ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 22 ᠤᠨ ᠴᠠᠬᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠶᠤᠬᠠᠨᠨᠧᠰᠪᠦ᠋ᠷᠡᠭ ᠤᠨ ᠠᠯᠲᠠᠨ ᠲᠣᠭᠤᠰᠬ᠎ᠠ ᠤᠯᠤᠰ ᠤᠳ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ | ᠲᠠᠪᠴᠠᠩ ᠤᠨ ᠲᠡᠭᠦᠰᠬᠦ ᠶᠣᠰᠣᠯᠠᠯ ᠳᠤ ︽ᠪᠦᠯᠬᠦᠮᠳᠡᠯ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠠᠶᠤᠯ | ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠵᠤ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ | ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ | ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠬᠡᠯᠪᠡᠷᠢ ᠪᠠᠷ ᠳᠡᠯᠭᠡᠭᠳᠡᠵᠦ᠂ ᠬᠥᠮᠥᠨ | ᠲᠥᠷᠥᠯᠬᠢᠲᠡᠨ ᠤ ᠨᠡᠶᠢᠭᠡᠮ ᠵᠠᠩᠭᠢᠯᠠᠭ᠎ᠠ ᠶᠢᠨ ᠦᠶ᠎ᠡ ᠳᠤ ᠣᠷᠣᠪᠠ᠃ ᠬᠠᠮᠲᠤᠷᠠᠯᠴᠠᠬᠤ ᠪᠠ ᠠᠭᠤᠰᠤᠯᠴᠠᠬᠤ ᠶᠢ | ᠪᠠᠷᠢᠮᠲᠠᠯᠠᠬᠤ ᠶᠤᠮ ᠦᠦ᠂ ᠡᠰᠡᠬᠦᠯ᠎ᠡ ᠬᠠᠭᠠᠴᠠᠬᠤ ᠪᠠ ᠡᠰᠡᠷᠭᠦᠴᠡᠯᠳᠦᠬᠦ ᠵᠠᠮ ᠢᠶᠠᠷ ᠵᠠᠮᠨᠠᠬᠤ ᠶᠤᠮ ᠦᠦ︖ ᠭᠠᠷ | ᠬᠤᠯᠪᠣᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠶᠤᠮ ᠦᠦ᠂ ᠡᠰᠡᠬᠦᠯ᠎ᠡ ᠬᠥᠯ ᠠᠯᠳᠠᠵᠤ ︽ᠰᠢᠨ᠎ᠡ ᠬᠦᠢᠲᠡᠨ | ᠳᠠᠶᠢᠨ︾ ᠵᠦᠭ ᠣᠷᠣᠬᠤ ᠶᠤᠮ ᠦᠦ︖ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢᠨ ᠳᠤᠮᠳᠠ ᠴᠡᠴᠡᠭᠯᠡᠨ | ᠬᠥᠭᠵᠢᠬᠦ ᠶᠤᠮ ᠦᠦ᠂ ᠡᠰᠡᠬᠦᠯ᠎ᠡ ᠬᠠᠷᠭᠢᠰᠯᠠᠯ ᠬᠦᠴᠦᠷᠬᠡᠭᠯᠡᠯ ᠤᠨ ᠳᠤᠮᠳᠠ ᠤᠷᠤᠭᠤᠳᠠᠵᠤ ᠪᠠᠭᠤᠷᠠᠬᠤ ᠶᠤᠮ ᠦᠦ︖ | ᠰᠣᠯᠢᠯᠴᠠᠭ᠎ᠠ ᠪᠠ ᠬᠠᠷᠢᠯᠴᠠᠨ ᠲᠣᠯᠢ ᠪᠣᠯᠭᠠᠬᠤ ᠳᠤᠮᠳᠠ ᠢᠲᠡᠭᠡᠯᠴᠡᠭᠡ ᠪᠠᠨ ᠨᠡᠮᠡᠭᠳᠡᠭᠦᠯᠬᠦ ᠶᠤᠮ ᠦᠦ᠂ ᠡᠰᠡᠬᠦᠯ᠎ᠡ | ᠣᠮᠣᠷᠬᠠᠭ ᠪᠠᠷᠳᠠᠮ ᠪᠠ ᠬᠡᠯᠪᠡᠶᠢᠭᠦᠦ ᠦᠵᠡᠯᠲᠡ ᠪᠠᠷ ᠨᠢᠩᠵᠢᠨ ᠰᠡᠳᠬᠢᠯ ᠢ ᠬᠠᠯᠬᠠᠯᠠᠬᠤ ᠶᠤᠮ ᠦᠦ︖ ᠲᠡᠦᠬᠡ ᠶᠢᠨ | ᠳᠡᠭᠦᠵᠢᠩ ᠴᠠᠭ ᠤᠨ ᠵᠡᠭᠦᠦ ᠠᠯᠢ ᠴᠢᠭᠯᠡᠯ ᠲᠡᠶᠢᠰᠢ ᠵᠢᠭᠠᠬᠤ ᠨᠢ ᠮᠠᠨ ᠤ ᠰᠣᠩᠭᠤᠯᠲᠠ ᠪᠠᠷ ᠲᠣᠭᠲᠠᠭᠠᠭᠳᠠᠨ᠎ᠠ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠪᠣᠯ ᠨᠢᠭᠡ ᠨᠢ ᠬᠥᠭᠵᠢᠪᠡᠯ ᠪᠦᠭᠦᠳᠡᠭᠡᠷ ᠮᠠᠨᠳᠤᠵᠤ᠂ | ᠨᠢᠭᠡ ᠨᠢ ᠬᠤᠬᠢᠷᠠᠪᠠᠯ ᠪᠦᠭᠦᠳᠡᠭᠡᠷ ᠬᠤᠬᠢᠷᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ᠎ᠠ᠃ ᠡᠯ᠎ᠡ | ᠤᠯᠤᠰ ᠤᠨ ᠠᠷᠠᠳ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠨᠢ ︽ᠰᠢᠨ᠎ᠡ ᠬᠦᠢᠲᠡᠨ ᠳᠠᠶᠢᠨ︾ ᠪᠢᠰᠢ᠂ ︽ | ᠵᠢᠵᠢᠭ ᠪᠦᠯᠬᠦᠮ︾ ᠪᠢᠰᠢ᠂ ᠬᠠᠷᠢᠨ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ ᠳᠡᠯᠡᠬᠡᠢ | ᠶᠢᠷᠲᠢᠨᠴᠦ᠂ ᠨᠢᠭᠡᠨ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠪᠣᠯᠣᠨ᠎ᠠ᠃ ᠡᠨᠡ ᠪᠣᠯ ᠲᠡᠦᠬᠡ ᠶᠢᠨ ᠤᠷᠤᠭᠰᠢᠯᠠᠯᠲᠠ ᠶᠢᠨ ᠯᠣᠭᠢᠭ᠂ | ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠮᠥᠨ᠃ ᠡᠯ᠎ᠡ ᠤᠯᠤᠰ ᠤᠨ ᠬᠢᠨ ᠵᠥᠪ ᠶᠢᠷᠲᠢᠨᠴᠦ ᠶᠢᠨ ᠦᠵᠡᠯᠲᠡ᠂ | ᠲᠡᠦᠬᠡ ᠶᠢᠨ ᠦᠵᠡᠯᠲᠡ᠂ ᠶᠡᠭᠡ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠵᠤ᠂ ᠠᠯᠤᠰ ᠤᠨ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ | ᠪᠢᠳᠡ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠶ᠎ᠠ᠃ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ | ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ | ᠦᠨᠳᠦᠰᠦᠲᠡᠨ ᠤ ᠲᠤᠰᠠᠭᠠᠷ ᠲᠣᠭᠲᠠᠨᠢᠯ ᠢᠶᠠᠨ ᠣᠯᠵᠤ᠂ ᠬᠢᠵᠦ ᠪᠠᠶᠢᠭ᠎ᠠ ᠠᠯᠢᠪᠠ ᠪᠥᠬᠦᠨ ᠨᠢ ᠳᠠᠷᠤᠢ ᠠᠷᠠᠳ | ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠶᠢᠨ ᠲᠥᠯᠥᠭᠡ ᠶᠤᠮ᠃ ᠤᠯᠤᠰ ᠨᠢᠭᠡ ᠪᠦᠷᠢ ᠴᠥᠮ ᠬᠥᠭᠵᠢᠬᠦ | ᠡᠷᠬᠡ ᠲᠠᠢ᠂ ᠡᠯ᠎ᠡ ᠤᠯᠤᠰ ᠤᠨ ᠠᠷᠠᠳ ᠲᠦᠮᠡᠨ ᠴᠥᠮ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠡᠷᠬᠡ | ᠴᠢᠯᠦᠭᠡ ᠲᠠᠢ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠪᠥᠬᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠬᠠᠮᠲᠤ ᠶᠢᠨ | ᠥᠷᠢᠰᠦᠯᠳᠦᠭᠡᠨ ᠢ ᠠᠷᠭᠠᠴᠠᠭᠠᠵᠤ᠂ ᠡᠯ᠎ᠡ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ᠃ | ᠪᠢᠳᠡ ᠨᠡᠶᠢᠭᠡᠮ ᠤᠨ ᠠᠮᠤᠷ ᠲᠦᠪᠰᠢᠨ ᠢ ᠴᠢᠷᠮᠠᠶᠢᠨ ᠪᠡᠶᠡᠯᠡᠭᠦᠯᠦᠶ᠎ᠡ᠃ ᠭᠠᠭᠴᠠ ᠬᠦ ᠬᠠᠮᠲᠤ ᠶᠢᠨ᠂ | ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠰᠢᠨ᠎ᠡ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠪᠠᠯ | ᠰᠠᠶ᠋ᠢ ᠨᠡᠶᠢᠳᠡᠮ ᠤᠨ ᠠᠮᠤᠷ ᠲᠦᠪᠰᠢᠨ ᠤ ᠵᠠᠮ ᠢᠶᠠᠷ ᠵᠠᠮᠨᠠᠵᠤ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ | ᠦᠭᠡᠢ᠂ ᠬᠠᠨᠢᠲᠠᠨ ᠪᠣᠯᠬᠤ ᠠᠴᠠ ᠪᠢᠰᠢ ᠬᠤᠯᠪᠣᠭ᠎ᠠ ᠪᠠᠶᠢᠭᠤᠯᠬᠤ ᠦᠭᠡᠢ᠂ ᠬᠠᠮᠲᠤ ᠪᠠᠷ ᠠᠰᠢᠭ ᠬᠦᠷᠲᠡᠬᠦ ᠠᠴᠠ | ᠪᠢᠰᠢ ᠦᠯᠦ ᠡᠪᠰᠡᠬᠦ ᠶᠢ ᠲᠡᠪᠴᠢᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠠᠮᠲᠤ ᠶᠢᠨ ᠴᠣᠭᠴᠠ ᠶᠢ ᠭᠠᠷ | ᠬᠤᠯᠪᠣᠨ ᠪᠠᠶᠢᠭᠤᠯᠤᠨ᠎ᠠ᠃ | ᠪᠢᠳᠡ ᠪᠣᠯᠪᠠᠰᠤᠨ ᠤ ᠰᠣᠯᠢᠯᠴᠠᠭ᠎ᠠ ᠲᠣᠯᠢ ᠪᠣᠯᠭᠠᠬᠤ ᠶᠢ ᠪᠠᠷᠢᠮᠲᠠᠯᠠᠶ᠎ᠠ᠃ ᠥᠪᠡᠷ ᠥᠪᠡᠷ ᠤᠨ ᠢᠶᠠᠨ ᠭᠤᠶᠢᠲᠠ | ᠰᠠᠶᠢᠬᠠᠨ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠮᠥᠨ ᠴᠢᠨᠠᠷ ᠮᠥᠨ᠃ ︽ᠠᠷᠠᠳᠴᠢᠯᠠᠯ ᠪᠠ ᠡᠷᠬᠡ | ᠰᠦᠷ︾᠂ ︽ᠡᠷᠬᠡ ᠴᠢᠯᠦᠭᠡ ᠪᠠ ᠡᠵᠡᠷᠬᠡᠭ ᠪᠠᠶᠢᠭᠤᠯᠤᠯ︾ ᠭᠡᠬᠦ ᠬᠤᠶᠠᠷ ᠡᠰᠢᠲᠦ ᠡᠰᠡᠷᠭᠦᠴᠡᠯᠳᠦᠯ ᠢ ᠵᠣᠷᠢᠭᠤᠳᠠ | ᠬᠥᠭᠡᠷᠭᠡᠳᠡᠬᠦ ᠨᠢ ᠳᠡᠯᠡᠬᠡᠢ ᠶᠢᠷᠲᠢᠨᠴᠦ ᠶᠢᠨ ᠬᠠᠭᠠᠴᠠᠯ᠂ ᠪᠣᠯᠪᠠᠰᠤᠨ ᠤ ᠮᠥᠷᠭᠦᠯᠳᠦᠭᠡᠨ ᠢ ᠡᠭᠦᠰᠬᠡᠬᠦ ᠯᠡ ᠲᠡᠳᠦᠢ | ᠶᠤᠮ᠃ ᠳᠤᠮᠳᠠᠳᠤ ᠤᠯᠤᠰ ᠡᠯ᠎ᠡ ᠤᠯᠤᠰ ᠤᠨ ᠬᠢᠨ ᠤ ᠪᠥᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ | ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ | ᠴᠣᠭᠴᠠᠯᠠᠨ᠂ ᠠᠳᠠᠯᠢ ᠪᠤᠰᠤ ᠪᠣᠯᠪᠠᠰᠤᠨ ᠤ ᠡᠷᠳᠡᠮᠲᠡᠨ ᠪᠥᠬᠦᠨ ᠢ ᠴᠢᠯᠦᠭᠡᠲᠡᠢ ᠶᠠᠷᠢᠯᠴᠠᠭᠤᠯᠬᠤ᠂ ᠴᠡᠴᠡᠭ ᠪᠥᠬᠦᠨ ᠢ | ᠵᠡᠷᠭᠡ ᠪᠠᠷ ᠳᠡᠯᠭᠡᠷᠡᠭᠦᠯᠬᠦ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠤᠯᠠᠮᠵᠢᠯᠠᠯ ᠢ | ᠦᠷᠭᠦᠯᠵᠢᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠯᠲᠠᠨ ᠲᠣᠭᠤᠰᠬ᠎ᠠ ᠤᠯᠤᠰ ᠤᠳ ᠢᠶᠠᠷ ᠲᠥᠯᠥᠭᠡᠯᠡᠭᠦᠯᠦᠭᠰᠡᠨ ᠰᠢᠨ᠎ᠡ ᠪᠠᠷ ᠮᠠᠨᠳᠤᠭᠰᠠᠨ | ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠴᠣᠭᠴᠠ ᠪᠠᠷ ᠢᠶᠠᠨ ᠮᠠᠨᠳᠤᠨ | ᠪᠣᠰᠣᠭᠰᠠᠨ ᠨᠢ ᠶᠠᠭ ᠳᠡᠯᠡᠬᠡᠢ ᠶᠢᠨ ᠪᠠᠶᠢᠷᠢᠰᠢᠯ ᠢ ᠦᠨᠳᠦᠰᠦᠨ ᠠᠴᠠ ᠨᠢ ᠬᠤᠪᠢᠷᠠᠭᠤᠯᠵᠤ ᠪᠠᠶᠢᠨ᠎ᠠ᠃ ᠬᠡᠴᠢᠨᠡᠨ ᠶᠡᠭᠡ | ᠬᠠᠷᠰᠢ ᠰᠠᠭᠠᠳ ᠪᠠᠶᠢᠭᠰᠠᠨ ᠴᠤ ᠠᠯᠲᠠᠨ ᠲᠣᠭᠤᠰᠬ᠎ᠠ ᠤᠯᠤᠰ ᠤᠳ ᠤᠨ ᠭᠡᠬᠦ ᠡᠨᠡ ᠬᠦ ᠢᠳᠡᠪᠬᠢᠲᠡᠢ᠂ | ᠲᠣᠭᠲᠠᠭᠤᠨ᠂ ᠰᠠᠶᠢᠨ ᠰᠠᠶᠢᠬᠠᠨ ᠬᠦᠴᠦᠨ ᠴᠥᠮ ᠥᠷᠨᠢᠭᠦᠨ ᠬᠥᠭᠵᠢᠬᠦ ᠪᠣᠯᠣᠨ᠎ᠠ᠃ ᠪᠢᠳᠡ ᠠᠯᠲᠠᠨ ᠲᠣᠭᠤᠰᠬ᠎ᠠ | ᠤᠯᠤᠰ ᠤᠳ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ︽ᠠᠯᠲᠠᠨ ᠲᠣᠭᠤᠰᠬ᠎ᠠ ᠤᠯᠤᠰ ᠤᠳ +︾ ᠵᠠᠭᠪᠤᠷ ᠢ ᠥᠷᠭᠡᠳᠬᠡᠵᠦ᠂ ᠭᠡᠰᠢᠭᠦᠨ ᠢᠶᠠᠨ | ᠥᠷᠭᠡᠳᠬᠡᠬᠦ ᠠᠬᠢᠴᠠ ᠶᠢ ᠢᠳᠡᠪᠬᠢᠲᠡᠢ ᠠᠬᠢᠭᠤᠯᠵᠤ᠂ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ | ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠡᠯᠡᠬᠡᠢ ᠶᠢᠨ ᠣᠯᠠᠨ ᠲᠤᠶᠢᠯᠰᠢᠷᠠᠯᠲᠠ ᠪᠠ ᠣᠯᠠᠨ ᠤᠯᠤᠰ ᠤᠨ ᠬᠠᠷᠢᠯᠴᠠᠭ᠎ᠠ ᠶᠢᠨ | ᠠᠷᠳᠴᠢᠯᠠᠯᠲᠠ ᠶᠢ ᠠᠬᠢᠭᠤᠯᠵᠤ᠂ ᠣᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ | ᠴᠢᠭᠯᠡᠯ ᠲᠡᠶᠢᠰᠢ ᠬᠥᠭᠵᠢᠬᠦ ᠶᠢ ᠠᠬᠢᠭᠤᠯᠤᠶ᠎ᠠ᠃ 20 ᠤᠯᠤᠰ ᠶᠠᠭ ᠠᠯᠲᠠᠨ ᠲᠣᠭᠤᠰᠬ᠎ᠠ ᠤᠯᠤᠰ ᠤᠳ ᠤᠨ ᠶᠡᠭᠡ | ᠭᠡᠷ ᠪᠦᠯᠢ ᠳᠤ ᠣᠷᠤᠯᠴᠠᠬᠤ ᠳᠤ ᠰᠠᠨᠠᠭᠠᠴᠢᠯᠠᠵᠤ ᠪᠣᠢ᠂ ᠳᠤᠮᠳᠠᠳᠤ ᠤᠯᠤᠰ ᠣᠯᠠᠨ ᠤ ᠠᠯᠲᠠᠨ ᠲᠣᠭᠤᠰᠬ᠎ᠠ | ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠳᠤ ᠣᠷᠣᠯᠴᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ | ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ | ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃ ᠬᠥᠭᠵᠢᠵᠦ ᠪᠠᠶᠢᠭ᠎ᠠ ᠤᠯᠤᠰ᠂ ︽ᠪᠥᠬᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ︾ ᠤᠨ ᠪᠦᠷᠢᠯᠳᠦᠬᠦᠨ ᠪᠣᠯᠣᠭᠰᠠᠨ ᠤ ᠬᠤᠪᠢ ᠳᠤ ᠳᠤᠮᠳᠠᠳᠤ ᠤᠯᠤᠰ | ᠢᠮᠠᠭᠲᠠ ᠪᠤᠰᠤᠳ ᠬᠥᠭᠵᠢᠵᠦ ᠪᠠᠶᠢᠭ᠎ᠠ ᠤᠯᠤᠰ ᠤᠳ ᠲᠠᠢ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ | ᠬᠠᠮᠲᠤᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ | ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠥᠬᠦ | ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠬᠡᠯᠡᠬᠦ ᠡᠷᠬᠡ ᠶᠢ ᠨᠡᠮᠡᠭᠳᠡᠭᠦᠯᠬᠦ ᠶᠢ | ᠠᠬᠢᠭᠤᠯᠤᠨ᠎ᠠ᠃ ᠳᠤᠮᠳᠠᠳᠤ ᠤᠯᠤᠰ ᠲᠤ ᠡᠵᠡᠷᠬᠡᠭᠴᠢ ᠪᠣᠯᠬᠤ ᠤᠳᠤᠮᠰᠢᠯ ᠪᠠᠶᠢᠬᠤ ᠦᠭᠡᠢ᠂ ᠲᠣᠮᠣ ᠤᠯᠤᠰ ᠤᠨ | ᠦᠵᠡᠯᠴᠡᠭᠡᠨ ᠤ ᠬᠥᠭᠰᠡᠩᠭᠦᠢ ᠪᠣᠳᠣᠯ ᠦᠭᠡᠢ᠂ ᠲᠡᠦᠬᠡ ᠶᠢᠨ ᠵᠥᠪ ᠲᠠᠯ᠎ᠠ ᠳᠤ ᠡᠷᠡᠰ ᠵᠣᠭᠰᠣᠵᠤ᠂ ︽ᠲᠥᠷᠥ ᠶᠢᠨ | ᠡᠷᠬᠡ ᠶᠢ ᠲᠦᠮᠡᠨ ᠤ ᠪᠣᠯᠭᠠᠬᠤ ᠠᠨᠤ ᠲᠡᠭᠷᠢ ᠶᠢᠨ ᠶᠣᠰᠣᠨ ᠪᠣᠯᠠᠢ︾ ᠶᠢ ᠡᠷᠡᠰ ᠬᠡᠷᠡᠭᠵᠢᠭᠦᠯᠦᠨ᠎ᠡ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠳᠤᠮᠳᠠᠳᠤ ᠤᠯᠤᠰ ᠤᠨ ᠠᠷᠠᠳ ᠲᠦᠮᠡᠨ ᠶᠠᠭ ᠳᠤᠮᠳᠠᠳᠤ ᠤᠯᠤᠰ ᠤᠨ ᠡᠪ | ᠬᠠᠮᠲᠤ ᠨᠠᠮ ᠤᠨ ᠳᠠᠭᠠᠭᠤᠯᠭ᠎ᠠ ᠳᠣᠣᠷ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠳᠤᠮᠳᠠᠳᠤ | ᠤᠯᠤᠰ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠠᠶᠢᠭᠤᠯᠤᠯ ᠤᠨ ᠳᠠᠪᠠᠭᠤᠯᠢᠭ᠂ ᠬᠡᠳᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮ ᠤᠨ ᠢᠵᠢ | ᠪᠦᠷᠢᠳᠦᠭᠰᠡᠨ ᠪᠦᠷᠢᠨ ᠪᠦᠲᠦᠨ ᠬᠠᠩᠭᠠᠯᠭ᠎ᠠ ᠶᠢᠨ ᠳᠠᠪᠠᠭᠤᠯᠢᠭ᠂ ᠶᠡᠭᠡ ᠬᠡᠮᠵᠢᠶᠡᠨ ᠤ ᠥᠨᠳᠥᠷ ᠬᠡᠪ ᠴᠢᠨᠠᠷ ᠪᠦᠬᠦᠢ | ᠬᠥᠳᠡᠯᠮᠦᠷᠢᠴᠢᠨ ᠪᠠ ᠠᠵᠤ ᠠᠬᠤᠶᠢᠯᠠᠯᠲᠠᠨ ᠤ ᠴᠢᠳᠠᠪᠤᠷᠢᠲᠠᠨ ᠤ ᠳᠠᠪᠠᠭᠤᠯᠢᠭ ᠲᠠᠢ ᠶᠤᠮ᠃ ᠳᠤᠮᠳᠠᠳᠤ ᠤᠯᠤᠰ ᠤᠨ | ᠠᠵᠤ ᠠᠬᠤᠢ ᠶᠢᠨ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ | ᠲᠡᠭᠦᠯᠳᠡᠷ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠃ ᠳᠤᠮᠳᠠᠳᠤ | ᠤᠯᠤᠰ ᠢᠮᠠᠭᠲᠠ ᠳᠡᠯᠡᠬᠡᠢ ᠶᠢᠨ ᠬᠥᠭᠵᠢᠯᠲᠡ ᠶᠢᠨ ᠴᠢᠬᠤᠯᠠ ᠠᠵᠠ ᠲᠣᠬᠢᠶᠠᠯ ᠪᠣᠯᠵᠤ᠂ ᠥᠨᠳᠥᠷ ᠲᠦᠪᠰᠢᠨ | ᠪᠦᠬᠦᠢ ᠨᠡᠭᠡᠭᠡᠯᠲᠡ ᠶᠢ ᠡᠷᠡᠰ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ | ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠵᠤ᠂ ᠪᠥᠬᠦ ᠪᠥᠮᠪᠥᠷᠴᠡᠭ ᠲᠤ | ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠤᠨ᠎ᠠ᠃ | ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ ᠪᠠᠷ ᠣᠳᠣᠬᠢᠴᠢᠯᠠᠯᠲᠠ ᠳᠤ | ᠣᠷᠣᠬᠤ ᠶᠢ ᠳᠠᠭᠠᠯᠳᠤᠨ᠂ ᠳᠤᠮᠳᠠᠳᠤ ᠤᠯᠤᠰ ᠯᠠᠪᠲᠠᠢ ᠳᠡᠯᠡᠬᠡᠢ ᠶᠢᠨ ᠠᠵᠤ ᠠᠬᠤᠢ ᠳᠤ ᠨᠡᠩ ᠶᠡᠭᠡ ᠬᠤᠪᠢ ᠨᠡᠮᠡᠷᠢ | ᠦᠵᠡᠭᠦᠯᠵᠦ᠂ ᠡᠯ᠎ᠡ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠲᠤ ᠨᠡᠩ ᠶᠡᠭᠡ ᠣᠷᠣᠨ ᠵᠠᠢ ᠬᠠᠩᠭᠠᠬᠤ | ᠪᠣᠯᠣᠨ᠎ᠠ ᠭᠡᠵᠦ ᠵᠢᠭᠠᠵᠤ ᠭᠠᠷᠭᠠᠪᠠ᠃ | |