ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 20 ᠤ ᠴᠠᠬᠢᠯᠭᠠᠨ ᠮᠡᠳᠡᠭᠡ ᠣᠶᠢᠷ᠎ᠠ ᠳᠤ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠸᠠᠰᠢᠩᠲ᠋ᠤᠨ ᠵᠧᠦ ᠶᠢᠨ ︽ᠠᠮᠧᠷᠢᠺᠠ ᠳᠤᠮᠳᠠᠳᠤ ᠶᠢᠨ | ᠵᠠᠯᠠᠭᠤᠴᠤᠳ ᠪᠠᠭᠠᠴᠤᠳ ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ | ᠨᠥᠬᠦᠷᠰᠡᠭ ᠬᠥᠮᠥᠰ ᠲᠤ ᠬᠠᠷᠢᠭᠤ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠦᠰᠡᠯ ᠡᠷᠡᠮᠡᠯᠵᠡᠯ ᠠᠷᠠᠳ ᠲᠦᠮᠡᠨ ᠳᠤ ᠪᠣᠢ᠂ | ᠰᠠᠭᠤᠷᠢ ᠨᠢ ᠠᠷᠠᠳ ᠤᠨ ᠳᠤᠮᠳᠠ ᠪᠣᠢ᠂ ᠢᠷᠡᠭᠡᠳᠦᠢ ᠨᠢ ᠵᠠᠯᠠᠭᠤᠴᠤᠳ ᠲᠤ ᠪᠣᠢ᠃ ᠳᠤᠮᠳᠠᠳᠤ ᠠᠮᠧᠷᠢᠺᠠ ᠶᠢᠨ | ᠨᠡᠩ ᠣᠯᠠᠨ ᠵᠠᠯᠠᠭᠤᠴᠤᠳ ᠲᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠵᠤ᠂ ᠭᠠᠷ ᠭᠠᠷ ᠢᠶᠠᠨ | ᠬᠤᠯᠪᠣᠨ ᠬᠠᠮᠲᠤ ᠪᠠᠷ ᠤᠷᠤᠭᠰᠢᠯᠠᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠨᠢᠭᠡ ᠦᠶ᠎ᠡ ᠶᠢᠨ ᠡᠯᠴᠢᠨ | ᠪᠣᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠳᠤ ᠦᠷᠭᠦᠯᠵᠢᠯᠡᠨ ᠬᠥᠳᠡᠯᠭᠡᠬᠦ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ᠃ ︽ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠰᠣᠷᠣᠭᠴᠢᠳ ᠤᠨ | ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠠᠶᠢᠵᠠ ᠨᠠᠷ ᠤᠨ ᠳᠤᠮᠳᠠᠳᠤ ᠠᠮᠧᠷᠢᠺᠠ ᠶᠢᠨ | ᠵᠠᠯᠠᠭᠤᠴᠤᠳ ᠤᠨ ᠨᠥᠬᠦᠷᠰᠡᠭ ᠶᠠᠪᠤᠯᠴᠠᠭ᠎ᠠ ᠵᠢᠴᠢ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ | ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠪᠠᠨ ᠦᠵᠡᠭᠦᠯᠬᠦ ᠶᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | | ᠲᠦᠷᠦᠭᠦᠬᠡᠨ᠂ ᠠᠮᠧᠷᠢᠺᠠ ᠶᠢᠨ ᠸᠠᠰᠢᠩᠲ᠋ᠣᠨ ᠵᠧᠦ ᠶᠢᠨ ︽ᠠᠮᠧᠷᠢᠺᠠ ᠳᠤᠮᠳᠠᠳᠤ ᠶᠢᠨ ᠵᠠᠯᠠᠭᠤᠴᠤᠳ | ᠪᠠᠭᠠᠴᠤᠳ ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠥᠬᠦᠷᠰᠡᠭ ᠬᠥᠮᠥᠰ | ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠳᠡᠯᠡᠬᠡᠢ ᠶᠢᠨ ᠣᠶᠤᠲᠠᠳ ᠤᠨ ᠵᠣᠨ ᠤ | ᠤᠯᠠᠷᠢᠯ ᠤᠨ ᠲᠠᠮᠢᠷ ᠤᠨ ᠴᠤᠭᠯᠠᠭᠠᠨ ᠪᠣᠯᠣᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠬᠢᠯᠡᠬᠦ ᠶᠢ ᠵᠥᠩᠨᠡᠵᠦ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠬᠠᠮᠲᠤᠷᠠᠯᠴᠠᠭ᠎ᠠ ᠪᠣᠯᠣᠨ ᠰᠣᠶᠣᠯ | ᠢᠷᠭᠡᠨᠰᠢᠯ ᠤᠨ ᠰᠣᠯᠢᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠬᠤ ᠪᠠᠷ ᠴᠢᠷᠮᠠᠶᠢᠨ᠎ᠠ ᠭᠡᠵᠦ ᠢᠯᠡᠳᠬᠡᠵᠡᠢ᠃ | |