪᠣᠭᠤᠮᠲᠠ ᠶᠢᠨ ᠴᠢᠳᠠᠮᠵᠢ ᠪᠠᠨ ᠥᠷᠭᠡᠳᠬᠡᠬᠦ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠪᠣᠭᠤᠮᠲᠠ ᠶᠢᠨ ᠨᠡᠪᠳᠡᠷᠡᠯ ᠵᠠᠮ᠂ ᠤᠶᠤᠨᠲᠤ ᠨᠡᠪᠳᠡᠷᠡᠯ᠂ ᠪᠠᠶᠢᠴᠠᠭᠠᠨ ᠰᠢᠯᠭᠠᠬᠤ ᠪᠡᠯᠡᠳᠬᠡᠮᠵᠢ ᠵᠡᠷᠭᠡ ᠴᠢᠳᠠᠪᠤᠷᠢ ᠶᠢ ᠨᠥᠬᠦᠪᠥᠷᠢᠯᠡᠬᠦ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠣᠭᠤᠮᠲᠠ ᠶᠢᠨ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ  ᠶᠢ ᠳᠡᠭᠡᠭᠰᠢᠯᠡᠭᠦᠯᠦᠨ᠂ ᠬᠢᠯᠢ ᠠᠯᠤᠰᠯᠠᠭᠰᠠᠨ ᠲᠡᠮᠥᠷ ᠵᠠᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠮᠥᠷ ᠵᠠᠮ  ᠤᠨ ᠲᠤᠰᠬᠠᠢ ᠬᠡᠷᠡᠭᠯᠡᠬᠦ ᠱᠤᠭᠤᠮ ᠤᠨ ᠪᠥᠳᠥᠭᠡᠨ ᠪᠠᠶᠢᠭᠤᠯᠤᠯᠲᠠ  ᠶᠢ ᠴᠢᠩᠭᠠᠳᠬᠠᠨ᠂ ᠪᠣᠭᠤᠮᠲᠠ ᠶᠢᠨ ᠪᠣᠭᠤᠮᠲᠠ ᠪᠠᠷ ᠥᠩᠭᠡᠷᠡᠭᠦᠯᠬᠦ ᠴᠢᠳᠠᠪᠤᠷᠢ  ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠢᠩᠭᠠᠨ ᠲᠦᠮᠡᠨ ᠲᠣᠨ ᠤ ᠳᠡᠰ ᠠᠴᠠ ᠳᠡᠭᠡᠭᠰᠢᠬᠢ ᠬᠢᠯᠢ ᠶᠢᠨ ᠭᠠᠳᠠᠨᠠᠬᠢ ᠶᠡᠭᠡ ᠬᠡᠮᠵᠢᠶᠡᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠬᠤ ᠲᠤᠰᠬᠠᠶ ᠨᠡᠪᠲᠡᠷᠡᠬᠦ ᠵᠠᠮ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠲᠣᠮᠣ ᠬᠡᠯᠪᠡᠷᠢ ᠶᠢᠨ ᠨᠥᠭᠡᠴᠡᠯᠡᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ᠎ᠡ᠃  ᠠᠷᠪᠠᠨ ᠭᠤᠷᠪᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠡᠩ ᠤᠨ ᠪᠣᠭᠤᠮᠲᠠ ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠩ ᠤᠨ ᠪᠣᠭᠤᠮᠲᠠ ᠶᠢᠨ ᠵᠦᠷᠢᠶᠡᠴᠢᠯᠡᠭᠰᠡᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠩ ᠤᠨ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠪᠣᠭᠤᠮᠲᠠ ᠶᠢᠨ ᠨᠡᠪᠲᠡᠷᠡᠬᠦ ᠵᠠᠮ ᠤᠨ ᠴᠢᠳᠠᠮᠵᠢ ᠶᠢ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠬᠥᠮᠦᠰ ᠤᠨ ᠶᠠᠪᠤᠯᠴᠠᠭ᠎ᠠ᠂ ᠪᠠᠷᠠᠭᠠᠨ ᠤ ᠠᠷᠠᠯᠵᠢᠶ᠎ᠠ ᠶᠢᠨ ᠪᠣᠭᠤᠮᠲᠠ ᠪᠠᠷ ᠥᠩᠭᠡᠷᠡᠬᠦ ᠳᠤ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠶ᠃  ᠠᠷᠪᠠᠨ ᠳᠥᠷᠪᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠵᠠᠮ ᠳᠠᠭᠠᠤ ᠶᠢᠨ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠲᠣᠰ ᠭᠠᠵᠠᠷ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃  ᠥᠪᠡᠷᠲᠡᠭᠡᠨ ᠵᠠᠰᠠᠬᠤ ᠣᠷᠣᠨ ᠠᠴᠠ ᠮᠠᠨᠵᠤᠤᠷ᠂ ᠡᠷᠢᠶᠡᠨ ᠬᠤᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠤᠯᠠᠭᠠᠨᠴᠠᠪ ᠤᠨ ᠣᠯᠠᠨ ᠤᠯᠤᠰ ᠤᠨ ᠬᠠᠭᠤᠷᠠᠶ ᠶᠢᠨ ᠭᠠᠷᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠤᠰ ᠴᠢᠭᠯᠡᠯᠲᠦ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠥᠷᠭᠡᠳᠬᠡᠵᠦ᠂ ᠪᠠᠷᠠᠭᠠᠨ ᠤ ᠭᠦᠢᠯᠭᠡᠭᠡ ᠶᠢ ᠪᠣᠳᠠᠲᠠᠶᠢᠵᠢᠭᠤᠯᠬᠤ᠂ ᠠᠷᠠᠯᠵᠢᠶ᠎ᠠ ᠶᠢ ᠪᠣᠳᠠᠲᠠᠶᠢᠵᠢᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠬᠤ ᠶᠢ ᠠᠬᠢᠭᠤᠯᠤᠨ᠎ᠠ᠃  ᠠᠷᠪᠠᠨ ᠲᠠᠪᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠲᠠᠪᠴᠠᠩ ᠢ ᠡᠮᠬᠢᠯᠡᠨ ᠨᠡᠶᠢᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠶ᠃  ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠳᠠᠭᠠᠤ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠭᠤᠣᠯ ᠨᠡᠪᠲᠡᠷᠡᠬᠦ ᠵᠠᠮ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠠᠷ ᠠᠴᠢᠶᠠᠯᠠᠪᠤᠷᠢ ᠪᠣᠯᠭᠠᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠪᠣᠯᠤᠨ ᠭᠠᠳᠠᠭᠰᠢᠯ ᠠᠵᠤ ᠠᠬᠤᠢ ᠶᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃  ᠠᠷᠪᠠᠨ ᠵᠢᠷᠭᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠬᠥᠭᠵᠢᠯᠲᠡ ᠶᠢ ᠠᠬᠢᠭᠤᠯᠵᠤ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠮᠡᠷᠭᠡᠵᠢᠯ ᠲᠣᠨᠣᠭᠯᠠᠯ ᠤᠨ ᠲᠠᠰ ᠳᠡᠪᠰᠢᠬᠦ ᠶᠢ ᠴᠢᠩᠭᠠᠷᠠᠭᠤᠯᠵᠤ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠶᠢᠨ ᠲᠡᠭᠡᠭᠡᠪᠦᠷᠢ ᠶᠢᠨ ᠦᠷ᠎ᠡ ᠪᠦᠲᠦᠮᠵᠢ᠂ ᠳᠠᠭᠠᠭᠠᠴᠠ ᠶᠢᠨ ᠴᠢᠳᠠᠪᠤᠷᠢ ᠪᠣᠯᠤᠨ ᠵᠣᠯᠭᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃  ᠠᠷᠪᠠᠨ ᠳᠣᠯᠣᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠣᠭᠤᠮᠲᠠ ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠣᠯᠤᠨ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠲᠡᠮᠦᠷ ᠵᠠᠮ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠬᠢᠯᠢ ᠠᠯᠤᠰᠯᠠᠭᠰᠠᠨ ᠨᠡᠪᠲᠡᠷᠡᠬᠦ ᠵᠠᠮ ᠪᠣᠯᠤᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠪᠣᠭᠤᠮᠲᠠ ᠶᠢᠨ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠪᠡᠯᠡᠳᠬᠡᠮᠵᠢ ᠶᠢᠨ ᠲᠤᠤᠷ ᠰᠦᠯᠵᠢᠶ᠎ᠡ ᠶᠢ ᠵᠣᠯᠭᠠᠭᠤᠯᠵᠤ᠂ ᠪᠣᠭᠤᠮᠲᠠ ᠶᠢᠨ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃  ᠠᠷᠪᠠᠨ ᠨᠠᠢᠮᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠳᠣᠲᠣᠭᠠᠳᠤ ᠭᠠᠳᠠᠭᠠᠳᠤ ᠬᠠᠷᠢᠯᠴᠠᠨ ᠨᠡᠪᠲᠡᠷᠡᠯᠴᠡᠭᠰᠡᠨ ᠴᠢᠯᠥᠭᠡᠲᠡᠶ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠵᠤ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠬᠤᠷᠰᠢᠯᠴᠠᠬᠤ ᠲᠣᠭᠲᠠᠴᠠ ᠶᠢ ᠪᠠᠶᠢᠭᠤᠯᠤᠨ᠂ ᠵᠡᠭᠦᠨ ᠳᠤᠮᠳᠠ ᠪᠠᠷᠠᠭᠤᠨ ᠬᠡᠰᠡᠭ ᠤᠨ ᠣᠷᠣᠨ ᠪᠦᠰᠡ ᠶᠢᠨ ᠪᠠᠷᠠᠭᠠᠨ ᠤ  ᠭᠦᠢᠯᠭᠡᠭᠡᠨ ᠤ ᠨᠡᠪᠲᠡᠷᠡᠯ ᠵᠠᠮ ᠤᠨ ᠲᠤᠤᠷ ᠰᠦᠯᠵᠢᠶ᠎ᠡ ᠪᠠ ᠬᠠᠩᠭᠠᠯᠭ᠎ᠠ ᠶᠢᠨ ᠬᠡᠯᠬᠢᠶᠡᠰᠦ ᠶᠢᠨ ᠬᠠᠮᠵᠢᠯᠴᠠᠨ ᠠᠵᠢᠯ ᠬᠤᠪᠢᠶᠠᠷᠢᠯᠠᠬᠤ ᠰᠢᠰᠲ᠋ᠧᠮᠵᠢ ᠶᠢ ᠪᠠᠶᠢᠭᠤᠯᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠤᠯ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠪᠥᠬᠦ ᠲᠠᠯ᠎ᠠ ᠪᠠᠷ ᠠᠭᠤᠰᠤᠯᠴᠠᠭᠤᠯᠬᠤ ᠬᠡᠷᠡᠭᠲᠡᠶ᠃  ᠠᠷᠪᠠ ᠶᠢᠰᠦᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠰᠠᠭᠠᠳ ᠥᠬᠡᠶ ᠨᠡᠪᠲᠡᠷᠡᠬᠦ᠂ ᠥᠨᠳᠥᠷ ᠦᠷ᠎ᠡ ᠪᠦᠲᠦᠮᠵᠢᠲᠡᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠲᠣᠮᠣ ᠨᠡᠪᠲᠡᠷᠡᠬᠦ ᠵᠠᠮ ᠪᠠ ᠪᠠᠷᠠᠭᠠᠨ ᠤ ᠭᠦᠢᠯᠭᠡᠭᠡᠨ ᠤ ᠲᠣᠮᠣ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠪᠲᠡᠷᠡᠬᠦ ᠵᠠᠮ ᠳᠠᠭᠠᠤ ᠶᠢᠨ ᠠᠵᠤ ᠦᠢᠯᠡᠰ ᠤᠨ ᠪᠠᠶᠢᠷᠢᠰᠢᠭᠤᠯᠤᠯ ᠬᠢᠭᠡᠳ ᠠᠵᠢᠯ ᠬᠤᠪᠢᠶᠠᠷᠢᠯᠠᠨ ᠬᠤᠷᠰᠢᠯᠴᠠᠬᠤ ᠰᠢᠰᠲ᠋ᠧᠮᠵᠢ ᠶᠢ ᠰᠢᠯᠢᠳᠡᠭᠵᠢᠭᠦᠯᠦᠨ᠂ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠤᠨ ᠠᠵᠤ ᠠᠬᠤᠶ ᠶᠢ ᠬᠥᠭᠵᠢᠭᠦᠯᠬᠦ ᠬᠡᠷᠡᠭᠲᠡᠶ᠃  ᠬᠤᠷᠢᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠪᠣᠭᠤᠮᠲᠠ᠂ ᠰᠢᠦᠳᠠᠨ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ ᠪᠠᠶᠢᠷᠢᠰᠢᠭᠤᠯᠤᠯ ᠳᠤ ᠲᠦᠰᠢᠭᠯᠡᠨ ᠣᠯᠠᠨ ᠤᠯᠤᠰ ᠤᠨ ᠢᠯᠡᠭᠡᠨ ᠬᠦᠷᠭᠡᠬᠦ ᠬᠦᠢᠰᠦ᠂ ᠰᠢᠦᠳᠠᠨ ᠤ ᠲᠦᠷᠭᠡᠨ ᠬᠦᠷᠭᠡᠬᠦ ᠶᠢᠨ ᠲᠥᠪᠯᠡᠷᠡᠭᠦᠯᠵᠦ ᠲᠠᠷᠬᠠᠭᠠᠬᠤ ᠬᠤᠪᠢᠶᠠᠷᠢᠯᠠᠨ ᠰᠠᠯᠭᠠᠬᠤ ᠲᠥᠪ ᠢ ᠪᠦᠲᠦᠭᠡᠨ ᠪᠠᠶᠢᠭᠤᠯᠵᠤ᠂ ᠰᠢᠦᠳᠠᠨ ᠤ ᠵᠦᠢᠯ ᠲᠦᠷᠭᠡᠨ ᠬᠦᠷᠭᠡᠬᠦ ᠵᠦᠢᠯ ᠤᠨ ᠬᠢᠯᠢ ᠪᠠᠷ ᠣᠷᠣᠭᠤᠯᠵᠤ ᠭᠠᠷᠭᠠᠬᠤ ᠶᠢ ᠨᠢᠭᠡ ᠴᠣᠭᠴᠠᠵᠢᠭᠤᠯᠬᠤ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠢᠯᠢ ᠠᠯᠤᠰᠯᠠᠨ ᠢᠯᠡᠭᠡᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃  ᠬᠤᠷᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠴᠢᠮᠡᠭᠡ ᠬᠤᠯᠪᠣᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠲᠦᠷᠭᠡᠨ ᠪᠥᠭᠡᠳ ᠳᠥᠭᠦᠮ ᠳᠥᠲᠡ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ ᠵᠠᠮ︾ ᠤᠨ ᠬᠠᠭᠤᠷᠠᠢ ᠳᠠᠯᠠᠢ ᠠᠭᠠᠷ ᠰᠦᠯᠵᠢᠶ᠎ᠡ ᠳᠥᠷᠪᠡ ᠶᠢ ᠨᠢᠭᠡ ᠴᠣᠭᠴᠠᠵᠢᠭᠤᠯᠤᠭᠰᠠᠨ ᠬᠤᠯᠪᠣᠭᠠᠯᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠣᠯᠠᠨ ᠤᠯᠤᠰ ᠠᠴᠠ ᠢᠨᠲ᠋ᠧᠷ ᠰᠦᠯᠵᠢᠶ᠎ᠡ ᠶᠢᠨ ᠳᠠᠮᠵᠢᠭᠤᠯᠤᠨ ᠵᠠᠯᠭᠠᠬᠤ ᠴᠡᠭ᠂ ᠣᠯᠠᠨ ᠤᠯᠤᠰ ᠠᠴᠠ ᠲᠤᠭ᠎ᠠ ᠪᠠᠷᠢᠮᠲᠠ ᠶᠢᠨ ᠲᠤᠰᠬᠠᠢ ᠱᠤᠭᠤᠮ ᠵᠡᠷᠭᠡ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃  ᠭᠤᠷᠪᠠᠳᠤᠭᠠᠷ ᠪᠦᠯᠦᠭ  ᠪᠣᠭᠤᠮᠲᠠ ᠶᠢᠨ ᠠᠵᠤ ᠠᠬᠤᠢ ᠶᠢ ᠬᠥᠭᠵᠢᠭᠦᠯᠦᠨ᠎ᠡ  ᠬᠤᠷᠢᠨ ᠬᠤᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠪᠣᠭᠤᠮᠲᠠ᠂ ᠨᠡᠪᠲᠡᠷᠡᠯ ᠵᠠᠮ ᠪᠠ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠠᠴᠢᠶᠠᠯᠠᠪᠤᠷᠢ ᠶᠢ ᠨᠢᠭᠡᠳᠦᠯᠲᠡᠶ ᠲᠥᠯᠥᠪᠯᠡᠨ᠂ ᠪᠣᠭᠤᠮᠲᠠ ᠪᠠᠷ ᠳᠠᠶᠢᠴᠢᠯᠠᠬᠤ᠂ ᠳᠣᠲᠣᠷ᠎ᠠ ᠭᠠᠵᠠᠷ ᠢᠶᠠᠷ ᠲᠤᠯᠭᠠᠭᠤᠷᠢᠯᠠᠬᠤ᠂ ᠬᠢᠯᠢ ᠳᠣᠲᠣᠷ᠎ᠠ ᠥᠪᠥᠷ ᠮᠣᠩᠭᠤᠯ ᠬᠠᠷᠢᠯᠴᠠᠨ ᠬᠥᠳᠡᠯᠦᠯᠴᠡᠬᠦ ᠪᠠᠶᠢᠷᠢᠰᠢᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠵᠦᠷᠢᠶᠡᠴᠢᠯᠡᠭᠰᠡᠨ ᠴᠢᠨᠠᠷ ᠰᠠᠶᠢᠲᠠᠶ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠬᠤ ᠬᠡᠷᠡᠭᠲᠡᠶ᠃  ᠬᠤᠷᠢᠨ ᠭᠤᠷᠪᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠭᠤᠮᠲᠠ ᠬᠢᠭᠡᠳ ᠳᠣᠲᠣᠷ ᠭᠠᠵᠠᠷ ᠤᠨ ᠪᠣᠭᠤᠮᠲᠠ ᠪᠠᠷ ᠥᠩᠭᠡᠷᠡᠭᠦᠯᠬᠦ ᠬᠠᠮᠵᠢᠯᠴᠠᠭ᠎ᠠ᠂ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠪᠣᠯᠤᠨ ᠠᠵᠤ ᠦᠢᠯᠡᠰ ᠤᠨ ᠬᠠᠮᠲᠤᠷᠠᠨ ᠬᠥᠳᠡᠯᠦᠯᠴᠡᠵᠦ ᠬᠥᠭᠵᠢᠬᠦ ᠶᠢ ᠳᠥᠯᠭᠢᠨ ᠠᠬᠢᠭᠤᠯᠵᠤ᠂ ᠲᠥᠪᠯᠡᠷᠡᠯ ᠤᠨ ᠦᠢᠯᠡᠳᠦᠯ ᠢ ᠪᠣᠶ ᠪᠣᠯᠭᠠᠨ᠂ ᠳᠣᠲᠣᠷ ᠭᠠᠵᠠᠷ ᠲᠤ ᠬᠠᠨᠳᠤᠭᠤᠯᠤᠭᠰᠠᠨ ᠴᠢᠬᠤᠯᠠ ᠶᠡᠭᠡ ᠰᠠᠭᠤᠷᠢ ᠪᠡᠯᠡᠳᠬᠡᠮᠵᠢ᠂ ᠴᠢᠬᠤᠯᠠ ᠵᠠᠩᠭᠢᠯᠠᠭ᠎ᠠ ᠶᠢᠨ ᠵᠠᠩᠭᠢᠶᠠᠰᠤ ᠪᠣᠯᠬᠤ ᠬᠤᠲᠠ᠂ ᠪᠠᠷᠠᠭ᠎ᠠ ᠲᠥᠪᠯᠡᠷᠡᠭᠦᠯᠵᠦ ᠲᠠᠷᠬᠠᠭᠠᠬᠤ ᠲᠥᠪ᠂ ᠭᠠᠳᠠᠭᠠᠳᠤ ᠳᠤ ᠭᠠᠷᠭᠠᠬᠤ ᠦᠢᠯᠡᠳᠭᠦᠨ ᠤ ᠰᠠᠭᠤᠷᠢᠨ ᠭᠠᠵᠠᠷ ᠪᠣᠯᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠳᠣᠲᠣᠷ ᠭᠠᠵᠠᠷ ᠤᠨ ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃  ᠬᠤᠷᠢᠨ ᠳᠥᠷᠪᠡᠳᠦᠭᠡᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠨᠧᠷᠭᠢ᠂ ᠪᠣᠭᠤᠮᠲᠠ᠂ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠭ᠎ᠠ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠭᠠᠳᠠᠭᠠᠳᠤ ᠠᠴᠠ ᠣᠷᠣᠭᠤᠯᠤᠭᠰᠠᠨ ᠡᠬᠢ ᠪᠠᠶᠠᠯᠢᠭ ᠢ ᠪᠣᠭᠤᠮᠲᠠ ᠪᠠ ᠳᠣᠲᠣᠷ ᠭᠠᠵᠠᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠰᠠᠭᠤᠷᠢᠰᠢᠭᠤᠯᠤᠨ ᠡᠳ᠋ᠰᠢᠭᠦᠯᠬᠦ ᠶᠢ ᠠᠬᠢᠭᠤᠯᠵᠤ᠂ ᠠᠵᠤ ᠠᠬᠤᠶ ᠶᠢᠨ ᠨᠡᠪᠲᠡᠷᠡᠬᠦ ᠵᠠᠮ ᠢ ᠨᠡᠪᠲᠡᠷᠡᠬᠦ ᠠᠵᠤ ᠠᠬᠤᠶ ᠳᠠᠰᠢ ᠬᠤᠪᠢᠷᠠᠭᠤᠯᠬᠤ᠂ ᠵᠠᠮ ᠥᠩᠭᠡᠷᠡᠬᠦ ᠠᠵᠤ ᠠᠬᠤᠶ ᠶᠢ ᠰᠠᠭᠤᠷᠢᠰᠢᠮᠠᠯ ᠠᠵᠤ ᠠᠬᠤᠶ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃  ᠬᠤᠷᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠤᠳᠠᠯᠳᠤᠭᠠᠨ ᠤ ᠶᠠᠪᠤᠳᠠᠯ᠂ ᠪᠣᠭᠤᠮᠲᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠯᠠᠬᠤ ᠭᠠᠵᠠᠷ ᠲᠠᠯᠠᠪᠤᠷ ᠪᠣᠯᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠯᠠᠪᠤᠷ ᠬᠢᠭᠡᠳ ᠬᠢᠯᠢ ᠶᠢᠨ ᠭᠠᠳᠠᠨᠠᠬᠢ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ ᠤ ᠰᠢᠨ᠎ᠡ ᠮᠠᠶ᠋ᠢᠭ ᠤᠨ ᠲᠣᠣᠷ ᠰᠦᠯᠵᠢᠶ᠎ᠡ ᠶᠢ ᠪᠠᠶᠢᠭᠤᠯᠤᠨ᠂ ᠪᠣᠭᠤᠮᠲᠠ ᠪᠠᠷ ᠥᠩᠭᠡᠷᠡᠭᠦᠯᠬᠦ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃  ᠬᠤᠷᠢᠨ ᠵᠢᠷᠭᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠪᠣᠭᠤᠮᠲᠠ᠂ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠪᠣᠯᠤᠨ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠵᠢᠴᠢ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ ᠬᠡᠷᠡᠭᠲᠡᠶ᠃  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠥᠭᠵᠢᠭᠦᠯᠦᠯᠲᠡ   ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠡᠳ᠋ ᠤᠨ ᠵᠠᠰᠠᠭ᠂ ᠪᠣᠭᠤᠮᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠳᠤᠮᠳᠠᠳᠤ ᠮᠣᠩᠭᠤᠯ ᠤᠨ ᠡᠷᠢᠶᠡᠨ ᠬᠤᠲᠠ ᠵᠠᠮ ᠤᠨ ᠡᠭᠦᠳᠡ ᠶᠢᠨ ᠠᠵᠤ ᠠᠬᠤᠶ ᠶᠢᠨ ᠬᠤᠷᠰᠢᠯᠴᠠᠭᠠᠨ ᠤ ᠣᠷᠣᠨ ᠢ ᠲᠦᠷᠭᠡᠳᠬᠡᠨ ᠪᠠᠶᠢᠭᠤᠯᠬᠤ ᠬᠡᠷᠡᠭᠲᠡᠶ︔ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠶ ᠭᠤᠶᠤᠴᠢᠯᠠᠨ ᠪᠠᠶᠢᠭᠤᠯᠤᠨ᠎ᠠ᠃  ᠬᠤᠷᠢᠨ ᠳᠣᠯᠣᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠣᠭᠤᠮᠲᠠ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠳᠤ ᠲᠦᠰᠢᠭᠯᠡᠨ᠂ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠪᠠ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠴᠠ ᠲᠠᠢ ᠰᠢᠯᠵᠢᠭᠦᠯᠬᠦ ᠭᠤᠤᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠰᠠᠶᠢᠲᠤᠷ ᠪᠠᠶᠢᠭᠤᠯᠵᠤ᠂ ᠵᠠᠩᠭᠢᠯᠠᠭ᠎ᠠ ᠶᠢᠨ ᠠᠵᠤ ᠠᠬᠤᠶ ᠶᠢ ᠰᠦᠪᠡᠭᠴᠢᠯᠡᠨ ᠬᠥᠭᠵᠢᠭᠦᠯᠵᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ᠂ ᠣᠯᠠᠨ ᠤᠯᠤᠰ ᠤᠨ ᠠᠷᠠᠯᠵᠢᠶ᠎ᠠ ᠪᠠ ᠭᠠᠶᠢᠯᠢ ᠪᠠᠲᠤᠯᠠᠵᠤ ᠡᠳ᠋ᠰᠢᠭᠦᠯᠬᠦ ᠶᠢ ᠲᠦᠷᠭᠡᠳᠬᠡᠨ ᠬᠥᠭᠵᠢᠭᠦᠯᠬᠦ ᠬᠡᠷᠡᠭᠲᠡᠶ᠃  ᠬᠤᠷᠢᠨ ᠨᠠᠢᠮᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠨᠥᠬᠦᠴᠡᠯ ᠳᠤ ᠨᠡᠶᠢᠴᠡᠬᠦ ᠭᠠᠵᠠᠷ ᠣᠷᠣᠨ ᠤ ᠵᠣᠬᠢᠬᠤ ᠲᠥᠷᠥᠯ ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠪᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠᠶᠢᠭᠤᠯᠬᠤ ᠶᠢ ᠳᠡᠮᠵᠢᠨ᠎ᠡ︔ ᠣᠲᠣ ᠶᠢᠨ ᠪᠠᠶᠢᠭ᠎ᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠠ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠪᠥᠲᠥᠭᠡᠨ ᠪᠠᠶᠢᠭᠤᠯᠤᠯᠲᠠ ᠪᠠ ᠬᠠᠮᠢᠶ᠎ᠠ ᠪᠥᠬᠦᠶ ᠪᠣᠳᠠᠲᠠᠶᠢᠵᠢᠭᠤᠯᠤᠨ ᠡᠳ᠋ᠰᠢᠭᠦᠯᠵᠦ ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃  ᠬᠤᠷᠢ ᠶᠢᠰᠦᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠣᠭᠤᠮᠲᠠ ᠶᠢᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠪᠣᠭᠤᠮᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠭᠦᠯᠵᠦ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠬᠡᠪᠴᠢᠶ᠎ᠡ ᠪᠠ ᠬᠡᠪᠴᠢᠶ᠎ᠡ ᠶᠢ ᠥᠷᠭᠡᠳᠬᠡᠨ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠰᠠᠭᠤᠷᠢᠰᠢᠭᠤᠯᠤᠨ ᠡᠳ᠋ᠰᠢᠭᠦᠯᠬᠦ ᠶᠢ ᠠᠬᠢᠭᠤᠯᠵᠤ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠡᠳ᠋ᠰᠢᠭᠦᠯᠬᠦ᠂ ᠪᠠᠯᠠ ᠣᠷᠣᠭᠤᠯᠬᠤ᠂ ᠠᠷᠠᠯᠵᠢᠶᠠᠯᠠᠬᠤ ᠶᠢ ᠨᠢᠭᠡ ᠴᠣᠠᠠᠴᠠᠵᠢᠭᠤᠯᠥᠠᠠᠰᠠᠨ ᠴᠢᠭᠯᠡᠯ ᠢᠶᠠᠷ ᠬᠥᠭᠵᠢᠬᠦ ᠶᠢ ᠬᠥᠲᠥᠯᠦᠨ ᠵᠢᠯᠣᠭᠤᠳᠤᠨ᠎ᠠ᠃  ᠭᠤᠴᠢᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠳᠠᠯᠳᠤᠭᠠᠨ ᠤ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ  ᠦᠢᠯᠡᠳᠪᠦᠷᠢ ᠪᠠ ᠮᠡᠳᠡᠭᠡ   ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠳ ᠳᠤᠮᠳᠠᠳᠤ ᠮᠣᠩᠭᠤᠯ ᠤᠨ ᠦᠵᠡᠰᠬᠦᠯᠡᠩ᠂ ᠥᠪᠥᠷ ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠰᠬᠦᠯᠡᠩ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ ᠵᠡᠷᠭᠡ ᠦᠵᠡᠰᠬᠦᠯᠡᠩ ᠢ ᠰᠠᠶᠢᠲᠤᠷ ᠡᠷᠭᠢᠯᠡᠵᠦ᠂ ᠡᠯ᠎ᠡ ᠲᠥᠷᠥᠯ ᠤᠨ ᠨᠡᠭᠡᠭᠡᠯᠲᠡ ᠬᠢᠬᠦ ᠲᠠᠪᠴᠠᠩ ᠤᠨ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠶ᠃  ᠭᠤᠴᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ  ᠤᠨ ᠣᠷᠳᠣᠨ᠂ ᠠᠶᠢᠮᠠᠭ  ᠤᠨ ᠵᠠᠬᠢᠷᠭ᠎ᠠ ᠪᠣᠯᠤᠨ ᠲᠣᠭᠤᠷᠢᠭ ᠲᠠᠢ ᠬᠤᠳᠠ ᠶᠢᠨ ᠠᠷᠠᠳ  ᠤᠨ ᠵᠠᠰᠠᠭ  ᠤᠨ ᠣᠷᠳᠣᠨ ᠨᠤᠭᠤᠳ ᠵᠡᠭᠦᠨ ᠳᠤᠮᠳᠠ ᠪᠠᠷᠠᠭᠤᠨ ᠣᠷᠣᠨ ᠤ ᠭᠤᠣᠯᠳᠠᠯᠭ᠎ᠠ ᠲᠠᠢ ᠬᠤᠳᠠ ᠬᠢᠭᠡᠳ ᠪᠣᠭᠤᠮᠲᠠ ᠬᠤᠳᠠ ᠶᠢᠨ ᠬᠠᠮᠲᠤᠷᠠᠨ ᠬᠥᠳᠡᠯᠦᠯᠴᠡᠵᠦ ᠬᠥᠭᠵᠢᠬᠦ ᠶᠢ ᠲᠥᠯᠬᠢᠨ ᠠᠬᠢᠭᠤᠯᠵᠤ᠂ ᠵᠠᠮ ᠬᠠᠷᠢᠯᠴᠠᠭᠠᠨ ᠤ ᠬᠠᠮᠲᠤᠷᠠᠨ ᠲᠡᠭᠡᠭᠡᠪᠦᠷᠢᠯᠡᠬᠦ ᠭᠤᠣᠯ ᠨᠡᠪᠳᠡᠷᠡᠯ ᠵᠠᠮ ᠪᠣᠯᠤᠨ ᠵᠠᠩᠭᠢᠯᠠᠭ᠎ᠠ ᠶᠢᠨ ᠵᠠᠩᠭᠢᠯᠠᠭ᠎ᠠ ᠬᠤᠳᠠ᠂ ᠪᠠᠷᠠᠭ᠎ᠠ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢᠯᠡᠬᠦ ᠲᠥᠪ᠂ ᠡᠬᠢ ᠪᠠᠶᠠᠯᠢᠭ ᠢ ᠬᠤᠪᠢᠷᠠᠭᠤᠯᠬᠤ ᠣᠷᠣᠨ ᠵᠡᠷᠭᠡ ᠳᠤ ᠲᠦᠰᠢᠭᠯᠡᠨ᠂ ᠲᠤᠰ ᠲᠤᠰ  ᠤᠨ ᠣᠨᠴᠠᠯᠢᠭ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠥᠳᠥᠭᠡᠨ ᠪᠠᠶᠢᠭᠤᠯᠬᠤ ᠬᠡᠷᠡᠭᠲᠡᠢ᠃  ᠳᠥᠷᠪᠡᠳᠦᠭᠡᠷ ᠪᠦᠯᠦᠭ  ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠨ᠎ᠠ  ᠭᠤᠴᠢᠨ ᠬᠤᠶᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠬᠤᠯᠠ ᠡᠯᠧᠮᠧᠨ᠋ᠲ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ᠂ ᠴᠢᠨᠠᠷ ᠰᠠᠶᠢᠲᠠᠶ ᠬᠥᠭᠵᠢᠯᠲᠡ ᠶᠢᠨ ᠣᠷᠣᠨ ᠪᠦᠰᠡ ᠶᠢᠨ ᠠᠵᠤ ᠠᠬᠤᠶ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠰᠠᠭᠤᠷᠢᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠰᠢᠯᠤᠭᠤᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠤᠷᠪᠤᠰ ᠤᠨ ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃  ᠭᠤᠴᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠴᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠵᠠᠭᠪᠤᠷ ᠪᠠ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠳᠠᠪᠠᠭᠤᠯᠢᠭ ᠠᠵᠤ ᠦᠢᠯᠡᠰ᠂ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ᠂ ᠴᠢᠬᠤᠯᠠ ᠶᠡᠭᠡ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠪᠠ ᠴᠢᠳᠠᠪᠤᠷᠢᠲᠠᠨ ᠵᠡᠷᠭᠡ ᠬᠦᠷᠢᠶ᠎ᠡ ᠴᠠᠷᠠᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶᠡᠰᠦ ᠶᠢ ᠤᠯᠤᠰ ᠠᠴᠠ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠯᠦᠭᠡ ᠪᠦᠬᠦ ᠲᠠᠯ᠎ᠠ ᠪᠠᠷ ᠵᠣᠯᠭᠠᠭᠤᠯᠬᠤ ᠪᠠ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃  ᠭᠤᠴᠢᠨ ᠳᠥᠷᠪᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠥᠬᠦᠶ ᠮᠤᠵᠢ ᠵᠢᠴᠢ ᠭᠠᠵᠠᠷ ᠣᠷᠣᠨ ᠤ ᠡᠬᠢ ᠪᠠᠶᠠᠯᠢᠭ ᠤᠨ ᠣᠭ ᠰᠤᠷᠪᠤᠯᠵᠢ ᠪᠣᠯᠤᠨ ᠬᠠᠷᠢᠴᠠᠭᠤᠯᠤᠭᠰᠠᠨ ᠳᠠᠪᠠᠭᠤᠯᠢᠭ ᠲᠠᠢ ᠤᠶᠠᠯᠳᠤᠭᠤᠯᠤᠨ᠂ ᠣᠷᠣᠨ ᠪᠦᠰᠡ ᠠᠯᠤᠰᠯᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ ᠶᠢ ᠳᠡᠮᠵᠢᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃  ᠭᠤᠴᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠣᠷᠣᠨ ᠯᠤᠭ᠎ᠠ ᠶᠢᠨ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢᠨ ᠲᠠᠪᠴᠠᠩ ᠢ ᠪᠠᠶᠢᠭᠤᠯᠤᠨ᠎ᠠ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠡᠮ ᠡᠮᠨᠡᠯᠭᠡ᠂ ᠠᠮᠢ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠢ ᠣᠯᠠᠨ ᠲᠠᠯ᠎ᠠ ᠪᠠᠷ ᠳᠠᠶᠢᠴᠢᠯᠠᠬᠤ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ︔ ᠲᠢᠶᠠᠨᠵᠢᠨ᠂ ᠡᠾᠧᠪᠸᠢ ᠵᠡᠷᠭᠡ ᠮᠤᠵᠢ ᠬᠤᠲᠠ ᠯᠤᠭ᠎ᠠ ᠶᠢᠨ ᠭᠠᠷᠠᠮ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠣᠲᠣᠭᠠᠳᠤ ᠬᠠᠭᠤᠷᠠᠶ ᠶᠢᠨ ᠭᠠᠷᠠᠮ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠬᠡ ᠬᠠᠭᠤᠷᠠᠶ ᠶᠢᠨ ᠭᠠᠷᠠᠮ ᠤᠨ ᠪᠥᠭᠡᠮᠨᠡᠷᠡᠯ ᠢ ᠬᠠᠮᠲᠤ ᠪᠠᠷ ᠪᠥᠲᠥᠭᠡᠨ ᠪᠠᠶᠢᠭᠤᠯᠤᠨ᠎ᠠ︔ ᠰᠢᠶᠦ᠋ᠩ ᠠᠨ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠲᠡᠮᠵᠢᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠦᠢᠯᠡᠴᠢᠯᠡᠪᠡ᠃  ᠭᠤᠴᠢᠨ ᠵᠢᠷᠭᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠵᠡᠭᠦᠨ ᠬᠡᠰᠡᠭ ᠤᠨ ᠲᠡᠯᠡᠶ ᠳᠠᠭᠠᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ᠂ ᠱᠠᠩᠬᠠᠶ ᠥᠪᠥᠷ ᠮᠣᠩᠭᠤᠯ᠂ ᠵᠢᠶᠠᠩᠰᠦ ᠥᠪᠥᠷ ᠮᠣᠩᠭᠤᠯ᠂ ᠭᠤᠸᠠᠩᠳᠦ᠋ᠩ ᠥᠪᠥᠷ ᠮᠣᠩᠭᠤᠯ ᠵᠡᠷᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠠᠪᠴᠠᠩ ᠢ ᠠᠰᠢᠭᠯᠠᠵᠤ᠂ ᠪᠥᠬᠦ ᠲᠠᠯ᠎ᠠ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠬᠥᠷᠥᠩᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠳᠡᠭᠡᠳᠦ ᠲᠠᠰ ᠤᠨ ᠬᠦᠴᠦᠨ ᠵᠤᠷᠪᠤᠰ ᠢ ᠲᠡᠳᠡᠨ ᠲᠥᠪᠯᠡᠷᠡᠭᠦᠯᠵᠦ᠂ ᠬᠠᠮᠲᠤᠷᠠᠯᠴᠠᠭ᠎ᠠ ᠪᠠᠷ ᠨᠡᠭᠡᠭᠡᠯᠲᠡ ᠬᠢᠬᠦ ᠶᠢ ᠠᠬᠢᠭᠤᠯᠤᠨ᠂ ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠶ ᠵᠡᠷᠭᠡ ᠠᠰᠢᠭ ᠲᠤᠰᠠ ᠶᠢ ᠬᠠᠮᠲᠤᠪᠠᠷ ᠭᠥᠷᠳᠡᠬᠦ ᠵᠠᠭᠪᠤᠷ ᠢ ᠰᠦᠪᠡᠭᠴᠢᠯᠡᠨ᠎ᠡ᠃  ᠭᠤᠴᠢᠨ ᠳᠣᠯᠣᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠭᠦᠨᠵᠡᠭᠡᠢ ᠠᠭᠤᠰᠤᠯᠴᠠᠵᠤ᠂ ᠵᠡᠭᠦᠨ ᠬᠤᠶᠢᠲᠤ ᠣᠷᠣᠨ ᠤ ᠭᠤᠷᠪᠠᠨ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠪᠣᠯᠤᠨ ᠬᠠᠮᠵᠢᠯᠴᠠᠨ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠪᠣᠯᠤᠨ ᠬᠤᠳᠠ ᠶᠢᠨ ᠠᠭᠤᠰᠤᠯᠴᠠᠯ ᠢ ᠠᠬᠢᠭᠤᠯᠵᠤ᠂ ᠲᠤᠰ ᠲᠤᠰ ᠤᠨ ᠭᠠᠳᠠᠭᠠᠳᠤ ᠨᠡᠭᠡᠭᠡᠯᠳᠠ ᠶᠢᠨ ᠳᠠᠪᠠᠭᠤᠯᠢᠭ ᠢᠶᠠᠨ ᠬᠤᠯᠪᠣᠨ ᠨᠡᠶᠢᠳᠭᠡᠵᠦ᠂ ᠬᠠᠷᠢᠯᠴᠠᠨ ᠲᠤᠯᠭᠠᠭᠤᠷᠢᠯᠠᠵᠤ᠂ ᠬᠠᠷᠢᠯᠴᠠᠨ ᠨᠥᠬᠦᠪᠥᠷᠢᠯᠡᠵᠦ᠂ ᠭᠢᠷᠢᠨ ᠮᠤᠵᠢ ᠶᠢᠨ ᠰᠧ ᠫᠢᠩ᠂ ᠲᠥᠩ ᠬᠤᠸᠠ ᠬᠤᠲᠠ᠂ ᠯᠢᠶᠣᠤ ᠶᠤᠸᠠᠨ ᠬᠤᠳᠠ᠂ ᠯᠢᠶᠣᠤᠨᠢᠩ ᠮᠤᠵᠢ ᠶᠢᠨ ᠹᠦᠱᠦ᠋ᠨ ᠬᠤᠲᠠ᠂ ᠲᠢᠶᠧ ᠯᠢᠩ ᠬᠤᠲᠠ᠂ ᠥᠪᠥᠷ ᠮᠣᠩᠭᠤᠯ ᠤᠨ ᠵᠡᠭᠦᠨ ᠬᠡᠰᠡᠭ ᠤᠨ ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃  ᠭᠤᠴᠢᠨ ᠨᠠᠢᠮᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠬᠠᠲᠤᠨ ᠭᠤᠤᠯ ᠳᠠᠭᠠᠤ ᠶᠢᠨ ᠡᠯ᠎ᠡ ᠮᠤᠵᠢ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠦᠢᠯᠡᠰ ᠢᠶᠠᠷ ᠬᠠᠷᠢᠯᠴᠠᠨ ᠨᠥᠬᠦᠪᠥᠷᠢᠯᠡᠬᠦ᠂ ᠬᠥᠮᠦᠨ ᠬᠠᠷ᠎ᠠ ᠬᠠᠷᠢᠯᠴᠠᠨ ᠬᠥᠳᠡᠯᠦᠯᠴᠡᠬᠦ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠤᠷᠪᠤᠰ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠵᠡᠷᠭᠡ ᠬᠦᠷᠢᠶᠡᠨ ᠳᠠᠬᠢ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃  ᠭᠤᠴᠢ ᠶᠢᠰᠦᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠥᠬᠦᠶ ᠬᠤᠲᠠ ᠶᠢᠨ ᠪᠥᠭᠡᠮᠨᠡᠷᠡᠯ ᠯᠦᠭᠡ ᠠᠵᠢᠯ ᠬᠤᠪᠢᠶᠠᠷᠢᠯᠠᠨ ᠬᠠᠮᠵᠢᠯᠴᠠᠬᠤ ᠪᠠᠨ ᠴᠢᠩᠭᠠᠳᠬᠠᠵᠤ᠂ ᠨᠢᠭᠡ ᠴᠣᠠᠠᠴᠠᠵᠢᠭᠤᠯᠥᠨ ᠵᠣᠬᠢᠴᠠᠩᠭᠤᠶ ᠬᠥᠭᠵᠢᠭᠦᠯᠬᠦ ᠲᠣᠭᠲᠠᠴᠠ ᠪᠠ ᠥᠪᠡᠷ ᠤᠨ ᠥᠷᠲᠡᠭ ᠢ ᠬᠠᠮᠲᠤᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠠᠭᠤᠷᠢ ᠪᠡᠯᠡᠳᠬᠡᠮᠵᠢ ᠶᠢ ᠵᠣᠬᠢᠴᠠᠭᠤᠯᠤᠨ ᠪᠠᠶᠢᠷᠢᠯᠠᠭᠤᠯᠬᠤ᠂ ᠠᠵᠤ ᠦᠢᠯᠡᠰ ᠢ ᠠᠵᠢᠯ ᠬᠤᠪᠢᠶᠠᠷᠢᠯᠠᠨ ᠬᠠᠮᠵᠢᠯᠴᠠᠬᠤ᠂ ᠣᠯᠠᠨ ᠨᠡᠶᠢᠲᠡ ᠶᠢᠨ ᠦᠢᠯᠡᠴᠢᠯᠡᠭᠡᠨ ᠢ ᠬᠠᠮᠲᠤᠪᠠᠷ ᠭᠥᠷᠳᠡᠬᠦ᠂ ᠠᠮᠢ ᠠᠬᠤᠶ ᠶᠢ ᠬᠠᠮᠲᠤᠪᠠᠷ ᠪᠠᠶᠢᠭᠤᠯᠵᠤ ᠣᠷᠴᠢᠨ ᠲᠣᠭᠤᠷᠢᠨ ᠢ ᠬᠠᠮᠲᠤᠪᠠᠷ ᠵᠠᠰᠠᠬᠤ ᠪᠠ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ ᠨᠡᠭᠡᠭᠡᠯᠲᠡ ᠬᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃  ᠲᠠᠪᠤᠳᠤᠭᠠᠷ ᠪᠦᠯᠦᠭ  ᠭᠠᠳᠠᠭᠠᠳᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ  ᠳᠥᠴᠢᠳᠦᠭᠡᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ  ᠤᠨ ᠣᠷᠳᠣᠨ ᠭᠠᠳᠠᠭᠠᠳᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠳᠣᠲᠣᠭᠠᠳᠤ ᠭᠠᠳᠠᠭᠠᠳᠤ ᠶᠢ ᠨᠢᠭᠡᠳᠦᠯᠲᠡᠢ ᠳᠤ ᠲᠥᠯᠥᠪᠯᠡᠭᠰᠡᠨ᠂ ᠠᠭᠤᠰᠤᠯᠴᠠᠨ ᠬᠥᠳᠡᠯᠦᠯᠴᠡᠭᠰᠡᠨ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃  ᠳᠥᠴᠢᠨ ᠨᠢᠭᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠲᠠᠸᠠᠷ ᠪᠣᠯᠤᠨ ᠡᠯᠧᠮᠧᠨ᠋ᠲ ᠤᠨ ᠭᠦᠢᠯᠭᠡᠭᠡᠨ ᠤ ᠬᠡᠯᠪᠡᠷᠢ ᠶᠢᠨ ᠨᠡᠭᠡᠭᠡᠯᠲᠡ ᠶᠢ ᠭᠦᠨᠵᠡᠭᠡᠶᠢᠷᠡᠭᠦᠯᠵᠦ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃  ᠳᠥᠴᠢᠨ ᠬᠤᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠷᠠᠯᠵᠢᠶ᠎ᠠ ᠪᠠ ᠠᠵᠤ  ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠤᠯᠠᠮᠵᠢᠯᠠᠯᠲᠤ ᠳᠠᠪᠠᠭᠤᠯᠢᠭ ᠢ ᠪᠠᠬᠢᠵᠢᠭᠦᠯᠦᠨ᠂ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠵᠤ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠶ᠃  ᠳᠥᠴᠢᠨ ᠭᠤᠷᠪᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠳᠠᠯᠳᠤᠭᠠᠨ ᠤ ᠶᠠᠪᠤᠳᠠᠯ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶ᠎ᠠ ᠶᠢ ᠬᠥᠭᠵᠢᠭᠦᠯᠵᠦ᠂ ᠭᠠᠳᠠᠭᠠᠳᠤ ᠳᠠᠬᠢ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠪᠠ ᠲᠠᠰ ᠳᠡᠪᠰᠢᠭᠦᠯᠦᠨ ᠬᠥᠭᠵᠢᠭᠦᠯᠬᠦ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃  ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢᠶᠠᠷ ᠳᠠᠮᠵᠢᠭᠤᠯᠤᠨ᠂ ᠰᠢᠨ᠎ᠡ ᠮᠡᠷᠭᠡᠵᠢᠯ ᠰᠢᠨ᠎ᠡ ᠠᠷᠭ᠎ᠠ ᠵᠠᠮ ᠢ ᠠᠰᠢᠭᠯᠠᠨ᠂ ᠭᠠᠳᠠᠭᠠᠳᠤ ᠠᠷᠠᠯᠵᠢᠶ᠎ᠠ ᠶᠢ ᠥᠷᠨᠢᠭᠦᠯᠵᠦ᠂ ᠪᠣᠷᠣᠯᠠᠭᠤᠯᠭ᠎ᠠ ᠶᠢᠨ ᠵᠠᠮ ᠮᠥᠷ ᠢ ᠥᠷᠭᠡᠳᠬᠡᠨ᠂ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠳᠡᠮᠵᠢᠨ᠎ᠡ᠃  ᠬᠤᠳᠠᠯᠳᠤᠭᠠᠨ ᠤ ᠶᠠᠪᠤᠳᠠᠯ᠂ ᠪᠣᠭᠤᠮᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠳᠤ ᠭᠠᠷᠭᠠᠬᠤ ᠬᠠᠮᠢᠶ᠎ᠠ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠬᠦ ᠶᠢ ᠵᠢᠯᠣᠭᠤᠳᠴᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠷᠡᠭᠦᠯ ᠢᠶᠠᠷ ᠦᠷᠭᠦᠯᠵᠢᠯᠡᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃  ᠳᠥᠴᠢᠨ ᠳᠥᠷᠪᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠦᠢᠯᠡᠴᠢᠯᠡᠭᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠲᠦᠴᠡ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠮᠡᠳᠡᠯᠭᠡ ᠨᠢᠭᠲᠠᠷᠬᠠᠰᠠᠨ ᠬᠡᠯᠪᠡᠷᠢ ᠶᠢᠨ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠶᠢ ᠠᠬᠢᠭᠤᠯᠵᠤ᠂ ᠲᠣᠭᠠᠴᠢᠯᠠᠭᠰᠠᠨ ᠠᠷᠠᠯᠵᠢᠶ᠎ᠠ ᠶᠢᠨ ᠣᠯᠠᠨ ᠡᠰᠢᠵᠢᠭᠰᠡᠨ ᠡᠵᠡᠩᠨᠡᠯᠲᠡ ᠶᠢᠨ ᠪᠠᠶᠢᠳᠠᠯ ᠤᠨ ᠵᠠᠭᠪᠤᠷ ᠢ ᠰᠦᠪᠡᠭᠴᠢᠯᠡᠨ ᠬᠥᠭᠵᠢᠭᠦᠯᠦᠨ᠎ᠡ᠃  ᠳᠥᠴᠢᠨ ᠲᠠᠪᠤᠳᠤᠭᠠᠷ ᠵᠤᠷᠪᠤᠰ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠷᠠᠯᠵᠢᠶ᠎ᠠ ᠪᠠ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠭᠠᠳᠠᠭᠠᠳᠤ ᠳᠤ ᠪᠡᠯᠡ ᠣᠷᠣᠭᠤᠯᠵᠤ ᠬᠠᠮᠲᠤᠷᠠᠯᠴᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠢ᠃  ᠳᠥᠴᠢᠨ ᠵᠢᠷᠭᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤᠷᠤᠰ᠂ ᠮᠣᠩᠭᠤᠯ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠤᠷᠤᠰ ᠮᠣᠩᠭᠤᠯ ᠯᠤᠭ᠎ᠠ ᠶᠢᠨ ᠠᠵᠤ ᠦᠢᠯᠡᠰ ᠤᠨ ᠪᠦᠲᠦᠴᠡ᠂ ᠵᠠᠬ᠎ᠠ ᠳᠡᠯᠭᠡᠭᠦᠷ ᠤᠨ ᠪᠦᠲᠦᠴᠡ ᠶᠢᠨ ᠲᠠᠯ᠎ᠠ ᠪᠠᠷ ᠬᠢ ᠵᠥᠷᠢᠶᠡᠲᠦ ᠴᠢᠨᠠᠷ ᠪᠠ ᠬᠠᠷᠢᠯᠴᠠᠨ ᠨᠥᠬᠦᠪᠥᠷᠢᠯᠡᠬᠦ ᠴᠢᠨᠠᠷ ᠢ ᠠᠰᠢᠭᠯᠠᠨ᠂ ᠰᠤᠷᠭᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠢ᠂ ᠡᠨᠧᠷᠭᠢ᠂ ᠴᠢᠳᠠᠪᠤᠷᠢᠲᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠨ᠎ᠠ᠃  ᠳᠥᠴᠢᠨ ᠳᠣᠯᠣᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠠᠵᠤ ᠠᠬᠤᠶᠢᠯᠠᠯ ᠤᠨ ᠪᠥᠬᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠠ ᠬᠠᠮᠲᠤᠷᠠᠯᠴᠠᠭ᠎ᠠ ᠳᠤ ᠭᠦᠨᠵᠡᠭᠡᠶ ᠣᠷᠣᠯᠴᠠᠬᠤ ᠶᠢ ᠳᠡᠮᠵᠢᠨ᠎ᠡ︔ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠪᠠᠭ᠎ᠠ ᠬᠠᠷᠢᠴᠠᠯ ᠢᠶᠠᠷ ᠬᠤᠪᠢ   ᠣᠷᠣᠭᠤᠯᠬᠤ᠂ ᠰᠤᠳᠤᠯᠤᠨ ᠨᠡᠭᠡᠭᠡᠬᠦ ᠲᠥᠪ ᠢ ᠬᠠᠮᠲᠤ ᠪᠠᠷ ᠪᠠᠶᠢᠭᠤᠯᠬᠤ᠂ ᠠᠩᠬ᠎ᠠ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠤ ᠪᠠᠯᠠ ᠣᠷᠣᠭᠤᠯᠬᠤ᠂ ᠬᠠᠮᠲᠤᠷᠠᠭᠰᠠᠨ ᠰᠠᠭᠤᠷᠢ ᠮᠥᠩᠭᠦ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠯᠢ ᠶᠢᠨ ᠭᠠᠳᠠᠨ᠎ᠠ ᠪᠠᠯᠠ ᠣᠷᠣᠭᠤᠯᠤᠯᠲᠠ ᠬᠢᠬᠦ ᠶᠢ ᠵᠣᠷᠢᠭᠵᠢᠭᠤᠯᠤᠨ᠎ᠠ᠃  ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠠᠭᠠᠭᠠᠨ ᠠᠪᠬᠤ ᠶᠢ ᠳᠡᠮᠵᠢᠵᠦ᠂ ᠭᠤᠷᠪᠠᠳᠠᠬᠢ ᠡᠲᠡᠭᠡᠳ ᠤᠨ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠳᠤ ᠣᠷᠣᠯᠴᠠᠵᠤ᠂ ᠲᠣᠨᠤᠭ ᠲᠥᠬᠦᠭᠡᠷᠦᠮᠵᠢ᠂ ᠠᠵᠢᠯᠲᠠᠨ᠂ ᠮᠡᠷᠭᠡᠵᠢᠯ᠂ ᠪᠠᠷᠢᠮᠵᠢᠶ᠎ᠠ ᠪᠠ ᠦᠢᠯᠡᠴᠢᠯᠡᠭᠡ ᠶᠢ ᠳᠠᠶᠢᠴᠢᠯᠠᠨ ᠣᠯᠠᠨ ᠤᠯᠤᠰ ᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠭᠤᠯᠤᠨ᠎ᠠ᠃  ᠳᠥᠴᠢᠨ ᠨᠠᠢᠮᠠᠳᠤᠭᠠᠷ ᠵᠤᠷᠪᠤᠰ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠬᠢᠨᠠᠨ ᠰᠢᠨᠵᠢᠵᠦ ᠵᠠᠳᠠᠯᠤᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠦᠭᠰᠢᠭᠦᠷᠢ ᠶᠢ ᠰᠡᠷᠭᠡᠶᠢᠯᠡᠬᠦ ᠶᠢ ᠬᠥᠲᠥᠯᠥᠨ ᠵᠢᠯᠣᠭᠤᠳᠴᠤ᠂ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠠᠮᠤᠷ ᠲᠦᠪᠰᠢᠨ ᠤ ᠯᠠᠪᠯᠠᠯᠭ᠎ᠠ ᠶᠢᠨ ᠦᠢᠯᠡᠴᠢᠯᠡᠭᠡ ᠶᠢ ᠴᠢᠩᠭᠠᠳᠬᠠᠨ᠂ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠪᠠ ᠪᠠᠶᠢᠭᠤᠯᠤᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠡᠯ᠎ᠡ ᠲᠥᠷᠥᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠶᠢ ᠠᠬᠢᠭᠤᠯᠬᠤ ᠬᠡᠷᠡᠭᠲᠡᠶ᠃  ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠭᠠᠳᠠᠭᠠᠳᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ᠂ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠠᠷᠠᠯᠵᠢᠶ᠎ᠠ ᠶᠢ ᠠᠬᠢᠭᠤᠯᠬᠤ ᠡᠪᠯᠡᠯ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠮᠥᠩᠭᠦᠨ ᠭᠦᠢᠯᠭᠡᠭᠡᠨ᠂ ᠬᠠᠤᠯᠢ ᠴᠠᠭᠠᠵᠠ ᠶᠢᠨ ᠪᠣᠳᠠᠲᠤ ᠶᠠᠪᠤᠳᠠᠯ᠂ ᠣᠭ ᠭᠠᠷᠤᠯᠲᠠ ᠶᠢᠨ ᠭᠠᠵᠠᠷ ᠤᠨ ᠲᠦᠷᠢᠮ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠤᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠪᠠ ᠭᠠᠳᠠᠨ᠎ᠠ ᠠᠴᠠ ᠲᠣᠮᠢᠯᠠᠭᠰᠠᠨ ᠬᠥᠮᠦᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃  ᠳᠥᠴᠢ ᠶᠢᠰᠦᠳᠦᠭᠡᠷ ᠵᠤᠷᠪᠤᠰ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠪᠣᠭᠤᠮᠲᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠪᠡᠯᠡ ᠣᠷᠣᠭᠤᠯᠤᠯᠲᠠ ᠠᠷᠠᠯᠵᠢᠶ᠎ᠠ ᠶᠢ ᠳᠥᠭᠦᠮᠴᠢᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠡᠷᠴᠢᠮ ᠢᠶᠠᠨ ᠨᠡᠮᠡᠭᠳᠡᠭᠦᠯᠵᠦ᠂ ᠣᠯᠠᠨ ᠤᠯᠤᠰ ᠤᠨ ᠠᠷᠠᠯᠵᠢᠶᠠᠨ ᠤ ᠭᠠᠭᠴᠠ ᠴᠣᠩᠬᠤᠪᠴᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠷᠠᠭ᠎ᠠ ᠶᠢᠨ ᠡᠷᠭᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃  ᠲᠠᠪᠢᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠠᠷᠠᠯᠵᠢᠶ᠎ᠠ ᠶᠢ ᠠᠬᠢᠭᠤᠯᠬᠤ ᠡᠪᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠭᠠᠳᠠᠭᠠᠳᠤ ᠶᠢᠨ ᠬᠤᠳᠠᠯᠳᠤᠭᠠᠴᠢᠳ ᠤᠨ ᠪᠠᠯᠠ ᠣᠷᠣᠭᠤᠯᠤᠯᠲᠠ ᠶᠢ ᠠᠬᠢᠭᠤᠯᠬᠤ ᠪᠠ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠤᠷᠪᠤᠰ ᠢ ᠬᠢᠨᠠᠨ ᠵᠥᠪᠰᠢᠶᠡᠷᠡᠬᠦ ᠳᠤ ᠲᠥᠬᠦᠮ ᠦᠵᠡᠭᠦᠯᠬᠦ ᠶᠢ ᠠᠬᠢᠭᠤᠯᠤᠨ᠂ ᠭᠠᠳᠠᠭᠠᠳᠤ ᠶᠢᠨ ᠬᠤᠳᠠᠯᠳᠤᠭᠠᠴᠢᠳ ᠤᠨ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃  ᠲᠠᠪᠢᠨ ᠨᠢᠭᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠠᠷᠠᠯᠵᠢᠶ᠎ᠠ ᠨᠡᠪᠲᠡᠷᠡᠯ︾ ᠵᠡᠷᠭᠡ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠷᠠᠯᠵᠢᠶᠠᠨ ᠤ ᠴᠠᠭ ᠴᠢᠮᠡᠭᠡ᠂ ᠤᠬᠠᠭᠤᠯᠤᠨ ᠲᠠᠨᠢᠯᠴᠠᠭᠤᠯᠬᠤ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ᠂ ᠪᠠᠷᠠᠭᠠᠨ ᠤ ᠭᠦᠢᠯᠭᠡᠭᠡ ᠶᠢ ᠵᠣᠯᠭᠠᠭᠤᠯᠬᠤ᠂ ᠠᠷᠠᠯᠵᠢᠶᠠᠨ ᠤ ᠪᠠᠯᠠ ᠲᠣᠬᠢᠷᠠᠭᠤᠯᠭ᠎ᠠ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢ ᠪᠠᠲᠤᠯᠠᠬᠤ᠂ ᠠᠪᠤᠷᠠᠨ ᠲᠤᠰᠠᠯᠠᠵᠤ ᠲᠤᠰᠠᠯᠠᠬᠤ ᠵᠡᠷᠭᠡ ᠪᠥᠬᠦ ᠲᠠᠯ᠎ᠠ ᠪᠠᠷ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃  ᠵᠢᠷᠭᠤᠳᠤᠭᠠᠷ ᠪᠦᠯᠦᠭ  ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ  ᠲᠠᠪᠢᠨ ᠬᠤᠶᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ  ᠤᠨ ᠣᠷᠳᠣᠨ ᠪᠡᠯᠡ ᠮᠥᠩᠭᠦ ᠲᠥᠷᠥᠯ ᠵᠦᠢᠯ ᠣᠷᠣᠭᠤᠯᠤᠨ ᠠᠪᠴᠢᠷᠠᠬᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠲᠡᠷᠢᠭᠦᠨ ᠤ ᠨᠡᠭᠡᠭᠡᠯᠲᠡᠲᠦ ᠬᠥᠭᠵᠢᠯᠲᠡ ᠶᠢᠨ ᠣᠷᠴᠢᠨ ᠢ ᠪᠣᠢ ᠪᠣᠯᠭᠠᠵᠤ᠂ ᠨᠡᠭᠡᠭᠡᠯᠲᠡᠲᠦ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃  ᠲᠠᠪᠢᠨ ᠭᠤᠷᠪᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ  ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠵᠢᠴᠢ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠲᠣᠰ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ᠂ ᠡᠬᠢ ᠪᠠᠶᠠᠯᠢᠭ ᠤᠨ ᠤᠭ ᠰᠤᠷᠪᠤᠯᠵᠢ᠂ ᠠᠵᠤ ᠦᠢᠯᠡᠰ ᠤᠨ ᠰᠠᠭᠤᠷᠢ ᠪᠠ ᠬᠥᠭᠵᠢᠯᠲᠡ ᠶᠢᠨ ᠳᠠᠯᠳᠠ ᠬᠦᠴᠦᠨ ᠢ ᠨᠢᠭᠡᠳᠦᠯᠲᠡᠢ ᠳᠤ ᠲᠥᠯᠥᠪᠯᠡᠨ ᠪᠣᠳᠣᠯᠬᠢᠯᠠᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠬᠦ ᠬᠡᠷᠡᠭᠲᠡᠢ᠃  ᠲᠠᠪᠢᠨ ᠳᠥᠷᠪᠡᠳᠦᠭᠡᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ  ᠤᠨ ᠣᠷᠳᠣᠨ ᠣᠯᠠᠨ ᠤᠯᠤᠰ ᠠᠴᠠ ᠬᠤᠭᠤᠷᠣᠨᠳᠣᠬᠢ ᠨᠥᠬᠦᠷᠰᠡᠭ ᠬᠤᠲᠠ ᠶᠢ ᠵᠣᠯᠭᠠᠭᠤᠯᠬᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠠᠵᠢᠯᠯᠠᠭ᠎ᠠ ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠭᠠᠳᠠᠭᠠᠳᠤ ᠳᠤ ᠬᠤᠳᠠᠯᠳᠤᠭᠠᠴᠢᠨ ᠤᠷᠢᠬᠤ ᠲᠠᠪᠴᠠᠩ ᠢ ᠪᠠᠶᠢᠭᠤᠯᠵᠤ᠂ ᠳᠤᠮᠳᠠᠳᠤ ᠤᠯᠤᠰ ᠠᠴᠠ ᠣᠯᠠᠨ ᠤᠯᠤᠰ ᠠᠴᠠ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ᠂ ᠳᠤᠮᠳᠠᠳᠤ ᠤᠯᠤᠰ ᠠᠴᠠ ᠣᠯᠠᠨ ᠤᠯᠤᠰ ᠠᠴᠠ ᠪᠡᠯᠡ ᠣᠷᠣᠭᠤᠯᠤᠯᠲᠠ ᠶᠢᠨ ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ᠂ ᠳᠤᠮᠳᠠᠳᠤ ᠤᠯᠤᠰ ᠠᠴᠠ ᠣᠯᠠᠨ ᠤᠯᠤᠰ ᠠᠴᠠ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠳᠤᠮᠳᠠᠳᠤ ᠤᠯᠤᠰ ᠠᠴᠠ ᠣᠯᠠᠨ ᠤᠯᠤᠰ ᠠᠴᠠ ᠬᠡᠷᠡᠭᠯᠡᠭᠡᠨ ᠤ ᠵᠦᠢᠯ ᠤᠨ ᠦᠵᠡᠰᠬᠦᠯᠡᠩ ᠵᠡᠷᠭᠡ ᠤᠯᠤᠰ ᠠᠴᠠ ᠲᠡᠰ ᠤᠨ ᠦᠵᠡᠰᠬᠦᠯᠡᠩ ᠢ ᠠᠰᠢᠭᠯᠠ ᠬᠤᠳᠠᠯᠳᠤᠭᠠᠴᠢᠨ ᠤᠷᠢᠬᠤ ᠠᠷᠭ᠎ᠠ ᠵᠠᠮ ᠢᠶᠠᠨ ᠥᠷᠭᠡᠳᠬᠡᠵᠦ᠂ ᠭᠠᠳᠠᠭᠠᠳᠤ ᠪᠡᠯᠡ ᠣᠷᠣᠭᠤᠯᠬᠤ ᠬᠡᠪᠴᠢᠶ᠎ᠡ ᠪᠠᠨ ᠥᠷᠭᠡᠳᠬᠡᠵᠦ ᠪᠣᠯᠤᠨ᠎ᠠ᠃  ᠲᠠᠪᠢᠨ ᠲᠠᠪᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠰ  ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠵᠤ᠂ ᠪᠣᠳᠠᠲᠤ ᠴᠣᠭᠴᠠ ᠶᠢᠨ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠣᠲᠣ ᠦᠶ᠎ᠡ ᠶᠢᠨ ᠮᠥᠩᠭᠦᠨ ᠬᠦᠢᠯᠭᠡᠭᠡᠨ᠂ ᠬᠥᠮᠦᠨ ᠤ ᠬᠦᠴᠦᠨ ᠤ ᠡᠬᠢ ᠪᠠᠶᠠᠯᠢᠭ ᠢ ᠵᠣᠬᠢᠴᠠᠯᠳᠤᠭᠤᠯᠤᠨ ᠬᠥᠭᠵᠢᠭᠦᠯᠦᠭᠰᠡᠨ ᠣᠯᠠᠨ ᠡᠰᠢᠵᠢᠭᠰᠡᠨ ᠨᠡᠭᠡᠭᠡᠯᠲᠡᠲᠦ ᠬᠡᠯᠪᠡᠷᠢ ᠶᠢᠨ ᠣᠲᠣ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃  ᠲᠠᠪᠢᠨ ᠵᠢᠷᠭᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠭᠠᠵᠠᠷ ᠣᠷᠣᠨ ᠤ ᠣᠨᠴᠠᠯᠢᠭ ᠪᠥᠬᠦᠶ ᠳᠠᠪᠠᠭᠤᠯᠢᠭ ᠢᠶᠠᠨ ᠦᠨᠳᠦᠰᠦᠯᠡᠨ᠂ ᠣᠲᠣ ᠦᠶ᠎ᠡ ᠶᠢᠨ ᠡᠨᠧᠷᠭᠢ᠂ ᠡᠳ᠋ᠰᠢᠭᠦᠯᠵᠦ ᠦᠢᠯᠡᠳᠬᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠰᠣᠶᠣᠯ ᠵᠢᠭᠤᠯᠴᠢᠯᠠᠯ᠂ ᠴᠡᠷᠢᠭ ᠠᠷᠠᠳ ᠤᠨ ᠬᠠᠮ ᠬᠥᠭᠵᠢᠭᠦᠯᠦᠯᠲᠡ᠂ ᠲᠣᠭᠠᠴᠢᠯᠠᠭᠰᠠᠨ ᠠᠵᠤ ᠠᠬᠤᠶ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ᠂ ᠦᠢᠯᠡᠴᠢᠯᠡᠭᠡᠨ ᠤ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠬᠡᠷᠡᠭᠲᠡᠶ᠃  ᠲᠠᠪᠢᠨ ᠳᠣᠯᠣᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ  ᠤᠨ ᠵᠠᠰᠠᠭ  ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠤᠳ ᠨᠡᠭᠡᠭᠡᠯᠳᠡ ᠬᠢᠵᠦ ᠰᠢᠨ᠎ᠡ ᠶᠢ ᠡᠭᠦᠳᠬᠦ ᠪᠠᠨ ᠴᠢᠩᠭᠠᠳᠬᠠᠨ᠂ ᠳᠡᠭᠡᠳᠦ ᠰᠢᠨ᠎ᠡ ᠮᠡᠷᠭᠡᠵᠢᠯ ᠪᠣᠯᠤᠨ ᠲᠡᠷᠢᠭᠦᠨ ᠤ ᠬᠡᠷᠡᠭᠯᠡᠭᠡᠨ ᠤ ᠴᠢᠨᠠᠷ ᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠬᠦ ᠶᠢ ᠲᠥᠯᠬᠢᠨ ᠠᠬᠢᠭᠤᠯᠵᠤ᠂ ᠲᠡᠬᠢᠨ ᠡᠭᠦᠰᠴᠦ ᠪᠣᠯᠬᠤ ᠡᠨᠧᠷᠬᠢ ᠪᠠᠷ ᠣᠷᠣᠯᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ︔ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠣᠳᠣ ᠦᠶ᠎ᠡ ᠶᠢᠨ ᠡᠨᠧᠷᠭᠢ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃  ᠲᠠᠪᠢᠨ ᠨᠠᠢᠮᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ  ᠤᠨ ᠵᠠᠰᠠᠭ  ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠡᠨᠧᠷᠭᠢ ᠵᠡᠷᠭᠡ ᠰᠠᠯᠠᠭ᠎ᠠ ᠮᠥᠴᠢᠷ  ᠤᠳ ᠦᠢᠯᠡᠳᠬᠦ ᠦᠢᠯᠡᠰ  ᠤᠨ ᠳᠡᠭᠡᠳᠦ ᠲᠡᠰᠴᠢᠯᠡᠬᠦ᠂ ᠤᠶᠤᠨᠴᠢᠯᠠᠬᠤ᠂ ᠪᠣᠬᠢᠷᠲᠤᠯ ᠥᠭᠡᠢ ᠪᠣᠯᠭᠠᠬᠤ ᠶᠢ ᠲᠥᠯᠬᠢᠨ ᠠᠬᠢᠭᠤᠯᠵᠤ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ᠂ ᠮᠡᠳᠡᠭᠡ ᠵᠠᠩᠭᠢ ᠶᠢᠨ ᠮᠡᠷᠭᠡᠵᠢᠯ᠂ ᠨᠡᠶᠢᠳᠡᠮ ᠬᠡᠷᠡᠭᠯᠡᠬᠦ ᠠᠭᠠᠷ ᠤᠨ ᠲᠡᠭᠡᠭᠡᠪᠦᠷᠢ᠂ ᠪᠣᠬᠢᠷᠲᠤᠯ ᠥᠭᠡᠢ ᠲᠡᠮᠦᠷᠯᠢᠭ ᠬᠠᠶᠢᠯᠤᠭᠤᠯᠬᠤ ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠢᠳᠡᠪᠬᠢᠲᠡᠢ ᠪᠠᠷ ᠣᠷᠣᠭᠤᠯᠵᠤ ᠢᠷᠡᠨ᠂ ᠠᠷᠢᠭᠤᠨ ᠴᠡᠪᠡᠷ ᠦᠢᠯᠡᠳᠪᠦᠷᠢᠯᠡᠬᠦ ᠶᠢ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠪᠣᠯᠤᠨ ᠴᠢᠬᠤᠯᠠ ᠬᠦᠷᠢᠶᠡᠨ ᠤ ᠪᠣᠬᠢᠷᠲᠤᠯ ᠥᠭᠡᠢ ᠪᠣᠯᠭᠠᠬᠤ ᠥᠭᠡᠷᠡᠴᠢᠯᠡᠯᠲᠡ ᠶᠢ ᠲᠦᠷᠭᠡᠳᠬᠡᠨ᠂ ᠪᠣᠬᠢᠷᠲᠤᠯ ᠥᠭᠡᠢ ᠣᠷᠴᠢᠯ ᠠᠵᠤ ᠠᠬᠤᠢ ᠶᠢ ᠬᠥᠭᠵᠢᠭᠦᠯᠵᠦ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃  ᠲᠠᠪᠢ ᠶᠢᠰᠦᠳᠦᠭᠡᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ  ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠳ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠰᠲ᠋ᠧᠮᠵᠢ ᠶᠢ ᠪᠦᠬᠦ ᠲᠠᠯ᠎ᠠ ᠪᠠᠷ᠂ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠪᠦᠲᠦᠭᠡᠨ ᠪᠠᠶᠢᠭᠤᠯᠬᠤ ᠬᠡᠷᠡᠭᠲᠡᠢ᠃  ᠵᠢᠷᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠰᠣᠶᠣᠯ ᠪᠠ ᠵᠢᠭᠤᠯᠴᠢᠯᠠᠯ ᠵᠡᠷᠭᠡ ᠰᠠᠯᠠᠭ᠎ᠠ ᠮᠥᠴᠢᠷ ᠨᠢ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠵᠤ᠂ ᠠᠶᠢᠮᠠᠭ ᠬᠤᠲᠠ ᠠᠯᠤᠰᠯᠠᠨ ᠲᠣᠮᠣ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠵᠢᠭᠤᠯᠴᠢᠯᠠᠯ ᠤᠨ ᠦᠢᠯᠡᠰ ᠤᠨ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ᠃  ᠵᠢᠷᠠᠨ ᠨᠢᠭᠡᠳᠦᠭᠡᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ  ᠤᠨ ᠵᠠᠰᠠᠭ  ᠤᠨ ᠣᠷᠳᠣᠨ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠰᠣᠶᠣᠯ ᠪᠣᠯᠤᠨ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠳ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮᠵᠢ ᠶᠢ ᠪᠠᠶᠢᠭᠤᠯᠤᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ ᠦᠢᠯᠡᠰ ᠪᠣᠯᠤᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠭᠦᠨᠵᠡᠭᠡᠢ ᠠᠭᠤᠰᠤᠯᠴᠠᠭᠤᠯᠬᠤ ᠶᠢ ᠲᠥᠯᠬᠢᠨ ᠠᠬᠢᠭᠤᠯᠬᠤ ᠬᠡᠷᠡᠭᠲᠡᠢ᠃  ᠵᠢᠷᠠᠨ ᠬᠤᠶᠠᠳᠤᠭᠠᠷ ᠵᠤᠷᠪᠤᠰ  ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ ᠲᠥᠯᠥᠪ ᠬᠢᠭᠡᠳ ᠵᠠᠭᠪᠤᠷ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠣᠭᠠᠴᠢᠯᠠᠭᠰᠠᠨ ᠤᠶᠤᠨᠴᠢᠯᠠᠭᠰᠠᠨ ᠥᠭᠡᠷᠡᠴᠢᠯᠡᠯᠲᠡ ᠪᠠ ᠠᠵᠢᠯ ᠲᠥᠷᠥᠯ ᠠᠯᠤᠰᠯᠠᠨ ᠠᠭᠤᠰᠤᠯᠴᠠᠬᠤ ᠶᠢ ᠠᠬᠢᠭᠤᠯᠤᠨ᠂ ᠤᠯᠠᠮᠵᠢᠯᠠᠯᠲᠤ ᠬᠡᠷᠡᠭᠯᠡᠭᠡ ᠬᠢᠭᠡᠳ ᠰᠢᠨ᠎ᠡ ᠬᠡᠯᠪᠡᠷᠢ ᠶᠢᠨ ᠬᠡᠷᠡᠭᠯᠡᠭᠡ᠂ ᠰᠦᠯᠵᠢᠶᠡᠨ ᠳᠡᠭᠡᠷᠡᠬᠢ ᠬᠡᠷᠡᠭᠯᠡᠭᠡ ᠬᠢᠭᠡᠳ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃  ᠵᠢᠷᠠᠨ ᠭᠤᠷᠪᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠠᠴᠠ ᠳᠠᠪᠠᠭᠤᠯᠢᠭ ᠠᠵᠤ ᠦᠢᠯᠡᠰ ᠤᠨ ᠭᠠᠳᠠᠭᠠᠳᠤ ᠳᠠᠬᠢ ᠪᠡᠯᠡ ᠣᠷᠣᠭᠤᠯᠤᠯᠲᠠ ᠶᠢᠨ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠠᠵᠤ ᠦᠢᠯᠡᠰ ᠤᠨ ᠬᠠᠮᠲᠤᠷᠠᠯᠴᠠᠭ᠎ᠠ ᠶᠢ ᠡᠳ᠋ᠰᠢᠭᠦᠯᠵᠦ ᠦᠢᠯᠡᠳᠬᠦ ᠭᠤᠭᠴᠤᠭ᠎ᠠ ᠪᠠᠷ ᠭᠤᠣᠯ ᠪᠣᠯᠭᠠᠵᠤ ᠪᠠᠶᠢᠭᠰᠠᠨ ᠠᠴᠠ ᠬᠤᠷᠰᠢᠵᠤ ᠰᠤᠳᠤᠯᠤᠨ ᠨᠡᠭᠡᠭᠡᠬᠦ᠂ ᠬᠠᠮᠲᠤᠷᠠᠨ ᠵᠢᠷᠤᠭᠯᠠᠨ ᠲᠥᠯᠥᠪᠯᠡᠬᠦ᠂ ᠵᠠᠬ᠎ᠠ ᠳᠡᠯᠭᠡᠭᠦᠷ ᠢᠶᠠᠷ ᠡᠵᠡᠩᠨᠡᠨ ᠪᠣᠷᠣᠯᠠᠭᠤᠯᠬᠤ᠂ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠵᠡᠷᠭᠡ ᠳᠡᠭᠡᠳᠦ ᠦᠵᠦᠭᠦᠷ ᠤᠨ ᠭᠤᠭᠴᠤᠭ᠎ᠠ ᠲᠡᠰᠢ ᠤᠷᠲᠤᠳᠬᠠᠬᠤ ᠶᠢ ᠠᠬᠢᠭᠤᠯᠤᠨ᠎ᠠ᠃  ᠠᠵᠤ ᠠᠬᠤᠶᠢᠯᠠᠯ ᠤᠨ ᠰᠢᠨ᠎ᠡ ᠪᠠᠷ ᠬᠥᠭᠵᠢᠭᠰᠡᠨ ᠬᠦᠷᠢᠶᠡᠨ ᠳᠤ ᠤᠯᠠᠨ ᠤᠯᠤᠰ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠤᠨ ᠬᠠᠮᠲᠤᠷᠠᠯᠴᠠᠭ᠎ᠠ ᠳᠤ ᠢᠳᠡᠪᠬᠢᠲᠡᠢ ᠪᠠᠷ ᠠᠭᠤᠰᠤᠨ ᠣᠷᠣᠬᠤ ᠶᠢ ᠵᠣᠷᠢᠭᠵᠢᠭᠤᠯᠵᠤ᠂ ᠤᠯᠠᠨ ᠤᠯᠤᠰ ᠤᠨ ᠡᠬᠢ ᠪᠠᠶᠠᠯᠢᠭ ᠪᠠ ᠵᠠᠬ᠎ᠠ ᠳᠡᠯᠭᠡᠭᠦᠷ ᠢ ᠨᠡᠩ ᠰᠠᠶᠢᠲᠤᠷ ᠠᠰᠢᠭᠯᠠᠨ᠂ ᠬᠦᠷᠢᠶ᠎ᠡ ᠪᠠ ᠠᠵᠢᠯ ᠲᠦᠷᠦᠯ ᠠᠯᠤᠰᠯᠠᠨ ᠬᠠᠮᠵᠢᠯᠴᠠᠨ ᠰᠢᠨ᠎ᠡ ᠶᠢ ᠡᠭᠦᠳᠬᠦ ᠶᠢ ᠥᠷᠨᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃  ᠳᠣᠯᠣᠳᠤᠭᠠᠷ ᠪᠦᠯᠦᠭ  ᠤᠯᠠᠨ ᠤᠯᠤᠰ ᠤᠨ ᠬᠥᠮᠦᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ  ᠵᠢᠷᠠᠨ ᠳᠥᠷᠪᠡᠳᠦᠭᠡᠷ ᠵᠤᠷᠪᠤᠰ  ᠤᠯᠠᠨ ᠤᠯᠤᠰ ᠤᠨ ᠬᠥᠮᠦᠨ ᠰᠣᠶᠣᠯ ᠤᠨ ᠰᠣᠯᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠳᠤ ᠤᠯᠤᠰ ᠤᠨ ᠥᠭᠡᠷᠡᠴᠢᠯᠡᠯᠲᠡ ᠬᠥᠭᠵᠢᠯᠲᠡ ᠪᠠ ᠭᠠᠳᠠᠭᠠᠳᠤ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠪᠠᠷ ᠦᠨᠳᠦᠰᠦ ᠪᠣᠯᠭᠠᠵᠤ᠂ ᠳᠤᠮᠳᠠᠳᠤ ᠭᠠᠳᠠᠭᠠᠳᠤ ᠶᠢᠨ ᠠᠷᠠᠳ ᠤᠨ ᠰᠡᠳᠬᠢᠯ ᠤᠨ ᠨᠡᠪᠲᠡᠷᠡᠯᠴᠡᠭᠡ ᠪᠠ ᠪᠣᠯᠪᠠᠰᠤᠨ ᠤ ᠲᠣᠯᠢᠯᠠᠯ ᠢ ᠠᠬᠢᠭᠤᠯᠬᠤ ᠪᠠᠷ ᠵᠣᠷᠢᠯᠲᠠ ᠪᠣᠯᠭᠠᠵᠤ᠂ ᠤᠯᠠᠨ ᠤᠯᠤᠰ ᠤᠨ ᠬᠥᠮᠦᠨ ᠰᠣᠶᠣᠯ ᠤᠨ ᠰᠣᠯᠢᠯᠴᠠᠭᠠᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠳᠡᠭᠡᠳᠦ ᠲᠡᠰ ᠤᠨ ᠬᠥᠮᠦᠨ ᠰᠣᠶᠣᠯ ᠤᠨ ᠰᠣᠯᠢᠯᠴᠠᠭᠠᠨ ᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠥᠮᠦᠨ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠣᠶᠢᠯᠠᠭᠠᠭᠳᠠᠬᠤᠨ ᠢ ᠭᠠᠳᠠᠭᠠᠳᠤ ᠬᠠᠷᠢᠯᠴᠠᠭᠠᠨ ᠤ ᠡᠯ᠎ᠡ ᠬᠦᠷᠢᠶᠡᠨ ᠳᠤ ᠠᠭᠤᠰᠬᠠᠨ ᠨᠡᠶᠢᠯᠡᠭᠦᠯᠬᠦ ᠬᠡᠷᠡᠭᠲᠡᠢ᠃  ᠵᠢᠷᠠᠨ ᠲᠠᠪᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠳ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠲᠤᠮᠳᠠᠳᠤᠴᠤᠳ᠂ ᠭᠠᠳᠠᠭᠠᠳᠤ ᠳᠤ ᠰᠤᠷᠤᠯᠴᠠᠭᠰᠠᠳ᠂ ᠰᠠᠶᠢᠨ ᠳᠤᠷᠠᠴᠤᠳ ᠵᠢᠴᠢ ᠭᠠᠳᠠᠭᠠᠳᠤ ᠳᠤ ᠪᠠᠯᠠ ᠣᠷᠣᠭᠤᠯᠤᠭᠰᠠᠨ ᠳᠤᠮᠳᠠᠳᠤ ᠶᠢᠨ ᠪᠠᠯᠠᠲᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠣᠶᠣᠯ ᠢᠷᠭᠡᠨᠰᠢᠯ ᠤᠨ ᠰᠣᠯᠢᠯᠴᠠᠭ᠎ᠠ ᠳᠤ ᠢᠳᠡᠪᠬᠢᠲᠡᠶ ᠣᠷᠣᠯᠴᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠳᠤᠮᠳᠠᠳᠤ ᠭᠠᠳᠠᠭᠠᠳᠤ ᠶᠢᠨ ᠠᠷᠠᠳ ᠣᠯᠠᠨ ᠤ ᠡᠳᠦᠷ ᠲᠤᠲᠤᠮ ᠤᠨ ᠶᠠᠪᠤᠯᠴᠠᠭ᠎ᠠ ᠳᠤᠮᠳᠠ ᠠᠭᠤᠯᠬᠤ ᠬᠡᠷᠡᠭᠲᠡᠶ᠃  ᠲᠤᠰᠬᠠᠶᠢᠵᠢᠭᠰᠠᠨ᠂ ᠳᠡᠯᠡᠬᠡᠶᠢᠵᠢᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠠᠷᠠᠳ ᠤᠨ ᠬᠦᠴᠦᠨ ᠤ ᠰᠣᠶᠣᠯ ᠢᠷᠭᠡᠨᠰᠢᠯ ᠤᠨ ᠰᠣᠯᠢᠯᠴᠠᠭᠠᠨ ᠤ ᠪᠣᠳᠠᠲᠠᠶ ᠲᠥᠷᠥᠯ ᠵᠤᠷᠪᠤᠰ ᠤᠨ ᠠᠵᠢᠯᠯᠠᠭᠠᠨ ᠳᠤ ᠣᠷᠣᠯᠴᠠᠬᠤ ᠶᠢ ᠵᠣᠷᠢᠭᠵᠢᠭᠤᠯᠤᠨ᠎ᠠ᠃  ᠵᠢᠷᠠᠨ ᠵᠢᠷᠭᠤᠳᠤᠭᠠᠷ ᠵᠤᠷᠪᠤᠰ  ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠶᠢᠨ ᠭᠤᠤᠯ ᠭᠤᠭᠴᠤᠭ᠎ᠠ ᠪᠠ ᠬᠤᠰᠢᠭᠤᠷᠠᠯ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠡᠭᠦᠳᠦᠯᠲᠡ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠬᠤ ᠶᠢ ᠳᠡᠮᠵᠢᠨ᠎ᠡ᠃  ᠣᠷᠣᠨ ᠤ ᠳᠣᠲᠣᠷᠠᠬᠢ ᠠᠵᠤ ᠠᠬᠤᠶᠢᠯᠠᠯ ᠬᠢᠭᠡᠳ ᠣᠯᠠᠨ ᠤᠯᠤᠰ ᠤᠨ ᠨᠠᠷᠠᠲᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠷᠣᠨ ᠤ ᠳᠣᠲᠣᠷ᠎ᠠ ᠤᠯᠠᠷᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠰᠤᠳᠤᠯᠤᠨ ᠨᠡᠭᠡᠭᠡᠬᠦ ᠲᠥᠪ᠂ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠳᠡᠮᠵᠢᠵᠦ᠂ ᠨᠥᠬᠦᠴᠡᠯ ᠲᠠᠢ ᠭᠠᠵᠠᠷ ᠣᠷᠣᠨ ᠨᠢ ᠬᠢᠯᠢ ᠶᠢᠨ ᠭᠠᠳᠠᠨᠠᠬᠢ ᠴᠢᠳᠠᠪᠤᠷᠢᠲᠠᠨ ᠤ ᠪᠣᠭᠤᠮᠲᠠ ᠠᠴᠠ ᠰᠠᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃  ᠵᠢᠷᠠᠨ ᠳᠣᠯᠣᠳᠤᠭᠠᠷ ᠵᠤᠷᠪᠤᠰ  ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠤᠯᠤᠰ ᠤᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠬᠠᠮᠲᠤ ᠪᠠᠷ ᠪᠠᠶᠢᠭᠤᠯᠬᠤ᠂ ᠰᠤᠷᠤᠬᠴᠢ ᠶᠢ ᠬᠠᠮᠲᠤᠷᠠᠨ ᠬᠥᠮᠦᠵᠢᠭᠦᠯᠬᠦ᠂ ᠠᠵᠢᠯᠳᠠᠨ ᠢ ᠬᠠᠷᠢᠯᠴᠠᠨ ᠰᠤᠷᠪᠤᠯᠵᠢᠯᠠᠬᠤ᠂ ᠬᠠᠮᠲᠤᠷᠠᠨ ᠰᠤᠳᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠦᠨ᠎ᠡ᠃  ᠭᠠᠳᠠᠭᠠᠳᠤ ᠠᠴᠠ ᠴᠢᠳᠠᠪᠤᠷᠢᠲᠠᠨ ᠤᠷᠢᠵᠤ ᠤᠶᠤᠨ ᠤᠬᠠᠭᠠᠨ ᠣᠷᠣᠭᠤᠯᠬᠤ ᠠᠷᠭ᠎ᠠ ᠵᠠᠮ ᠢ ᠥᠷᠭᠡᠳᠬᠡᠬᠦ ᠶᠢ ᠵᠣᠷᠢᠭᠵᠢᠭᠤᠯᠵᠤ᠂ ᠭᠠᠳᠠᠭᠠᠳᠤ ᠳᠠᠬᠢ ᠴᠢᠳᠠᠪᠤᠷᠢᠲᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠪᠠ ᠠᠶᠢᠯᠴᠢᠯᠠᠯᠲᠠ ᠶᠢ ᠠᠬᠢᠭᠤᠯᠤᠨ᠎ᠠ᠃  ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠢᠶ᠎ᠠ ᠪᠥᠬᠦᠶ ᠬᠠᠤᠯᠢ ᠴᠠᠭᠠᠵᠠ᠂ ᠠᠷᠠᠯᠵᠢᠶᠠᠨ ᠤ ᠲᠦᠷᠢᠮ ᠪᠣᠯᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠠᠶᠢᠨ ᠮᠡᠳᠡᠬᠦ ᠲᠤᠰᠬᠠᠶ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠵᠣᠷᠢᠭᠵᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠰᠢᠨᠡᠴᠢᠯᠡᠨ ᠳᠡᠯᠭᠡᠷᠡᠭᠦᠯᠵᠦ᠂ ᠳᠡᠯᠡᠬᠡᠶ ᠶᠢᠨ ᠬᠠᠷᠠᠭᠠᠰᠤ ᠲᠠᠢ ᠰᠢᠯᠢᠳᠡᠭ ᠴᠢᠳᠠᠪᠤᠷᠢᠲᠠᠨ ᠢ    ᠬᠥᠮᠦᠵᠢᠭᠦᠯᠦᠨ᠎ᠡ᠃  ᠵᠢᠷᠠᠨ ᠨᠠᠢᠮᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠬᠠᠮᠢᠶ᠎ᠠ ᠪᠦᠬᠦᠢ ᠤᠯᠤᠰ ᠯᠤᠭ᠎ᠠ ᠡᠮᠴᠢᠯᠡᠭᠡ ᠡᠷᠡᠭᠦᠯ ᠬᠠᠮᠠᠭᠠᠯᠠᠯ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠬᠠᠮᠲᠤᠷᠠᠯᠴᠠᠭ᠎ᠠ ᠥᠷᠨᠢᠭᠦᠯᠬᠦ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠰᠣᠯᠢᠯᠴᠠᠭ᠎ᠠ ᠪᠠ ᠬᠠᠮᠲᠤᠪᠠᠷ ᠬᠦᠷᠲᠡᠬᠦ ᠶᠢ ᠴᠢᠩᠭᠠᠳᠬᠠᠵᠤ᠂ ᠡᠷᠡᠭᠦᠯ ᠡᠩᠬᠡ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠬᠤ ᠬᠡᠷᠡᠭᠲᠡᠢ᠃  ᠵᠢᠷᠠ ᠶᠢᠰᠦᠳᠦᠭᠡᠷ ᠵᠤᠷᠪᠤᠰ  ᠰᠣᠶᠣᠯ ᠤᠨ ᠠᠵᠤ ᠠᠬᠤᠶᠢᠯᠠᠯ ᠤᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠳᠤ ᠣᠷᠣᠯᠴᠠᠬᠤ ᠶᠢ ᠵᠣᠷᠢᠭᠵᠢᠭᠤᠯᠤᠨ ᠬᠥᠳᠥᠯᠥᠨ ᠵᠢᠯᠣᠭᠤᠳᠴᠤ᠂ ᠬᠢᠯᠢ ᠶᠢᠨ ᠭᠠᠳᠠᠨ᠎ᠠ ᠰᠣᠶᠣᠯ ᠤᠨ ᠬᠦᠷᠢᠶᠡᠨ ᠳᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠠᠪᠴᠠᠩ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠤᠯᠠᠮᠵᠢᠯᠠᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃  ᠳᠠᠯᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠰᠣᠶᠣᠯ ᠪᠠ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠨᠢ ᠭᠠᠳᠠᠭᠠᠳᠤ ᠳᠤ ᠤᠯᠠᠮᠵᠢᠯᠠᠨ ᠲᠠᠷᠬᠠᠭᠠᠬᠤ ᠬᠦᠴᠦᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠢᠬᠤᠯᠠ ᠶᠡᠭᠡ ᠭᠤᠤᠯ ᠰᠡᠳᠦᠪ᠂ ᠴᠢᠬᠤᠯᠠ ᠠᠵᠢᠯᠯᠠᠭ᠎ᠠ ᠶᠢᠨ ᠭᠠᠳᠠᠭᠠᠳᠤ ᠤᠬᠠᠭᠤᠯᠭ᠎ᠠ ᠶᠢ ᠴᠢᠩᠭᠠᠳᠬᠠᠨ᠂ ᠰᠣᠨᠢᠨ ᠰᠡᠳᠬᠦᠯ ᠤᠨ ᠰᠦᠯᠵᠢᠶ᠎ᠡ᠂ ᠷᠠᠳᠢᠣ᠋ ᠲᠧᠯᠸᠢᠰ᠂ ᠨᠣᠮ ᠪᠢᠴᠢᠭ ᠤᠨ ᠬᠡᠪᠯᠡᠯ᠂ ᠺᠢᠨᠣ᠋ ᠲᠧᠯᠸᠢᠰ ᠵᠦᠴᠦᠭᠡ ᠵᠡᠷᠭᠡ ᠣᠯᠠᠨ ᠨᠢᠭᠡ ᠴᠣᠭᠴᠠ ᠶᠢ ᠪᠠᠶᠢᠭᠤᠯᠵᠤ᠂ ᠬᠠᠷᠢᠯᠴᠠᠨ ᠨᠥᠬᠦᠪᠥᠷᠢᠯᠡᠨ ᠬᠤᠯᠪᠣᠭᠠᠯᠠᠨ ᠬᠥᠳᠡᠯᠦᠯᠴᠡᠵᠦ ᠭᠠᠳᠠᠭᠠᠳᠤ ᠳᠤ ᠤᠯᠠᠮᠵᠢᠯᠠᠨ ᠲᠠᠷᠬᠠᠭᠠᠬᠤ ᠵᠢᠭᠰᠠᠭᠠᠯ ᠢ ᠪᠠᠶᠢᠭᠤᠯᠵᠤ᠂ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ᠃  ᠳᠠᠯᠠᠨ ᠨᠢᠭᠡᠳᠦᠭᠡᠷ ᠵᠤᠷᠪᠤᠰ   ᠥᠪᠡᠷᠲᠡᠭᠡᠨ ᠵᠠᠰᠠᠬᠤ ᠣᠷᠣᠨ ᠠᠴᠠ ᠣᠯᠠᠨ ᠤᠯᠤᠰ ᠪᠠ ᠤᠯᠤᠰ ᠠᠴᠠ ᠳᠣᠲᠣᠭᠠᠳᠤ ᠶᠢᠨ ᠪᠠᠷᠢᠮᠵᠢᠶ᠎ᠠ ᠶᠢ ᠤᠯᠠᠷᠢᠭᠤᠯᠬᠤ ᠶᠢ ᠢᠳᠡᠪᠬᠢᠲᠡᠢ ᠥᠷᠨᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠨᠡᠶᠢᠭᠡᠮᠯᠢᠭ ᠤᠨ ᠣᠯᠠᠨ ᠤᠯᠤᠰ᠂ ᠤᠯᠤᠰ᠂ ᠠᠵᠢᠯ ᠲᠥᠷᠥᠯ ᠤᠨ ᠪᠠᠷᠢᠮᠵᠢᠶ᠎ᠠ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠲᠣᠭᠲᠠᠭᠠᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃  ᠳᠠᠯᠠᠨ ᠬᠤᠶᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠤᠨ ᠬᠠᠮᠠᠭᠠᠯᠠᠯᠲᠠ ᠵᠢᠴᠢ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠨ᠂ ᠬᠢᠯᠢ ᠠᠯᠤᠰᠯᠠᠭᠰᠠᠨ ᠤᠰᠤᠨ ᠴᠣᠭᠴᠠ ᠶᠢᠨ ᠤᠰᠤᠨ ᠤ ᠴᠢᠨᠠᠷ ᠢ ᠬᠠᠮᠲᠤᠷᠠᠨ ᠬᠢᠨᠠᠨ ᠰᠢᠨᠵᠢᠬᠦ ᠠᠵᠢᠯ ᠥᠷᠨᠢᠭᠦᠯᠵᠦ᠂ ᠲᠦᠭᠰᠢᠭᠦᠷᠢᠳᠡᠭᠰᠡᠨ ᠠᠮᠢᠳᠤ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢ ᠠᠬᠢᠭᠤᠯᠬᠤ ᠬᠡᠷᠡᠭᠲᠡᠶ᠃  ᠳᠠᠯᠠᠨ ᠭᠤᠷᠪᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠶ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠤᠯᠤᠰ ᠯᠤᠭ᠎ᠠ ᠬᠠᠮᠵᠢᠯᠴᠠᠨ ᠬᠢᠯᠢ ᠠᠯᠤᠰᠯᠠᠭᠰᠠᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠵᠦ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠡᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃  ᠨᠠᠢᠮᠠᠳᠤᠭᠠᠷ ᠪᠦᠯᠦᠭ  ᠪᠠᠲᠤᠯᠠᠭ᠎ᠠ ᠶᠢᠨ ᠠᠷᠭ᠎ᠠ ᠬᠡᠮᠵᠢᠢ᠎ᠡ  ᠳᠠᠯᠠᠨ ᠳᠥᠷᠪᠡᠳᠦᠭᠡᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯ ᠢ ᠲᠣᠰ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠵᠤ᠂ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃  ᠲᠠᠯᠠᠨ ᠲᠠᠪᠤᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ  ᠤᠨ ᠣᠷᠳᠣᠨ ᠨᠢ ᠤᠯᠤᠰ ᠠᠴᠠ ᠬᠢᠯᠢ ᠳᠠᠭᠠᠤ ᠶᠢᠨ ᠭᠤᠣᠯᠳᠠᠯᠭ᠎ᠠ ᠲᠠᠢ ᠭᠠᠵᠠᠷ ᠣᠷᠣᠨ ᠲᠤ ᠰᠢᠯᠵᠢᠭᠦᠯᠦᠨ ᠥᠭᠬᠦ ᠪᠠ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠲᠤᠰᠬᠠᠢ ᠵᠦᠢᠯ  ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠡᠷᠴᠢᠮ ᠢ ᠨᠡᠮᠡᠭᠳᠡᠭᠦᠯᠬᠦ ᠪᠠᠷ ᠴᠢᠷᠮᠠᠶᠢᠨ ᠣᠯᠵᠤ᠂ ᠲᠤᠰᠬᠠᠢ ᠵᠦᠢᠯ  ᠤᠨ ᠵᠢᠭᠡᠯᠡᠯᠭᠡ ᠶᠢᠨ ᠲᠡᠮᠳᠡᠭ ᠲᠠᠷᠬᠠᠭᠠᠬᠤ ᠨᠥᠬᠦᠴᠡᠯ ᠲᠤ ᠨᠡᠶᠢᠴᠡᠬᠦ ᠲᠥᠷᠥᠯ ᠵᠦᠢᠯ ᠲᠤ ᠳᠡᠮᠵᠢᠯᠭᠡ ᠦᠵᠡᠭᠦᠯᠬᠦ ᠬᠡᠷᠡᠭᠲᠡᠢ᠃  ᠳᠠᠯᠠᠨ ᠵᠢᠷᠭᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ᠂ ᠭᠠᠳᠠᠭᠠᠳᠤ ᠳᠤ ᠭᠠᠷᠭᠠᠬᠤ ᠢᠲᠡᠭᠡᠮᠵᠢᠲᠦ ᠵᠢᠭᠡᠯᠡᠯᠭᠡ᠂ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠴᠠᠬᠢᠯᠭᠠᠨ ᠬᠡᠷᠡᠭᠯᠡᠬᠦ ᠤᠰᠤ ᠬᠡᠷᠡᠭᠯᠡᠬᠦ ᠵᠡᠷᠭᠡ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠠᠩ ᠣᠯᠠᠨ ᠠᠵᠤ ᠠᠬᠤᠶᠢᠯᠠᠯ ᠢ ᠲᠠᠲᠠᠵᠤ ᠪᠠᠶᠢᠭᠠᠳ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠦᠯᠲᠡ ᠪᠠ ᠣᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠶᠢᠯᠢ ᠪᠠᠲᠤᠯᠠᠬᠤ ᠰᠠᠩ ᠬᠥᠮᠥᠷᠭᠡ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠣᠳᠠᠲᠠᠶ ᠭᠠᠵᠠᠷ ᠲᠤᠨᠢ ᠬᠥᠭᠵᠢᠭᠦᠯᠬᠦ ᠬᠡᠷᠡᠭᠲᠡᠶ᠃  ᠳᠠᠯᠠᠨ ᠳᠣᠯᠣᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠤᠳ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠤᠳᠠᠯᠳᠤᠭᠠᠴᠢᠨ ᠤᠷᠢᠬᠤ᠂ ᠪᠣᠳᠠᠲᠠᠶᠢᠵᠢᠭᠤᠯᠬᠤ᠂ ᠪᠦᠲᠦᠭᠡᠨ ᠪᠠᠶᠢᠭᠤᠯᠬᠤ ᠠᠴᠠ ᠠᠰᠢᠭᠯᠠᠯᠲᠠ ᠳᠤ ᠣᠷᠣᠭᠤᠯᠬᠤ ᠬᠦᠷᠲᠡᠯᠡᠬᠢ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮ ᠳᠥᠲᠡ ᠪᠣᠯᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠵᠤ ᠠᠬᠤᠶᠢᠯᠠᠯ ᠤᠨ ᠥᠮᠴᠢᠯᠡᠬᠦ ᠡᠷᠬᠡ᠂ ᠡᠵᠡᠨ ᠮᠡᠳᠡᠵᠦ ᠡᠵᠡᠩᠨᠡᠬᠦ ᠡᠷᠬᠡ ᠪᠣᠯᠤᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠤᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠮᠥᠩᠭᠦ᠂ ᠮᠡᠷᠭᠡᠵᠢᠯ᠂ ᠬᠥᠮᠦᠨ ᠤ ᠬᠦᠴᠦᠨ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠦᠢᠯᠡᠳᠪᠦᠷᠢᠯᠡᠯ ᠤᠨ ᠬᠦᠴᠦᠨ ᠵᠤᠷᠪᠤᠰ ᠪᠣᠯᠤᠨ ᠣᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ ᠶᠢ ᠪᠠᠲᠤᠯᠠᠬᠤ ᠬᠡᠷᠡᠭᠲᠡᠶ᠃  ᠳᠠᠯᠠᠨ ᠨᠠᠢᠮᠠᠳᠤᠭᠠᠷ ᠵᠤᠷᠪᠤᠰ  ᠡᠯ᠎ᠡ ᠭᠠᠵᠠᠷ ᠣᠷᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠶᠢᠭᠤᠯᠤᠮᠵᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃  ᠳᠠᠯᠠ ᠶᠢᠰᠦᠳᠦᠭᠡᠷ ᠵᠤᠷᠪᠤᠰ  ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ ᠨᠦᠭᠦᠳ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠤᠰ ᠭᠠᠵᠠᠷ ᠣᠷᠣᠨ᠂ ᠲᠤᠰ ᠰᠢᠰᠲ᠋ᠧᠮ᠂ ᠲᠤᠰ ᠬᠦᠷᠢᠶ᠎ᠡ ᠴᠠᠷᠠᠭ᠎ᠠ ᠶᠢᠨ ᠤᠯᠤᠰ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃   ᠨᠠᠶᠠᠳᠤᠭᠠᠷ ᠵᠤᠷᠪᠤᠰ  ᠲᠦᠷᠦ ᠶᠢᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠠᠶᠢᠭᠤᠯᠬᠤ ᠲᠠᠢ ᠬᠤᠯᠪᠣᠭᠳᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠬᠡᠷᠡᠭᠲᠡᠢ᠃  ᠨᠠᠶᠠᠨ ᠨᠢᠭᠡᠳᠦᠭᠡᠷ ᠵᠤᠷᠪᠤᠰ  ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠶᠢᠭᠤᠯᠬᠤ ᠠᠵᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠵᠦ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠬᠤ ᠬᠡᠷᠡᠭᠲᠡᠶ᠃  ᠨᠠᠶᠠᠨ ᠬᠤᠶᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃  ᠨᠠᠶᠠᠨ ᠭᠤᠷᠪᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃  ᠨᠠᠶᠠᠨ ᠳᠥᠷᠪᠡᠳᠦᠭᠡᠷ ᠵᠤᠷᠪᠤᠰ  ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢ ᠨᠢ ᠳᠠᠭᠠᠬᠤ ᠬᠡᠷᠡᠭᠲᠡᠶ᠃  ᠨᠠᠶᠠᠨ ᠲᠠᠪᠤᠳᠤᠭᠠᠷ ᠵᠤᠷᠪᠤᠰ  ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠦᠬᠦᠢ ᠭᠤᠣᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠭᠡᠯ ᠣᠯᠭᠤᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃  ᠶᠢᠰᠦᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ  ᠨᠠᠶᠠᠨ ᠵᠢᠷᠭᠤᠳᠤᠭᠠᠷ ᠵᠤᠷᠪᠤᠰ  ᠲᠣᠰ ᠲᠦᠷᠢᠮ ᠢ 2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 
 
ᠢᠷᠡᠯᠲᠡ᠄ ᠪᠣᠭᠤᠮᠲᠠ ᠶᠢᠨ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号